ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠭᠤᠤ ᠮᠢᠩ ᠲᠠᠩ ᠤᠷᠳᠤᠰ ᠬᠤᠳᠠ ᠵᠢᠨ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠴᠢᠨᠠᠷ ᠰᠠᠶ᠋ᠢᠲᠠᠢ ᠬᠥᠭᠵᠢᠯᠲᠡ ᠵᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2024-04-11

  4 ᠳ᠋ᠤᠭᠡᠷ ᠰᠠᠷ᠎ᠠ ᠵᠢᠨ 8᠎ᠤ ᠡᠳᠦᠷ᠎ᠠᠴᠠ 9᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠭᠤᠤ ᠮᠢᠩ ᠲᠠᠩ ᠣᠷᠳᠣᠰ ᠬᠤᠲᠠ᠎ᠳᠤ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠴᠢᠨᠠᠷ ᠰᠠᠶ᠋ᠢᠲᠠᠶ ᠬᠥᠭᠵᠢᠯᠲᠡ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃

   ᠳᠠᠯᠠᠳ ᠬᠤᠰᠢᠭᠤ᠂ ᠬᠠᠩᠭᠢᠨ ᠬᠤᠰᠢᠭᠤ ᠪᠣᠯᠤᠨ ᠣᠲᠤᠭ ᠬᠤᠰᠢᠭᠤᠨ᠎ᠳᠤ ᠬᠦᠷᠴᠦ᠂ ᠭᠤᠤ ᠮᠢᠩ ᠲᠠᠩ ᠢᠨᠵᠧᠨᠧᠷᠢᠩ᠎ᠤᠨ ᠲᠤᠬᠠᠶ ᠵᠢᠨ ᠲᠠᠯᠠᠪᠠᠶ ᠵᠢ ᠪᠠᠶ᠋ᠢᠴᠠᠭ᠋ᠠᠨ ᠦᠵᠡᠵᠦ᠂ ᠦᠨᠳᠦᠰᠦᠨ ᠱᠠᠲᠤᠨ᠎ᠤ ᠠᠵᠢᠯᠲᠠᠳ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠤᠰᠤᠨ᠎ᠤ ᠰᠤᠷᠪᠤᠯᠵᠢ᠂ ᠤᠰᠤᠨ᠎ᠤ ᠦᠢ᠍ᠯᠡᠳᠪᠦᠷᠢ᠂ ᠬᠤᠭᠤᠯᠠᠶ ᠵᠢᠨ ᠲᠣᠤᠷ ᠵᠢᠴᠢ ᠤᠰᠤᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠲᠣᠰᠬᠤᠨ᠎ᠤ ᠠᠷᠠᠳ᠎ᠤᠨ ᠬᠡᠷ᠎ᠲᠤ ᠣᠷᠣᠵᠤ ᠤᠰᠤ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠨᠠᠷᠢᠨ ᠪᠠᠶ᠋ᠢᠴᠠᠭ᠋ᠠᠨ ᠦᠵᠡᠵᠦ᠂ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠯᠠᠪᠯᠠᠨ ᠠᠰᠠᠭᠤᠪᠠ᠃

   ᠲᠡᠷᠡ ᠵᠢᠭ᠋ᠠᠵᠤ ᠭᠠᠷᠭ᠋ᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠬᠥᠳᠡᠭᠡ ᠲᠣᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠲᠤᠬᠠᠶ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠦᠳᠡᠭᠡ ᠲᠤᠰᠬᠤᠨ ᠮᠠᠯᠵᠢᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠬᠤ ᠪᠣᠯ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠬᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠴᠢᠬᠤᠯᠠ ᠪᠡᠯᠭᠡ ᠲᠡᠮᠳᠡᠭ ᠮᠥᠨ ᠭᠡᠳᠡᠭ᠎ᠢ ᠭᠦᠨᠵᠡᠭᠡᠶ ᠲᠠᠨᠢᠵᠤ᠂ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠴᠢᠨᠠᠷ ᠰᠠᠶ᠋ᠢᠲᠠᠶ ᠬᠥᠭᠵᠢᠯᠲᠡ ᠵᠢᠨ ᠲᠥᠯᠥᠪᠵᠢᠭᠦᠯᠭᠡ ᠵᠢ ᠲᠦᠷᠭᠡᠨ ᠨᠠᠶ᠋ᠢᠷᠠᠭᠤᠯᠤᠨ ᠵᠣᠬᠢᠶᠠᠵᠤ ᠳᠠᠭᠤᠰᠬᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠶᠠᠪᠤᠴᠠ᠎ᠳᠤ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠨᠠᠩ ᠰᠠᠶ᠋ᠢᠲᠤᠷ ᠪᠥᠲᠥᠭᠡᠨ ᠪᠠᠶ᠋ᠢᠭᠤᠯᠬᠤ᠎ᠳᠤ ᠤᠰᠤᠨ᠎ᠤ ᠠᠮᠤᠷ ᠲᠦᠪᠰᠢᠨ᠎ᠤ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠡᠢ᠃

   ᠲᠡᠷᠡ ᠱᠠᠭ᠋ᠠᠷᠳᠠᠭᠰᠠᠨ᠎ᠨᠢ᠂ 《ᠤᠰᠤ ᠵᠢ᠎ᠨᠢ ᠤᠤᠭᠤᠪᠠᠯ ᠡᠬᠢ ᠵᠢ᠎ᠨᠢ ᠪᠤᠳᠤᠬᠤ᠂ ᠨᠠᠮ᠎ᠤᠨ ᠠᠴᠢ ᠎ᠳᠤ ᠲᠠᠯᠠᠷᠬᠠᠬᠤ》 ᠣᠶ᠋ᠢᠯᠠᠭ᠋ᠠᠭᠳᠠᠬᠤᠨ᠎ᠢ ᠪᠦᠬᠦ ᠲᠠᠯ᠎ᠠ᠎ᠪᠠᠷ ᠭᠦᠨᠵᠡᠭᠡᠢ ᠪᠥᠭᠡᠳ ᠪᠣᠳᠠᠲᠠᠢ᠎ᠪᠠᠷ ᠬᠦᠳᠡᠭᠡ ᠲᠤᠰᠬᠤᠨ ᠮᠠᠯᠵᠢᠬᠤ ᠤᠷᠤᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠠᠵᠢᠯ᠎ᠳᠤ ᠲᠤᠭᠤᠰᠢᠯᠠᠭᠤᠯᠵᠤ᠂ ᠪᠦᠯᠬᠦᠮᠳᠡᠨ ᠲᠡᠮᠡᠴᠡᠬᠦ ᠨᠡᠶ᠋ᠢᠯᠡᠮᠡᠯ ᠬᠦᠴᠦᠨ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠨ᠎ᠡ ᠱᠠᠲᠤ ᠦᠶ᠎ᠡ ᠵᠢᠨ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃  ᠣᠳᠣᠬᠠᠨ᠎ᠤ ᠪᠠ ᠠᠯᠤᠰ ᠬᠡᠲᠦ ᠵᠢᠨ᠂ ᠭᠤᠤᠯᠳᠠᠯᠭ᠎ᠠ ᠪᠠ ᠡᠩ᠎ᠤᠨ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠵᠥᠪ ᠵᠶ᠋ᠠᠷ ᠰᠠᠶ᠋ᠢᠲᠤᠷ ᠰᠢᠢ᠍ᠳᠪᠦᠷᠢᠯᠡᠵᠦ᠂ ᠬᠤᠰᠢᠭᠤ ᠰᠢᠶᠠᠨ᠎ᠤ ᠱᠠᠲᠤᠨ᠎ᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠰᠠᠶ᠋ᠢᠲᠤᠷ ᠬᠢᠵᠦ᠂ ᠡᠯ᠎ᠡ ᠠᠷᠭ᠎ᠠ ᠵᠠᠮ᠎ᠤᠨ ᠪᠠᠯᠠ ᠮᠥᠩᠭᠦ᠎ᠪᠠᠷ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠵᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠡᠭᠦᠷᠭᠡ ᠵᠢ ᠴᠢᠨᠠᠷ ᠰᠠᠶ᠋ᠢᠲᠠᠶ᠂ ᠥᠨᠳᠥᠷ ᠬᠢᠷᠢ ᠬᠡᠮᠵᠢᠶ᠎ᠡ᠎ᠲᠠᠢ᠂ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠬᠦ ᠬᠡᠷᠡᠭᠲᠡᠶ᠃   《3+1》 ᠪᠠᠷᠢᠮᠵᠢᠶᠠᠵᠢᠭᠤᠯᠤᠨ ᠪᠦᠲᠦᠭᠡᠨ ᠪᠠᠶ᠋ᠢᠭᠤᠯᠬᠤ ᠪᠠ ᠬᠠᠮᠢᠶᠠᠷᠴᠤ ᠬᠠᠮᠠᠭ᠋ᠠᠯᠠᠬᠤ ᠵᠠᠭᠪᠤᠷ᠎ᠢ ᠶᠡᠬᠡᠪᠡᠷ ᠬᠡᠷᠡᠭᠵᠢᠭᠦᠯᠵᠦ᠂ ᠡᠩ᠎ᠤᠨ ᠪᠠ ᠪᠠᠴᠢᠮ ᠪᠠᠶ᠋ᠢᠳᠠᠯ᠎ᠢ ᠬᠤᠶᠠᠷ᠎ᠢ ᠬᠡᠷᠡᠭᠯᠡᠬᠦ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠪᠠᠲᠤᠯᠠᠭ᠎ᠠ ᠵᠢᠨ ᠰᠢᠰᠲ᠋ᠧᠮᠵᠢ ᠵᠢ ᠰᠦᠪᠡᠭᠴᠢᠯᠡᠨ ᠪᠠᠶ᠋ᠢᠭᠤᠯᠵᠤ᠂ ᠤᠰᠤ ᠬᠠᠩᠭ᠋ᠠᠬᠤ ᠠᠰᠠᠭᠤᠳᠠᠯ᠎ᠢ ᠲᠦᠷᠭᠡᠨ ᠢᠯᠡᠷᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠣᠭᠲᠠᠴᠠ ᠵᠢ ᠪᠦᠷᠢᠨᠰᠢᠭᠦᠯᠦᠨ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠰᠢᠢ᠍ᠳᠪᠦᠷᠢᠯᠡᠵᠦ᠂ ᠬᠥᠳᠡᠯᠦᠩᠭᠦᠶ᠎ᠪᠠᠷ ᠦᠭᠡᠶ᠋ᠢᠰᠬᠡᠬᠦ ᠵᠢ ᠦᠨᠡᠨᠬᠦ ᠪᠠᠲᠤᠯᠠᠬᠤ ᠬᠡᠷᠡᠭᠲᠡᠶ᠃ 《ᠭᠤᠷᠪᠠᠨ ᠠᠷᠪᠠ》 ᠵᠢ ᠡᠭᠦᠳᠦᠨ ᠪᠠᠶ᠋ᠢᠭᠤᠯᠬᠤ ᠵᠢ ᠲᠦᠷᠭᠡᠳᠬᠡᠨ ᠠᠬᠢᠭᠤᠯᠵᠤ᠂ ᠣᠷᠳᠣᠰ ᠬᠤᠲᠠ ᠵᠢ ᠪᠥᠬᠦ ᠬᠤᠲᠠ᠎ᠳᠤ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭ᠋ᠠᠬᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠣᠬᠢᠶᠠᠨ ᠪᠠᠶ᠋ᠢᠭᠤᠯᠤᠯᠲᠠ ᠵᠢᠨ ᠠᠷᠭ᠎ᠠ ᠬᠡᠯᠪᠡᠷᠢ᠂ ᠬᠥᠭᠵᠢᠯᠲᠡ ᠵᠢᠨ ᠵᠠᠭᠪᠤᠷ ᠪᠠ ᠴᠢᠬᠤᠯᠠ ᠡᠯᠧᠮᠧᠨ᠋ᠲ᠎ᠤᠨ ᠠᠷᠭ᠎ᠠ ᠵᠠᠮ᠎ᠢ ᠢᠳᠡᠪᠬᠢᠲᠡᠶ ᠬᠠᠶ᠋ᠢᠨ ᠰᠦᠪᠡᠭᠴᠢᠯᠡᠵᠦ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠂ ᠨᠡᠶ᠋ᠢᠲᠡᠯᠢᠭ ᠵᠢᠱ᠌ᠢᠶ᠎ᠡ ᠵᠢᠨ ᠦᠢ᠍ᠯᠡᠳᠦᠯ᠎ᠢ ᠪᠠᠳᠠᠷᠠᠭᠤᠯᠵᠤ᠂ ᠵᠢᠱ᠌ᠢᠶ᠎ᠡ ᠦᠵᠡᠭᠦᠯᠬᠦ ᠵᠠᠭᠪᠤᠷ᠎ᠢ ᠪᠣᠶ ᠪᠣᠯᠭ᠋ᠠᠵᠤ ᠪᠥᠬᠦ ᠣᠷᠣᠨ᠎ᠳᠤ ᠳᠡᠯᠭᠡᠷᠡᠭᠦᠯᠬᠦ ᠬᠡᠷᠡᠭᠲᠡᠶ᠃

   ᠤᠰᠤᠨ ᠠᠰᠢᠭᠯᠠᠯᠲᠠ ᠵᠢᠨ ᠲᠢᠩᠬᠢᠮ᠎ᠤᠨ ᠬᠤᠯᠪᠣᠭᠳᠠᠯ ᠪᠥᠬᠦᠶ ᠭᠠᠵᠠᠷ ᠠᠯᠪᠠᠨ ᠬᠡᠷ᠂ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠨᠥᠬᠦᠳ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠷᠢᠮᠵᠢᠶᠠᠵᠢᠭᠤᠯᠤᠯᠲᠠ᠂ ᠣᠳᠣᠬᠢᠴᠢᠯᠠᠯᠲᠠ ᠵᠢ ᠠᠬᠢᠭᠤᠯᠬᠤ ᠬᠤᠷᠠᠯ ᠬᠤᠷᠠᠯᠳᠤᠭᠤᠯᠪᠠ
ᠬᠤᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠤᠷᠪᠠᠳᠤᠭ᠋ᠠᠷ ᠪᠦᠯᠦᠭ᠎ᠤᠨ ᠬᠢᠨᠠᠨ ᠪᠠᠶ᠋ᠢᠴᠠᠭ᠋ᠠᠯᠲᠠ ᠡᠬᠢᠯᠡᠪᠡ
ᠱᠧᠩ ᠰᠢᠶᠣᠣ ᠶᠢᠥ ᠬᠠᠲᠤᠨ ᠭᠤᠣᠯ᠎ᠤᠨ ᠬᠠᠶ᠋ᠢᠷᠤᠪ᠎ᠤᠨ ᠲᠣᠬᠤᠢ ᠵᠢᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠴᠥᠭᠦᠷᠥᠮ᠎ᠤᠨ ᠣᠷᠣᠨ᠎ᠤ ᠨᠦᠯᠦᠮᠡᠯ᠎ᠢ ᠪᠠᠭ᠋ᠠᠰᠬᠠᠨ ᠪᠠᠭᠲᠠᠭ᠋ᠠᠮᠵᠢ ᠵᠢ ᠶᠡᠬᠡᠰᠬᠡᠵᠤ ᠡᠯᠡᠰᠦ ᠵᠢ ᠪᠠᠭ᠋ᠠᠰᠬᠠᠨ ᠤᠰᠤ ᠰᠤᠯᠢᠬᠤ ᠲᠤᠷᠰᠢᠯᠲᠠ ᠵᠢᠨ ᠴᠡᠭ᠎ᠤᠨ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ
ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠴᠧᠨ ᠮᠢᠨ ᠪᠠᠷᠠᠭᠤᠨ ᠯᠢᠶᠣᠤ ᠾᠧ ᠭᠤᠤᠯ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ
 
            