ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠲᠢᠩᠬᠢᠮ ᠪᠦᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠷᠢᠮᠵᠢᠶᠠᠵᠢᠭᠤᠯᠤᠯᠲᠠ᠂ ᠣᠳᠣᠬᠢᠴᠢᠯᠠᠯᠲᠠ ᠵᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-04-12

  4 ᠳ᠋ᠤᠭᠡᠷ ᠰᠠᠷ᠎ᠠ ᠵᠢᠨ 8᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ ᠪᠥᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠷᠢᠮᠵᠢᠶᠠᠵᠢᠭᠤᠯᠤᠯᠲᠠ᠂ ᠣᠳᠣᠬᠢᠴᠢᠯᠠᠯᠲᠠ ᠵᠢ ᠠᠬᠢᠭᠤᠯᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠪᠠ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠪᠥᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠪᠠ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ 2023 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠳ᠋ᠦᠩᠨᠡᠵᠦ᠂ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠪᠠ ᠡᠭᠦᠷᠭᠡ ᠵᠢ ᠵᠠᠳᠠᠯᠵᠤ᠂ 2024 ᠣᠨ᠎ᠤ ᠭᠤᠤᠯᠳᠠᠯᠭ᠎ᠠ᠎ᠲᠠᠢ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠷᠢᠮᠵᠢᠶᠠᠵᠢᠭᠤᠯᠤᠯᠲᠠ᠂ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ 《ᠬᠠᠮᠲᠤ᠎ᠪᠠᠷ ᠵᠠᠰᠠᠵᠤ ᠬᠠᠮᠲᠤ᠎ᠪᠠᠷ ᠬᠠᠮᠢᠶᠠᠷᠴᠤ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ》 ᠰᠠᠶ᠋ᠢᠨ ᠰᠠᠶ᠋ᠢᠬᠠᠨ ᠪᠠᠶ᠋ᠢᠷᠢᠰᠢᠯ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠦᠷᠭᠦᠯᠵᠢᠯᠡᠨ ᠠᠵᠢᠯᠯᠠᠬᠤ ᠵᠢ ᠦᠨᠡᠨᠬᠦ ᠪᠠᠲᠤᠯᠠᠪᠠ᠃ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠫᠧᠩ ᠶᠠ ᠯᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


现代化推进会议1.jpg


   ᠫᠧᠩ ᠶᠠ ᠯᠢ 2023 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠪᠠ᠃ ᠲᠡᠷᠡ ᠵᠢᠭ᠋ᠠᠵᠤ ᠭᠠᠷᠭ᠋ᠠᠭᠰᠠᠨ᠎ᠨᠢ᠂ 2023᠎ᠤᠨ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ ᠵᠢᠨ ᠵᠢᠯ ᠪᠣᠯᠣᠨ᠎ᠠ᠂ ᠮᠥᠨᠴᠦ ᠮᠠᠨ᠎ᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠃  ᠨᠢᠭᠡ ᠵᠢᠯ᠎ᠤᠨ ᠲᠤᠷᠰᠢ᠂ ᠮᠠᠨ᠎ᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ᠎ᠤ ᠪᠠᠶ᠋ᠢᠳᠠᠯ ᠦᠷᠭᠦᠯᠵᠢᠯᠡᠨ ᠰᠠᠶ᠋ᠢᠵᠢᠷᠠᠵᠤ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠷᠢ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠵᠦ᠂ ᠤᠰᠤᠨ ᠴᠥᠭᠦᠷᠥᠮ᠎ᠤᠨ ᠠᠶᠤᠯ᠎ᠢ ᠠᠷᠢᠯᠭ᠋ᠠᠨ ᠪᠠᠬᠢᠵᠢᠭᠦᠯᠬᠦ ᠪᠠ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠠᠵᠢᠯ᠎ᠤᠨ ᠠᠮᠵᠢᠯᠲᠠ ᠲᠣᠪᠣᠶ᠋ᠢᠮ᠎ᠠ ᠪᠠᠶ᠋ᠢᠵᠤ᠂ ᠪᠦᠬᠦ ᠣᠷᠣᠨ᠎ᠤ ᠤᠰᠤᠨ ᠴᠥᠭᠦᠷᠥᠮ᠎ᠳᠤ ᠬᠠᠰᠢᠯᠭ᠎ᠠ ᠨᠤᠷᠠᠭᠰᠠᠨ ᠦᠭᠡᠢ᠂ ᠬᠠᠰᠢᠯᠭ᠎ᠠ ᠵᠢ ᠨᠢᠭᠡ ᠴᠦ᠍ ᠰᠡᠲᠡᠯᠦᠭᠡ ᠦᠭᠡᠢ ᠪᠣᠯᠭ᠋ᠠᠵᠤ᠂ ᠥᠨᠳᠥᠷ ᠬᠢᠷᠢ ᠲᠦᠪᠰᠢᠨ ᠪᠦᠬᠦᠢ ᠤᠰᠤᠨ᠎ᠤ ᠠᠮᠤᠷ ᠲᠦᠪᠰᠢᠨ ᠵᠶ᠋ᠠᠷ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠠᠲᠤᠯᠠᠬᠤ᠎ᠳᠤ ᠰᠠᠶ᠋ᠢᠨ ᠰᠠᠶ᠋ᠢᠬᠠᠨ ᠰᠠᠭᠤᠷᠢ ᠵᠢ ᠲᠠᠯᠪᠢᠭᠰᠠᠨ ᠪᠠᠶ᠋ᠢᠨ᠎ᠠ᠃

   ᠫᠧᠩ ᠶᠠ ᠯᠢ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ᠂ ᠤᠯᠤᠰ᠎ᠤᠨ ᠠᠮᠤᠷ ᠲᠦᠪᠰᠢᠨ ᠪᠣᠯ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠦᠨᠳᠦᠰᠦ ᠰᠠᠭᠤᠷᠢ ᠮᠥᠨ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ ᠪᠣᠯ ᠤᠯᠤᠰ ᠣᠷᠣᠨ᠎ᠤ ᠬᠦᠴᠦᠷᠬᠡᠭᠵᠢᠯ᠎ᠤᠨ ᠤᠷᠢᠲᠠᠯ ᠮᠥᠨ᠃ ᠤᠰᠤᠨ ᠴᠥᠭᠥᠷᠥᠮ᠂ ᠳᠠᠯᠠᠩ ᠵᠡᠷᠭᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠦᠶᠡᠷ᠎ᠢ ᠠᠮᠤᠷ ᠲᠦᠪᠰᠢᠨ ᠥᠩᠭᠡᠷᠡᠭᠦᠯᠬᠦ ᠠᠵᠢᠯ᠎ᠢ ᠰᠠᠶ᠋ᠢᠲᠤᠷ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ᠎ᠨᠢ ᠤᠯᠤᠰ᠎ᠤᠨ ᠠᠮᠤᠷ ᠲᠦᠪᠰᠢᠨ ᠪᠣᠯᠤᠨ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠎ᠳᠤ ᠲᠤᠶ᠋ᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠲᠠᠢ ᠶᠦᠮ᠃

   ᠫᠧᠩ ᠶᠠ ᠯᠢ ᠴᠢᠬᠤᠯᠠᠴᠢᠯᠠᠭᠰᠠᠨ᠎ᠨᠢ᠂ 2024᠎ᠤᠨ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠢ᠂ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠠᠷᠢᠶ᠎ᠠ ᠲᠠᠯᠪᠢᠭᠰᠠᠨ 10 ᠵᠢᠯ᠎ᠤᠨ ᠣᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠵᠢᠯ ᠪᠣᠯᠤᠨ᠎ᠠ᠃  ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ᠎ᠤᠳ 2024 ᠣᠨ᠎ᠤ ᠪᠥᠬᠦ ᠤᠯᠤᠰ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠤᠨ ᠬᠤᠷᠠᠯ ᠪᠠ ᠪᠥᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠤᠰᠤᠨ ᠴᠥᠭᠦᠷᠥᠮ᠂ ᠬᠠᠰᠢᠯᠭ᠎ᠠ᠂ ᠤᠰᠤᠨ ᠬᠠᠭ᠋ᠠᠯᠲᠠ ᠵᠡᠷᠭᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠪᠥᠬᠦ ᠲᠠᠯ᠎ᠠ᠎ᠪᠠᠷ ᠰᠠᠶ᠋ᠢᠲᠤᠷ ᠬᠢᠵᠦ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠰᠢᠨ᠎ᠡ ᠡᠭᠦᠷᠭᠡ ᠵᠢ ᠦᠨᠡᠨ ᠬᠦ᠌ ᠡᠭᠦᠷᠭᠡᠯᠡᠬᠦ ᠬᠡᠷᠡᠭᠲᠡᠶ᠃ 《ᠳᠥᠷᠪᠡᠨ ᠥᠬᠡᠶ》 ᠬᠠᠷᠠᠯᠲᠠ ᠵᠢ ᠲᠣᠭᠲᠠᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠨ᠎ᠠ; ᠤᠰᠤᠨ ᠴᠥᠭᠦᠷᠥᠮ᠎ᠤᠨ ᠠᠶᠤᠯ᠎ᠢ ᠠᠷᠢᠯᠭ᠋ᠠᠨ ᠪᠠᠬᠢᠵᠢᠭᠦᠯᠬᠦ ᠵᠢ ᠬᠦᠴᠦᠲᠡᠶ ᠠᠬᠢᠭᠤᠯᠵᠤ᠂ ᠤᠰᠤᠨ ᠴᠥᠭᠦᠷᠥᠮ᠎ᠤᠨ ᠠᠮᠤᠷ ᠲᠦᠪᠰᠢᠨ᠎ᠤ ᠪᠠᠶ᠋ᠢᠳᠠᠯ᠎ᠢ ᠲᠦᠷᠭᠡᠳᠬᠡᠨ ᠰᠠᠶ᠋ᠢᠵᠢᠷᠠᠭᠤᠯᠤᠨ᠎ᠠ; ᠣᠳᠣᠬᠢᠴᠢᠯᠠᠭᠰᠠᠨ ᠤᠰᠤᠨ ᠴᠥᠭᠦᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠵᠢᠭᠰᠠᠭ᠋ᠠᠯ᠎ᠢ ᠲᠦᠷᠭᠡᠳᠬᠡᠨ ᠪᠠᠶ᠋ᠢᠭᠤᠯᠵᠤ᠂ ᠤᠰᠤᠨ ᠴᠥᠭᠦᠷᠥᠮ᠎ᠤᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ; ᠲᠤᠭ᠎ᠠ᠎ᠪᠠᠷ ᠡᠨᠧᠷᠭᠢ ᠣᠯᠭᠤᠬᠤ ᠵᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ; ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠮᠵᠢᠶᠠᠵᠢᠭᠰᠠᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ; ᠪᠠᠶ᠋ᠢᠭᠤᠯᠤᠯ ᠲᠣᠭᠲᠠᠴᠠ ᠵᠢᠨ ᠬᠠᠤᠯᠢ᠎ᠪᠠᠷ ᠵᠠᠰᠠᠬᠤ ᠵᠢ ᠲᠡᠭᠦᠯᠳᠡᠷᠵᠢᠭᠦᠯᠵᠦ᠂ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ; ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠬᠡᠷᠡᠭᠲᠡᠢ᠃

   ᠬᠥᠬᠡᠬᠤᠲᠠ᠂ ᠪᠤᠭᠤᠲᠤ ᠬᠤᠳᠠ᠂ ᠤᠯᠠᠭ᠋ᠠᠨᠬᠠᠳᠠ ᠬᠤᠳᠠ᠂ ᠬᠥᠯᠥᠨ ᠪᠤᠶ᠋ᠢᠷ ᠬᠤᠳᠠ ᠪᠣᠯᠤᠨ ᠤᠷᠳᠤᠰ ᠬᠤᠳᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠤᠪᠴᠢᠶ᠎ᠠ ᠵᠢᠴᠢ ᠰᠠᠨ ᠱᠧᠩ ᠬᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ ᠬᠤᠷᠠᠯ ᠳᠡᠭᠡᠷ᠎ᠡ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃ ᠤᠰᠤᠨ ᠠᠰᠢᠭᠯᠠᠯᠲᠠ ᠵᠢᠨ ᠲᠢᠩᠬᠢᠮ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠭᠠᠵᠠᠷ᠂ ᠲᠢᠩᠬᠢᠮ᠎ᠤᠨ ᠬᠠᠷᠢᠶ᠎ᠠ ᠬᠠᠮᠢᠶ᠎ᠠ ᠪᠥᠬᠦᠶ ᠨᠢᠭᠡᠴᠢ ᠵᠢᠨ ᠬᠠᠷᠢᠭᠤᠴᠠᠯᠭ᠋ᠠᠲᠠᠨ ᠨᠥᠬᠦᠳ᠂ ᠡᠯ᠎ᠡ ᠠᠶ᠋ᠢᠮᠠᠭ ᠬᠤᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ ᠵᠢᠴᠢ ᠠᠵᠢᠯᠯᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠮᠢᠶ᠎ᠠ ᠪᠥᠬᠦᠶ ᠨᠥᠬᠦᠳ ᠬᠤᠷᠠᠯ᠎ᠳᠤ ᠣᠷᠣᠯᠴᠠᠵᠠᠶ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠬᠤᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠤᠷᠪᠠᠳᠤᠭ᠋ᠠᠷ ᠪᠦᠯᠦᠭ᠎ᠤᠨ ᠬᠢᠨᠠᠨ ᠪᠠᠶ᠋ᠢᠴᠠᠭ᠋ᠠᠯᠲᠠ ᠡᠬᠢᠯᠡᠪᠡ
ᠱᠧᠩ ᠰᠢᠶᠣᠣ ᠶᠢᠥ ᠬᠠᠲᠤᠨ ᠭᠤᠣᠯ᠎ᠤᠨ ᠬᠠᠶ᠋ᠢᠷᠤᠪ᠎ᠤᠨ ᠲᠣᠬᠤᠢ ᠵᠢᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠴᠥᠭᠦᠷᠥᠮ᠎ᠤᠨ ᠣᠷᠣᠨ᠎ᠤ ᠨᠦᠯᠦᠮᠡᠯ᠎ᠢ ᠪᠠᠭ᠋ᠠᠰᠬᠠᠨ ᠪᠠᠭᠲᠠᠭ᠋ᠠᠮᠵᠢ ᠵᠢ ᠶᠡᠬᠡᠰᠬᠡᠵᠤ ᠡᠯᠡᠰᠦ ᠵᠢ ᠪᠠᠭ᠋ᠠᠰᠬᠠᠨ ᠤᠰᠤ ᠰᠤᠯᠢᠬᠤ ᠲᠤᠷᠰᠢᠯᠲᠠ ᠵᠢᠨ ᠴᠡᠭ᠎ᠤᠨ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ
ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠴᠧᠨ ᠮᠢᠨ ᠪᠠᠷᠠᠭᠤᠨ ᠯᠢᠶᠣᠤ ᠾᠧ ᠭᠤᠤᠯ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠵᠢᠴᠢ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠨ ᠪᠠᠶ᠋ᠢᠷᠢᠯᠠᠭᠤᠯᠬᠤ ᠬᠤᠷᠠᠯ ᠬᠤᠷᠠᠯᠳᠤᠭᠤᠯᠪᠠ
 
            