《ᠨᠢᠳᠤᠨᠤᠨ ᠪᠥᠬᠦ ᠣᠷᠣᠨ᠎ᠤ ᠠᠷᠠᠳ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 14.2% ᠵᠶ᠋ᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠦ ᠤᠯᠤᠰ᠎ᠲᠤ ᠨᠢᠭᠡᠳᠦᠭᠡᠷ᠎ᠲᠤ ᠣᠷᠣᠵᠤ᠂ ᠪᠥᠬᠦ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ᠎ᠳᠠᠬᠢ ᠡᠵᠡᠯᠡᠬᠦ ᠬᠠᠷᠢᠴᠠᠯ᠎ᠨᠢ 10 ᠵᠢᠯ ᠳᠠᠷᠠᠭ᠋ᠠᠯᠠᠨ 50% ᠣᠷᠴᠢᠮ ᠪᠠᠶ᠋ᠢᠬᠤ ᠵᠢ ᠪᠠᠲᠤᠯᠠᠵᠤ᠂ 〈ᠬᠠᠭ᠋ᠠᠰ ᠭᠦᠷᠦᠨ〉 ᠵᠢ ᠡᠵᠡᠯᠡᠪᠡ; ᠠᠷᠠᠳ᠎ᠠᠴᠠ ᠡᠵᠡᠩᠨᠡᠭᠰᠡᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠤᠭ᠎ᠠ ᠵᠢᠨ ᠪᠥᠬᠦ ᠣᠷᠣᠨ᠎ᠳᠤ ᠡᠵᠡᠯᠡᠬᠦ ᠬᠤᠪᠢ ᠵᠢᠨ ᠵᠢᠩ᠎ᠨᠢ 85.6%᠎ᠳᠤ ᠬᠦᠷᠴᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠶ ᠲᠤᠭ᠎ᠠ᠎ᠨᠢ ᠪᠥᠬᠦ ᠣᠷᠣᠨ᠎ᠤ ᠨᠡᠮᠡᠭᠳᠡᠯ᠎ᠤᠨ ᠬᠤᠷᠳᠤᠴᠠ᠎ᠠᠴᠠ 30 ᠭᠠᠷᠤᠶ ᠵᠠᠭᠤᠨ᠎ᠤ ᠨᠢᠭᠡᠴᠢ ᠲᠦᠷᠭᠡᠨ ᠪᠣᠯᠵᠤ᠂ ᠭᠠᠶ᠋ᠢᠯᠢ ᠲᠠᠲᠠᠪᠤᠷᠢ ᠵᠢᠨ ᠪᠥᠬᠦ ᠣᠷᠣᠨ᠎ᠤ 54% ᠵᠢ ᠡᠵᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠬᠦᠴᠦᠷᠬᠡᠭ ᠶᠡᠭᠡ ᠲᠤᠯᠭ᠋ᠠᠭᠤᠷᠢᠯᠠᠬᠤ ᠬᠦᠴᠦᠨ ᠬᠠᠩᠭ᠋ᠠᠭᠰᠠᠨ ᠪᠠᠶ᠋ᠢᠨ᠎ᠠ》 ᠭᠡᠵᠡᠶ᠃ 4 ᠳ᠋ᠦ᠍ᠭᠡᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠬᠢᠯᠡᠭᠰᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠦᠩ ᠮᠢᠩ ᠵᠦ᠍ ᠭᠤᠣᠯ ᠰᠡᠳᠦᠪ᠎ᠢ ᠨᠡᠶ᠋ᠢᠲᠡᠯᠡᠬᠦ ᠦᠶ᠎ᠡ᠎ᠳᠤ ᠡᠨᠡ ᠬᠦ᠌ ᠴᠢᠮᠡᠭᠡ ᠵᠢ ᠮᠡᠳᠡᠭᠳᠡᠪᠡ᠃
ᠤᠷᠳᠤ ᠬᠤᠭᠤᠴᠠᠭ᠋ᠠᠨ᠎ᠤ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠠᠵᠢᠯ᠎ᠢ ᠴᠢᠩᠭ᠎ᠠ ᠠᠳᠬᠤᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯᠲᠠᠨ᠎ᠤ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠩᠬᠠᠷᠴᠤ ᠪᠠᠶ᠋ᠢᠭ᠎ᠠ ᠠᠰᠠᠭᠤᠳᠠᠯ᠎ᠲᠠᠢ ᠨᠢᠭᠲᠠ ᠤᠶᠠᠯᠳᠤᠭᠤᠯᠤᠨ᠂ ᠰᠢᠨ᠎ᠡ ᠱᠠᠭ᠋ᠠᠷᠳᠠᠯᠭ᠎ᠠ ᠳᠤᠷᠠᠳᠴᠤ᠂ ᠠᠯᠢ ᠤᠯᠠᠨ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠴᠢᠬᠤᠯᠠ ᠶᠡᠭᠡ ᠰᠢᠪᠲᠤᠯᠤᠯᠲᠠ᠎ᠲᠠᠢ ᠪᠣᠯᠪᠠ᠃ ᠠᠷᠠᠳ᠎ᠠᠴᠠ ᠡᠵᠡᠩᠨᠡᠭᠰᠡᠨ ᠠᠵᠤ ᠠᠬᠤᠶ᠎ᠨᠢ ᠠᠵᠤ ᠠᠬᠤᠶ ᠵᠢᠨ ᠬᠥᠭᠵᠢᠯᠲᠡ ᠵᠢᠨ ᠴᠢᠬᠤᠯᠠ ᠬᠥᠳᠡᠯᠭᠡᠭᠦᠷ ᠪᠣᠯᠬᠤ᠎ᠪᠠᠷ ᠪᠠᠷᠠᠬᠤ ᠥᠬᠡᠶ᠂ ᠪᠠᠰᠠ ᠠᠵᠢᠯ ᠣᠯᠭᠤᠯᠲᠠ ᠵᠢ ᠰᠢᠩᠭᠡᠭᠡᠨ ᠠᠪᠬᠤ ᠴᠢᠬᠤᠯᠠ ᠠᠷᠭ᠎ᠠ ᠵᠠᠮ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠥᠲᠥᠯᠦᠨ ᠳᠠᠭ᠋ᠠᠭᠤᠯᠬᠤ ᠴᠢᠬᠤᠯᠠ ᠬᠦᠴᠦᠨ ᠪᠣᠯᠤᠭᠰᠠᠨ ᠪᠠᠶ᠋ᠢᠨ᠎ᠠ᠃ ᠨᠢᠳᠤᠨᠤᠨ᠂ ᠪᠥᠬᠦ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠭᠤᠤᠯ ᠴᠣᠭᠴᠠ 258.4 ᠲᠦᠮᠡᠨ ᠡᠷᠦᠬᠡ᠎ᠳᠤ ᠬᠦᠷᠴᠦ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠴᠦᠰ᠎ᠠᠴᠠ 46 ᠲᠦᠮᠡᠨ ᠡᠷᠦᠬᠡ ᠵᠢ ᠰᠢᠨ᠎ᠡ᠎ᠪᠠᠷ ᠨᠡᠮᠡᠭᠳᠡᠭᠦᠯᠵᠦ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠳᠣᠲᠣᠷ᠎ᠠ 94.7% ᠵᠢ ᠡᠵᠡᠯᠡᠵᠦ᠂ 90%᠎ᠠᠴᠠ ᠳᠡᠭᠡᠭᠰᠢᠬᠢ ᠬᠤᠲᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠭᠤᠯᠲᠠ ᠵᠢ ᠪᠡᠶᠡᠯᠡᠭᠦᠯᠵᠦ᠂ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠲᠣᠭᠲᠠᠭᠤᠨ ᠵᠶ᠋ᠠᠷ ᠠᠵᠢᠯ ᠤᠯᠬᠤ 《ᠰᠠᠭᠤᠷᠢ ᠴᠢᠯᠠᠭᠤ》 ᠪᠣᠯᠤᠭᠰᠠᠨ ᠪᠠᠶ᠋ᠢᠨ᠎ᠠ᠃ ᠨᠢᠳᠤᠨᠤᠨ᠂ ᠪᠥᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠷᠠᠳ᠎ᠠᠴᠠ ᠡᠵᠡᠩᠨᠡᠭᠰᠡᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠦ ᠪᠠᠷᠢᠮᠵᠢᠶ᠎ᠠ᠎ᠠᠴᠠ 0.9 ᠵᠠᠭᠤᠨ᠎ᠤ ᠨᠢᠭᠡᠴᠢ ᠥᠨᠳᠥᠷ ᠪᠣᠯᠵᠤ᠂ ᠪᠥᠬᠦ ᠣᠷᠣᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠢ 20 ᠪᠣᠶ᠋ᠢᠵᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ 12 ᠪᠣᠯᠪᠠ; 1887 ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠡᠵᠡᠯᠡᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ 85.7% ᠵᠢ ᠡᠵᠡᠯᠡᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠨᠢᠭᠡᠨᠲᠡ ᠥᠪᠡᠷᠲᠡᠭᠡᠨ ᠵᠠᠰᠠᠬᠤ ᠣᠷᠣᠨ᠎ᠤ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠪᠲᠤᠯᠤᠯᠲᠠ ᠵᠢᠨ ᠢᠨᠵᠧᠨᠧᠷᠢᠩ》᠎ᠤᠨ ᠭᠤᠣᠯ ᠬᠦᠴᠦᠨ ᠪᠣᠯᠤᠭᠰᠠᠨ ᠪᠠᠶ᠋ᠢᠨ᠎ᠠ᠃
ᠬᠡᠳᠦᠶ᠋ᠢᠪᠡᠷ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠶ ᠲᠦᠷᠭᠡᠨ ᠬᠥᠭᠵᠢᠵᠦ ᠪᠠᠶ᠋ᠢᠭ᠎ᠠ ᠪᠣᠯᠪᠠᠴᠤ ᠮᠥᠨ ᠬᠦ᠌ ᠵᠠᠷᠢᠮ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶ᠋ᠢᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠨᠠᠩ ᠰᠠᠶ᠋ᠢᠲᠤᠷ ᠰᠢᠢ᠍ᠳᠪᠦᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠴᠠᠭ᠎ᠢ ᠦᠵᠡᠨ ᠪᠠᠶ᠋ᠢᠳᠠᠯ᠎ᠢ ᠰᠢᠨᠵᠢᠵᠦ᠂ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠪᠥᠬᠦ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠠᠵᠢᠯ᠎ᠢ ᠠᠬᠢᠭᠤᠯᠬᠤ ᠪᠠᠶ᠋ᠢᠭᠤᠯᠤᠯ ᠲᠣᠭᠲᠠᠴᠠ᠎ᠳᠤ ᠰᠢᠰᠲ᠋ᠧᠮᠲᠦ ᠴᠢᠨᠠᠷᠲᠠᠶ ᠰᠢᠯᠢᠳᠡᠭᠵᠢᠭᠦᠯᠦᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠭᠤᠤᠯ ᠤᠳᠤᠷᠢᠳᠤᠯᠭ᠎ᠠ᠎ᠠᠴᠠ ᠡᠷᠬᠢᠯᠡᠭᠴᠢ ᠵᠢᠨ ᠲᠤᠰᠢᠶᠠᠯ᠎ᠢ ᠡᠭᠦᠷᠭᠡᠯᠡᠭᠰᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢᠨ ᠵᠥᠪᠯᠡᠯ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶ᠎ᠠ ᠪᠠ ᠭᠤᠣᠯᠳᠠᠯᠭ᠎ᠠ᠎ᠲᠠᠢ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠨᠠᠮ᠎ᠤᠨ ᠬᠤᠷᠢᠶ᠎ᠠ ᠵᠢ ᠪᠠᠶ᠋ᠢᠭᠤᠯᠪᠠ᠃ ᠣᠳᠣᠬᠠᠨ᠎ᠳᠤ᠂ ᠰᠢᠨ᠎ᠡ ᠪᠠᠶ᠋ᠢᠭᠤᠯᠤᠮᠵᠢ ᠵᠢᠨ ᠡᠯ᠎ᠡ ᠵᠦᠢ᠍ᠯ᠎ᠤᠨ ᠠᠵᠢᠯ᠎ᠢ ᠨᠢᠭᠡᠨᠲᠡ ᠪᠦᠬᠦ ᠲᠠᠯ᠎ᠠ᠎ᠪᠠᠷ ᠬᠡᠷᠡᠭᠵᠢᠭᠦᠯᠵᠦ᠂ ᠭᠤᠣᠯᠳᠠᠯᠭ᠎ᠠ᠎ᠲᠠᠢ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠨᠡᠷᠡᠰ᠎ᠢ ᠤᠳᠠᠯ ᠦᠭᠡᠢ ᠨᠡᠶ᠋ᠢᠲᠡᠯᠡᠬᠦ ᠭᠡᠵᠦ ᠪᠠᠶ᠋ᠢᠨ᠎ᠠ᠃
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ᠎ᠬᠢᠨ ᠠᠵᠤ ᠠᠬᠤᠶ᠋ᠢᠯᠠᠯ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠨ ᠪᠤᠵᠠᠭ᠋ᠠᠢ᠍ᠢ᠍ᠷᠠᠬᠤ ᠵᠢ ᠪᠦᠬᠦ ᠬᠦᠴᠦᠨ ᠵᠶ᠋ᠠᠷ ᠵᠶ᠋ᠠᠨ ᠳᠡᠮᠵᠢᠵᠦ᠂ ᠬᠥᠭᠵᠢᠯᠲᠡ ᠵᠢᠨ ᠣᠷᠴᠢᠨ ᠲᠣᠭᠤᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠳᠤᠮᠳᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠨᠡᠩ ᠶᠡᠭᠡ ᠬᠥᠭᠵᠢᠯᠲᠡ ᠵᠢᠨ ᠣᠷᠣᠨ ᠵᠠᠢ ᠵᠢ ᠥᠭᠴᠦ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠳᠤᠮᠳᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠨᠡᠩ ᠲᠣᠭᠲᠠᠭᠤᠨ ᠵᠢᠱ᠌ᠢᠯᠲᠡ ᠵᠢ ᠥᠭᠴᠦ᠂ ᠤᠨᠢᠨ ᠳᠡᠭᠡᠷ᠎ᠡ᠎ᠨᠢ ᠦᠢ᠍ᠯᠡᠴᠢᠯᠡᠬᠦ ᠵᠢ ᠴᠢᠩᠭ᠋ᠠᠳᠬᠠᠬᠤ ᠳᠤᠮᠳᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠨᠡᠩ ᠴᠢᠩᠭ᠎ᠠ ᠬᠦᠷᠲᠡᠮᠵᠢ ᠵᠢᠨ ᠲᠦᠷᠦᠭᠳᠡᠯ᠂ ᠳᠡᠮᠵᠢᠯᠭᠡ ᠵᠢᠨ ᠣᠪᠣᠷ᠎ᠢ ᠢᠯᠡᠷᠡᠭᠦᠯᠵᠦ᠂ ᠦᠢ᠍ᠯᠡᠴᠢᠯᠡᠭᠡᠨ᠎ᠤ ᠬᠠᠲᠠᠭᠤ ᠠᠷᠭ᠎ᠠ ᠵᠢ ᠠᠪᠴᠤ᠂ ᠠᠮᠠᠯᠠᠯᠲᠠ᠎ᠪᠠᠨ ᠪᠡᠶᠡᠯᠡᠭᠦᠯᠵᠦ᠂ ᠠᠵᠤ ᠠᠬᠤᠶ᠋ᠢᠯᠠᠯ᠎ᠳᠤ ᠪᠣᠳᠠᠲᠠᠢ ᠠᠰᠢᠭ ᠬᠦᠷᠲᠡᠭᠡᠵᠦ᠂ ᠰᠠᠭᠤᠷᠢ ᠮᠥᠩᠭᠦ ᠵᠢ ᠨᠡᠮᠡᠭᠳᠡᠭᠦᠯᠦᠨ᠎ᠡ᠃
ᠦᠢ᠍ᠯᠡᠴᠢᠯᠡᠭᠡ᠎ᠳᠤ ᠨᠡᠩ ᠬᠠᠶ᠋ᠢᠷ᠎ᠠ ᠰᠡᠳᠬᠢᠯᠭᠡ᠎ᠲᠠᠢ ᠪᠠᠶ᠋ᠢᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠦᠨᠡᠨ ᠪᠣᠳᠠᠲᠠᠢ᠎ᠪᠠᠷ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ᠃ 《ᠦᠢ᠍ᠯᠡᠴᠢᠯᠡᠭᠡ ᠵᠢ ᠳᠡᠭᠡᠳᠦᠯᠡᠬᠦ》 ᠣᠶ᠋ᠢᠯᠠᠭ᠋ᠠᠭᠳᠠᠬᠤᠨ᠎ᠢ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠠᠵᠤ ᠠᠬᠤᠶ᠋ᠢᠯᠠᠯ᠎ᠳᠤ ᠦᠢ᠍ᠯᠡᠴᠢᠯᠡᠬᠦ ᠡᠯ᠎ᠡ ᠵᠦᠢ᠍ᠯ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠲᠠᠢ ᠳᠣᠲᠣᠨᠣᠰᠤᠭ ᠵᠶ᠋ᠠᠷ ᠬᠠᠷᠢᠯᠴᠠᠵᠤ᠂ ᠢᠯᠡᠭᠦᠬᠡᠨ ᠰᠣᠯᠢᠯᠴᠠᠵᠤ᠂ ᠦᠨᠡᠨ ᠬᠦ᠌ ᠠᠵᠤ ᠠᠬᠤᠶ᠋ᠢᠯᠠᠯ᠎ᠤᠨ ᠬᠥᠭᠵᠢᠯᠲᠡ ᠵᠢᠨ ᠠᠶᠠᠯᠠᠯ᠎ᠢ ᠬᠠᠮᠠᠭ᠋ᠠᠯᠠᠭᠴᠢ᠂ ᠥᠷᠭᠡᠨ ᠳᠡᠯᠭᠡᠷ ᠡᠬᠢ ᠪᠠᠶᠠᠯᠢᠭ᠎ᠢ ᠬᠤᠯᠪᠣᠭᠴᠢ ᠪᠠ ᠦᠢ᠍ᠯᠡᠴᠢᠯᠡᠭᠡ ᠵᠢ ᠪᠠᠲᠤᠯᠠᠬᠤ ᠳᠣᠲᠣᠨᠣ ᠬᠥᠮᠦᠨ ᠪᠣᠯᠬᠤ ᠬᠡᠷᠡᠭᠲᠡᠢ᠃ ᠢᠯᠠᠩᠭᠤᠶ᠎ᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠢᠵᠠᠭ᠋ᠠᠷᠯᠠᠯ ᠬᠡᠲᠦᠷᠬᠡᠢ ᠠᠷᠪᠢᠨ᠂ ᠤᠴᠢᠷ ᠶᠠᠪᠤᠳᠠᠯ ᠪᠦᠲᠦᠭᠡᠬᠦ᠎ᠳᠤ ᠬᠦᠴᠢᠷ᠂ ᠪᠡᠯᠡ ᠬᠤᠷᠠᠮᠳᠤᠭᠤᠯᠬᠤ᠎ᠳᠤ ᠬᠦᠴᠢᠷ᠂ ᠵᠠᠰᠠᠭ᠎ᠤᠨ ᠣᠷᠳᠣᠨ᠎ᠤ ᠢᠲᠡᠭᠡᠯ ᠠᠯᠳᠠᠬᠤ᠂ ᠦᠷᠢᠳᠦᠭᠰᠡᠨ ᠵᠤᠭᠤᠰ ᠵᠡᠷᠭᠡ ᠠᠯᠢ ᠣᠯᠠᠨ ᠠᠩᠬᠠᠷᠤᠯ ᠲᠠᠯᠪᠢᠵᠤ ᠪᠠᠶ᠋ᠢᠭ᠎ᠠ ᠪᠠ ᠬᠦᠰᠡᠯ ᠱᠠᠭ᠋ᠠᠷᠳᠠᠯᠭ᠎ᠠ᠎ᠳᠤ ᠴᠢᠭᠯᠡᠭᠦᠯᠦᠨ᠂ ᠬᠦᠯᠢᠴᠡᠩᠭᠦᠶ᠎ᠪᠠᠷ ᠰᠣᠨᠣᠰᠴᠤ᠂ ᠶᠠᠮᠠᠷ ᠶᠠᠮᠠᠷ ᠬᠦᠴᠢᠷᠳᠡᠯ ᠪᠠ ᠰᠠᠨᠠᠭ᠋ᠠᠰᠢᠷᠠᠯ ᠪᠠᠶ᠋ᠢᠪᠠᠯ ᠳᠠᠷᠤᠶ ᠦᠨᠡᠨ ᠬᠦ᠌ ᠰᠢᠢ᠍ᠳᠪᠦᠷᠢᠯᠡᠵᠦ᠂ ᠨᠠᠩ ᠴᠤ᠌ ᠣᠮᠤᠭ ᠲᠡᠭᠦᠯᠳᠡᠷ ᠵᠶ᠋ᠠᠷ ᠲᠦᠰᠢᠭ ᠲᠤᠯᠭ᠋ᠠᠭᠤᠷᠢ ᠪᠣᠯᠭ᠋ᠠᠬᠤ ᠬᠡᠷᠡᠭᠲᠡᠶ᠃ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠨ ᠠᠵᠤ ᠠᠬᠤᠶ᠋ᠢᠯᠠᠯ᠎ᠳᠤ ᠶᠣᠰᠣᠷᠬᠠᠭᠯᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠬᠠᠶ᠋ᠢᠷ᠎ᠠ ᠬᠠᠯᠠᠮᠵᠢ ᠵᠢᠨ ᠦᠢ᠍ᠯᠡᠴᠢᠯᠡᠭᠡ ᠬᠠᠩᠭ᠋ᠠᠵᠤ᠂ ᠠᠵᠤ ᠠᠬᠤᠶ᠋ᠢᠯᠠᠯᠲᠠᠨ᠎ᠤ ᠢᠷᠠᠭᠤ ᠠᠯᠳᠠᠷᠲᠤ ᠰᠡᠳᠬᠢᠯᠭᠡ ᠪᠣᠯᠤᠨ ᠨᠡᠶ᠋ᠢᠭᠡᠮ᠎ᠤᠨ ᠦᠷᠳᠡᠭ᠎ᠤᠨ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠪᠣᠯᠤᠨ᠎ᠠ᠃
ᠨᠡᠩ ᠡᠷᠴᠢᠮ᠎ᠲᠠᠢ ᠪᠠᠶ᠋ᠢᠵᠤ᠂ ᠠᠷᠭ᠎ᠠ ᠪᠦᠬᠦᠨ᠎ᠢ ᠰᠦᠪᠡᠭᠴᠢᠯᠡᠨ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ᠎ᠳᠤ ᠨᠡᠩ ᠶᠡᠭᠡ ᠣᠷᠣᠨ ᠵᠠᠢ ᠨᠡᠭᠡᠭᠡᠨ ᠥᠭᠬᠦ ᠵᠢ ᠳᠡᠮᠵᠢᠬᠦ ᠬᠡᠷᠡᠭᠲᠡᠢ᠃ ᠦᠪᠡᠷᠳᠡᠭᠡᠨ ᠵᠠᠰᠠᠬᠤ ᠣᠷᠣᠨ᠎ᠤ ᠬᠦᠭᠵᠢᠬᠦᠯᠥᠯᠳᠡ ᠪᠠ ᠦᠭᠡᠷᠡᠴᠢᠯᠡᠯᠳᠡ ᠵᠢᠨ ᠵᠦᠪᠯᠡᠯ᠎ᠨᠢ ᠵᠤᠬᠢᠨ᠋ᠡᠥ ᠭᠡᠮᠵᠢᠶ᠎ᠠ᠎ᠪᠠᠷ ᠣᠷᠢᠳᠴᠢᠯᠬᠠᠥ᠂ ᠪᠤᠳᠠᠳᠣ ᠠᠵᠢᠯᠯᠠᠭ᠎ᠠ ᠵᠢ ᠡᠷᠬᠢᠮᠯᠡᠬᠦ ᠵᠠᠷᠴᠢᠮ᠎ᠢ ᠪᠡᠷᠢᠮᠳᠡᠯᠡᠵᠦ᠂ 《ᠦᠪᠡᠷᠳᠡᠭᠡᠨ ᠵᠠᠰᠠᠬᠤ ᠣᠷᠣᠨ᠎ᠤ ᠠᠷᠡᠳ᠎ᠠᠴᠠ ᠡᠵᠡᠩᠨᠡᠭᠰᠡᠨ ᠠᠵᠦ ᠠᠬᠤᠢ ᠵᠢᠨ ᠬᠦᠭᠵᠢᠯᠳᠡ ᠵᠢ ᠠᠬᠢᠭᠤᠯᠬᠤ ᠳᠥᠷᠢᠮ》᠎ᠢ ᠳᠦᠷᠭᠡᠳᠭᠡᠨ ᠲᠤᠭᠲᠠᠭ᠋ᠠᠵᠤ᠂ ᠡᠭᠦᠨ᠎ᠤ ᠬᠠᠮᠲᠤ ᠴᠢᠨᠠᠷ ᠰᠠᠶ᠋ᠢᠲᠠᠶ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠤᠯᠤᠰ᠎ᠤᠨ ᠲᠥᠷᠥ ᠵᠢᠨ ᠪᠣᠳᠣᠯᠭ᠎ᠠ ᠵᠢᠨ ᠬᠠᠨᠳᠤᠰᠢ ᠵᠢ ᠨᠢᠭᠡᠳᠦᠯᠲᠡᠶ ᠲᠥᠯᠥᠪᠯᠡᠭᠰᠡᠨ ᠤᠷᠢᠲᠠᠯ ᠳᠣᠤᠷ᠎ᠠ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯᠲᠠᠨ᠎ᠤ ᠰᠠᠨᠠᠯ᠎ᠢ ᠢᠳᠡᠪᠬᠢᠲᠡᠶ᠎ᠪᠠᠷ ᠴᠢᠷᠮᠠᠶ᠋ᠢᠨ ᠣᠯᠵᠤ᠂ ᠰᠢᠪᠲᠤᠯᠤᠯᠲᠠ ᠵᠢᠨ ᠴᠢᠨᠠᠷᠲᠠᠶ᠂ ᠬᠡᠪ᠎ᠤᠨ ᠪᠤᠰᠤ ᠠᠷᠭ᠎ᠠ ᠬᠡᠮᠵᠢᠶ᠎ᠡ ᠵᠢ ᠲᠤᠭ ᠲᠡᠮᠳᠡᠭ ᠲᠣᠳᠣᠷᠬᠠᠶ ᠳᠤᠷᠠᠳᠤᠨ ᠭᠠᠷᠭ᠋ᠠᠵᠤ᠂ ᠠᠵᠤ ᠠᠬᠤᠶ᠋ᠢᠯᠠᠯ᠎ᠢ ᠦᠨᠡᠨ ᠬᠦ᠌ ᠣᠮᠳᠠ ᠳᠠᠷᠤᠬᠤ ᠮᠡᠲᠤ ᠰᠠᠨᠠᠭᠳᠠᠭᠤᠯᠵᠤ᠂ ᠲᠤᠰᠠᠲᠠᠶ ᠪᠣᠯᠭ᠋ᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠯᠲᠡ᠎ᠳᠤ ᠨᠠᠩ ᠣᠯᠠᠨ ᠠᠵᠠ ᠲᠣᠬᠢᠶᠠᠯ ᠣᠯᠭᠤᠵᠤ᠂ ᠨᠠᠩ ᠥᠷᠭᠡᠨ ᠠᠭᠤᠳᠠᠮ ᠲᠠᠪᠴᠠᠩ᠎ᠢ ᠪᠠᠶ᠋ᠢᠭᠤᠯᠵᠤ ᠥᠭᠭᠦᠭᠰᠡᠨ ᠪᠠᠶ᠋ᠢᠨ᠎ᠠ᠃
ᠤᠴᠢᠷ ᠶᠠᠪᠤᠳᠠᠯ ᠰᠢᠢ᠍ᠳᠪᠦᠷᠢᠯᠡᠬᠦ᠎ᠳᠤ ᠨᠡᠩ ᠦᠷ᠎ᠡ ᠪᠦᠲᠦᠮᠵᠢ᠎ᠲᠠᠢ ᠪᠠᠶ᠋ᠢᠵᠤ᠂ ᠪᠦᠬᠦ ᠨᠡᠶ᠋ᠢᠭᠡᠮ᠎ᠳᠤ ᠬᠤᠳᠠᠯᠳᠤᠭ᠎ᠠ ᠵᠢ ᠬᠦᠨᠳᠦᠳᠬᠡᠨ ᠬᠤᠳᠠᠯᠳᠤᠭ᠎ᠠ ᠵᠢ ᠴᠢᠬᠤᠯᠠᠴᠢᠯᠠᠵᠤ ᠬᠤᠳᠠᠯᠳᠤᠭ᠎ᠠ ᠵᠢ ᠠᠮᠤᠷᠵᠢᠭᠤᠯᠬᠤ ᠬᠤᠳᠠᠯᠳᠤᠭ᠋ᠠᠴᠢᠨ᠎ᠢ ᠳᠣᠲᠣᠨᠣᠴᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢᠨ ᠵᠥᠪᠯᠡᠯ ᠪᠣᠯᠤᠨ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠪᠦᠷᠢᠯᠳᠦᠬᠦᠨ ᠨᠢᠭᠡᠴᠢ ᠵᠢᠨ ᠠᠵᠤ ᠠᠬᠤᠶ᠋ᠢᠯᠠᠯ᠎ᠳᠤ ᠬᠤᠯᠪᠣᠭᠳᠠᠬᠤ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠬᠦ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠤᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ ᠡᠷᠴᠢᠮ ᠵᠶ᠋ᠠᠨ ᠴᠢᠩᠭ᠋ᠠᠷᠠᠭᠤᠯᠵᠤ᠂ 《ᠵᠥᠪᠰᠢᠶᠡᠷᠡᠨ ᠣᠷᠣᠭᠤᠯᠬᠤ᠎ᠳᠤ ᠬᠦᠴᠢᠷ》 ᠪᠠᠶ᠋ᠢᠳᠠᠯ᠎ᠢ ᠠᠷᠢᠯᠭ᠋ᠠᠭᠰᠠᠨ ᠰᠠᠭᠤᠷᠢᠨ ᠳᠡᠭᠡᠷ᠎ᠡ 《ᠡᠵᠡᠩᠨᠡᠯᠲᠡ ᠵᠢ᠎ᠨᠢ ᠵᠥᠪᠰᠢᠶᠡᠷᠡᠬᠦ᠎ᠳᠤ ᠬᠦᠴᠢᠷ》 ᠪᠠᠶ᠋ᠢᠳᠠᠯ᠎ᠢ ᠤᠯᠠᠮ ᠨᠢᠭᠡ ᠠᠯᠬᠤᠮ ᠰᠢᠢ᠍ᠳᠪᠦᠷᠢᠯᠡᠵᠦ᠂ ᠪᠦᠬᠦ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠠᠵᠢᠯ ᠪᠣᠯᠤᠨ ᠭᠤᠣᠯᠳᠠᠯᠭ᠎ᠠ᠎ᠲᠠᠢ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠡᠭᠦᠨ᠎ᠤ ᠬᠠᠮᠲᠤ᠂ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠦᠨᠡᠯᠡᠨ ᠬᠢᠨᠠᠬᠤ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠭᠦᠢ᠍ᠴᠡᠳᠬᠡᠯ ᠲᠤᠭ᠎ᠠ ᠵᠢᠨ ᠰᠢᠰᠲ᠋ᠧᠮ᠎ᠢ ᠪᠠᠶ᠋ᠢᠭᠤᠯᠤᠨ᠂ ᠪᠥᠬᠦ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠪᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠦᠢ᠍ᠯᠡᠴᠢᠯᠡᠬᠦ ᠬᠢᠷᠢ ᠲᠦᠪᠰᠢᠨ᠎ᠢ ᠬᠡᠮᠵᠢᠶᠡᠵᠢᠭᠦᠯᠦᠨ ᠦᠨᠡᠯᠡᠨ ᠬᠢᠨᠠᠵᠤ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠢᠭᠡᠳ ᠨᠢᠭᠡ᠎ᠪᠠᠷ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠵᠤ᠂ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ ᠵᠢ ᠨᠢᠭᠡᠳ ᠨᠢᠭᠡ᠎ᠪᠠᠷ ᠰᠢᠢ᠍ᠳᠪᠦᠷᠢᠯᠡᠵᠦ᠂ ᠠᠵᠤ ᠠᠬᠤᠶ᠋ᠢᠯᠠᠯᠲᠠᠨᠢ ᠰᠡᠳᠬᠢᠯ ᠠᠮᠤᠷ᠂ ᠰᠠᠨᠠᠭ᠎ᠠ ᠠᠮᠤᠷ᠂ ᠲᠠᠭ᠋ᠠᠯᠠᠮᠵᠢᠲᠠᠶ ᠪᠣᠯᠭ᠋ᠠᠨ᠎ᠠ᠃