4 ᠳ᠋ᠦ᠍ᠭᠡᠷ ᠰᠠᠷ᠎ᠠ ᠵᠢᠨ 12᠎ᠤᠨ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠪᠦᠯᠬᠦᠮ ᠳᠠᠭ᠋ᠠᠭᠤᠯᠤᠨ ᠦᠬᠠᠶ ᠬᠤᠲᠠ᠎ᠳᠤ ᠬᠦᠷᠴᠦ ᠬᠠᠲᠤᠨ ᠭᠤᠤᠯ᠎ᠤᠨ ᠬᠠᠶ᠋ᠢᠷᠤᠪ᠎ᠤᠨ ᠲᠣᠬᠤᠢ ᠵᠢᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠴᠥᠭᠦᠷᠥᠮ᠎ᠤᠨ ᠣᠷᠣᠨ᠎ᠤ ᠨᠦᠯᠦᠮᠡᠯ᠎ᠢ ᠪᠠᠭ᠋ᠠᠰᠬᠠᠨ ᠪᠠᠭᠲᠠᠭ᠋ᠠᠮᠵᠢ ᠵᠢ ᠶᠡᠬᠡᠰᠬᠡᠵᠤ ᠡᠯᠡᠰᠦ ᠵᠢ ᠪᠠᠭ᠋ᠠᠰᠬᠠᠨ ᠤᠰᠤ ᠰᠤᠯᠢᠬᠤ ᠲᠤᠷᠰᠢᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠴᠤ᠂ ᠶᠠᠷᠢᠯᠴᠠᠬᠤ ᠬᠤᠷᠠᠯ ᠬᠤᠷᠠᠯᠳᠤᠭᠤᠯᠵᠤ ᠲᠤᠷᠰᠢᠯᠲᠠ ᠵᠢᠨ ᠲᠥᠰᠦᠯ᠎ᠢ ᠰᠣᠯᠢᠯᠴᠠᠨ ᠶᠠᠷᠢᠯᠴᠠᠭᠰᠠᠨ ᠪᠥᠭᠡᠳ ᠬᠠᠶ᠋ᠢᠷᠤᠪ᠎ᠤᠨ ᠲᠣᠬᠤᠢ ᠵᠢᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠬᠤ ᠵᠢᠴᠢ ᠨᠦᠯᠦᠮᠡᠯ᠎ᠢ ᠪᠠᠭ᠋ᠠᠰᠬᠠᠨ ᠪᠠᠭᠲᠠᠭ᠋ᠠᠮᠵᠢ ᠵᠢ ᠶᠡᠬᠡᠰᠬᠡᠵᠤ ᠡᠯᠡᠰᠦ ᠵᠢ ᠪᠠᠭ᠋ᠠᠰᠬᠠᠨ ᠤᠰᠤ ᠰᠤᠯᠢᠬᠤ ᠲᠤᠷᠰᠢᠯᠲᠠ ᠵᠢᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃ ᠦᠬᠠᠢ ᠬᠤᠳᠠ ᠵᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠳᠠ ᠵᠢᠨ ᠳᠠᠷᠤᠭ᠎ᠠ ᠼᠦᠢ ᠵᠢᠩ ᠶᠢᠩ ᠶᠠᠷᠢᠯᠴᠠᠬᠤ ᠬᠤᠷᠠᠯ᠎ᠳᠤ ᠣᠷᠣᠯᠴᠠᠵᠤ᠂ ᠦᠬᠠᠢ ᠬᠤᠳᠠ ᠵᠢᠨ ᠳᠡᠳ᠋ ᠳᠠᠷᠤᠭ᠎ᠠ ᠭᠤᠤ ᠪᠥᠸᠧ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃

ᠱᠧᠩ ᠰᠢᠶᠣᠣ ᠶᠢᠤ ᠨᠠᠷ ᠤᠷᠢᠳ ᠬᠤᠵᠢᠳ ᠦᠬᠠᠢ ᠨᠠᠭᠤᠷ᠎ᠤᠨ ᠪᠠᠷᠠᠭᠤᠨ ᠡᠷᠭᠢ᠂ ᠬᠠᠶ᠋ᠢᠷᠤᠪ᠎ᠤᠨ ᠲᠤᠬᠤᠢ ᠲᠣᠭᠤᠷᠢᠭ᠎ᠤᠨ ᠴᠠᠩ ᠬᠤᠩ ᠭᠧᠦ ᠵᠢᠨ ᠮᠠᠯᠲᠠᠵᠤ ᠬᠥᠨᠳᠡᠶ᠋ᠢᠷᠡᠭᠦᠯᠦᠭᠰᠡᠨ ᠣᠷᠣᠨ᠎ᠳᠤ ᠬᠦᠷᠴᠦ᠂ ᠴᠥᠭᠦᠷᠥᠮ᠎ᠤᠨ ᠣᠷᠣᠨ᠎ᠤ ᠨᠦᠯᠦᠮᠡᠯ᠎ᠤᠨ ᠣᠳᠣᠬᠢ ᠪᠠᠶ᠋ᠢᠳᠠᠯ ᠪᠣᠯᠤᠨ ᠨᠦᠯᠦᠮᠡᠯ ᠰᠢᠪᠠᠷ᠎ᠢ ᠴᠡᠪᠡᠷᠯᠡᠬᠦ ᠵᠢ ᠬᠡᠷᠡᠭᠵᠢᠭᠦᠯᠬᠦ ᠣᠷᠣᠨ ᠪᠦᠰᠡ᠂ ᠨᠦᠯᠦᠮᠡᠯ ᠰᠢᠪᠡᠷ ᠡᠯᠡᠰᠦᠨ᠎ᠤ ᠠᠭᠤᠷᠬᠠᠢ ᠵᠢ ᠰᠡᠷᠭᠦᠭᠡᠨ ᠵᠠᠰᠠᠬᠤ᠎ᠳᠤ ᠬᠡᠷᠡᠭᠯᠡᠬᠦ ᠰᠢᠷᠣᠢ ᠵᠢᠨ ᠣᠷᠣᠨ ᠪᠦᠰᠡ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠵᠤ᠂ ᠨᠦᠯᠦᠮᠡᠯ᠎ᠤᠨ ᠬᠡᠪᠴᠢᠶ᠎ᠡ᠂ ᠡᠯᠡᠰᠦ ᠳᠠᠮᠵᠢᠭᠤᠯᠬᠤ ᠠᠷᠭ᠎ᠠ ᠬᠡᠮᠵᠢᠶ᠎ᠡ᠂ ᠨᠦᠯᠦᠮᠡᠯ ᠰᠢᠪᠠᠷ᠎ᠢ ᠰᠢᠢ᠍ᠳᠪᠦᠷᠢᠯᠡᠬᠦ᠂ ᠨᠦᠯᠦᠮᠡᠯ ᠰᠢᠪᠠᠷ᠎ᠢ ᠴᠡᠪᠡᠷᠯᠡᠬᠦ᠂ ᠠᠵᠤ ᠠᠬᠤᠢ ᠵᠢᠨ ᠥᠪᠡᠷ᠎ᠤᠨ ᠦᠷᠳᠡᠭ᠂ ᠡᠯᠡᠰᠦ ᠰᠢᠪᠠᠷ᠎ᠢ ᠶᠡᠷᠦᠩᠬᠡᠶ᠋ᠢᠯᠡᠨ ᠠᠰᠢᠭᠯᠠᠬᠤ ᠵᠡᠷᠭᠡ ᠡᠯ᠎ᠡ ᠲᠠᠯ᠎ᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃
ᠱᠧᠩ ᠰᠢᠶᠣᠣ ᠶᠢᠤ ᠵᠢᠭ᠋ᠠᠵᠤ ᠭᠠᠷᠭ᠋ᠠᠭᠰᠠᠨ᠎ᠨᠢ᠂ ᠤᠰᠤᠨ ᠠᠰᠢᠭᠯᠠᠯᠲᠠ ᠵᠢᠨ ᠲᠢᠩᠬᠢᠮ ᠪᠣᠯᠤᠨ ᠦᠬᠠᠢ ᠬᠤᠳᠠ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ 《ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠢ ᠵᠢᠨ ᠣᠷᠴᠢᠨ ᠲᠣᠭᠤᠷᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠬᠦᠴᠦᠯᠡᠨ ᠰᠠᠶ᠋ᠢᠲᠤᠷ ᠠᠳᠬᠤᠬᠤ》 ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠬᠠᠳᠤᠨ ᠭᠤᠣᠯ᠎ᠤᠨ ᠬᠠᠶ᠋ᠢᠷᠤᠪ᠎ᠤᠨ ᠲᠤᠬᠤᠢ ᠵᠢᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠴᠥᠭᠦᠷᠥᠮ᠎ᠤᠨ ᠣᠷᠣᠨ᠎ᠤ ᠨᠦᠯᠦᠮᠡᠯ᠎ᠢ ᠪᠠᠭ᠋ᠠᠰᠬᠠᠵᠤ ᠪᠠᠭᠲᠠᠭ᠋ᠠᠮᠵᠢ ᠵᠢ ᠶᠡᠬᠡᠰᠬᠡᠵᠤ ᠡᠯᠡᠰᠦ ᠵᠢ ᠪᠠᠭ᠋ᠠᠰᠬᠠᠨ ᠤᠰᠤ ᠵᠢ ᠰᠣᠯᠢᠬᠤ ᠲᠤᠷᠰᠢᠯᠲᠠ ᠵᠢᠨ ᠠᠵᠢᠯ᠎ᠢ ᠨᠠᠷᠢᠨ ᠬᠢᠨᠠᠮᠠᠭ᠋ᠠᠢ ᠰᠤᠳᠤᠯᠵᠤ᠂ ᠲᠥᠯᠥᠪᠯᠡᠭᠡ᠎ᠲᠠᠢ ᠨᠦᠯᠦᠮᠡᠯ᠎ᠢ ᠴᠡᠪᠡᠷᠯᠡᠬᠦ᠎ᠪᠠᠷ ᠳᠠᠮᠵᠢᠭᠤᠯᠵᠤ᠂ ᠴᠥᠭᠦᠷᠥᠮ᠎ᠤᠨ ᠣᠷᠣᠨ᠎ᠤ ᠡᠷᠬᠢᠨ ᠲᠣᠭᠤᠷᠢᠨ᠎ᠤ ᠠᠮᠢ ᠠᠬᠤᠢ ᠵᠢᠨ ᠣᠷᠴᠢᠨ ᠲᠣᠭᠤᠷᠢᠨ᠎ᠢ ᠰᠠᠶ᠋ᠢᠵᠢᠷᠠᠭᠤᠯᠵᠤ᠂ ᠤᠰᠤᠨ ᠴᠥᠭᠦᠷᠥᠮ᠎ᠤᠨ ᠰᠦᠩ ᠬᠠᠯᠢᠶ᠎ᠠ ᠵᠢ ᠰᠡᠷᠭᠡᠶ᠋ᠢᠯᠡᠬᠦ (ᠦᠶᠡᠷ) ᠵᠢ ᠰᠡᠷᠭᠡᠶ᠋ᠢᠯᠡᠬᠦ ᠪᠠᠭᠲᠠᠭ᠋ᠠᠮᠵᠢ ᠵᠢ ᠠᠯᠬᠤᠮ ᠠᠯᠬᠤᠮ ᠵᠶ᠋ᠠᠷ ᠰᠡᠷᠭᠦᠭᠡᠵᠦ᠂ ᠨᠢᠩ ᠮᠸᠩ ᠭᠤᠣᠯ᠎ᠤᠨ ᠬᠡᠰᠡᠭ᠎ᠤᠨ ᠰᠦᠩ ᠬᠠᠯᠢᠶ᠎ᠠ ᠵᠢ ᠰᠡᠷᠭᠡᠶ᠋ᠢᠯᠡᠬᠦ (ᠦᠶᠡᠷ) ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠴᠥᠭᠦᠷᠥᠮ᠎ᠤᠨ ᠣᠷᠣᠨ᠎ᠤ ᠨᠦᠯᠦᠮᠡᠯ᠎ᠢ ᠪᠠᠭ᠋ᠠᠰᠬᠠᠵᠤ ᠪᠠᠭᠲᠠᠭ᠋ᠠᠮᠵᠢ ᠵᠢ ᠶᠡᠬᠡᠰᠬᠡᠵᠤ ᠡᠯᠡᠰᠦ ᠵᠢ ᠪᠠᠭ᠋ᠠᠰᠬᠠᠵᠤ ᠤᠰᠤ ᠵᠢ ᠰᠣᠯᠢᠬᠤ ᠲᠤᠷᠰᠢᠯᠲᠠ ᠵᠢᠨ ᠢᠨᠵᠧᠨᠧᠷᠢᠩ ᠪᠣᠯ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠲᠤᠮᠤ ᠬᠡᠯᠪᠡᠷᠢ ᠵᠢᠨ ᠴᠥᠭᠦᠷᠥᠮ᠎ᠤᠨ ᠨᠦᠯᠦᠮᠡᠯ᠎ᠢ ᠠᠷᠢᠯᠭ᠋ᠠᠨ ᠪᠠᠭᠲᠠᠭ᠋ᠠᠮᠵᠢ ᠵᠢ ᠶᠡᠬᠡᠰᠬᠡᠬᠦ ᠰᠢᠨ᠎ᠡ ᠠᠷᠭ᠎ᠠ ᠵᠠᠮ᠎ᠢ ᠰᠦᠪᠡᠭᠴᠢᠯᠡᠬᠦ ᠦᠨᠳᠦᠰᠦᠨ ᠬᠡᠷᠡᠭᠴᠡᠭᠡ ᠮᠥᠨ᠂ ᠲᠤᠷᠰᠢᠯᠲᠠ ᠵᠢᠨ ᠴᠡᠭ᠎ᠤᠨ ᠪᠦᠳᠦᠭᠡᠨ ᠪᠠᠶ᠋ᠢᠭᠤᠯᠤᠯᠲᠠ ᠵᠢ ᠬᠦᠴᠦᠲᠡᠢ ᠠᠬᠢᠭᠤᠯᠵᠤ᠂ ᠭᠤᠣᠯᠳᠠᠭᠤ ᠳᠣᠣᠷᠠᠬᠢ ᠲᠦᠷᠪᠡᠨ ᠲᠠᠯ᠎ᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠄ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ᠂ 《ᠬᠠᠲᠤᠨ ᠭᠤᠤᠯ᠎ᠢ ᠬᠠᠮᠠᠭ᠋ᠠᠯᠠᠬᠤ ᠬᠠᠥᠯᠢ》᠂ 《ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢᠴᠢ ᠲᠥᠷᠥ ᠵᠢᠨ ᠶᠠᠪᠤᠳᠠᠯ᠎ᠤᠨ ᠬᠤᠷᠢᠶᠠᠨ᠎ᠤ 《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》 ᠪᠠ ᠤᠰᠤᠨ ᠠᠰᠢᠭᠯᠠᠯᠲᠠ ᠵᠢᠨ ᠶᠠᠮᠤᠨ᠎ᠤ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ᠂ ᠬᠠᠲᠤᠨ ᠭᠤᠤᠯ᠎ᠤᠨ ᠵᠥᠪᠯᠡᠯ᠎ᠤᠨ ᠳᠡᠮᠵᠢᠯᠭᠡ ᠵᠢᠨ ᠲᠥᠰᠦᠯ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠳᠤ ᠴᠥᠮ ᠤᠰᠤᠨ ᠴᠥᠭᠦᠷᠥᠮ᠎ᠤᠨ ᠨᠦᠯᠦᠮᠡᠯ᠎ᠢ ᠠᠷᠢᠯᠭ᠋ᠠᠬᠤ ᠠᠵᠢᠯ᠎ᠢ ᠶᠡᠭᠡ᠎ᠪᠠᠷ ᠳᠡᠮᠵᠢᠵᠦ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠲᠠᠢ ᠨᠢᠭᠲᠠ ᠤᠶᠠᠯᠳᠤᠭᠤᠯᠤᠨ᠂ ᠤᠰᠤᠨ ᠠᠰᠢᠭᠯᠠᠯᠲᠠ ᠵᠢᠨ ᠶᠠᠮᠤᠨ ᠪᠠ ᠬᠠᠲᠤᠨ ᠭᠤᠤᠯ᠎ᠤᠨ ᠵᠥᠪᠯᠡᠯ᠎ᠤᠨ ᠳᠡᠮᠵᠢᠯᠭᠡ ᠵᠢ ᠢᠳᠡᠪᠬᠢᠲᠡᠶ ᠤᠯᠬᠤ ᠬᠡᠷᠡᠭᠲᠡᠶ᠃ ᠬᠤᠶᠠᠷ᠎ᠲᠤ᠂ ᠢᠨᠵᠧᠨᠧᠷᠢᠩ᠎ᠤᠨ ᠲᠠᠯ᠎ᠠ᠎ᠪᠠᠷ᠂ ᠲᠤᠷᠰᠢᠯᠲᠠ ᠵᠢᠨ ᠲᠥᠰᠦᠯ᠎ᠢ ᠤᠯᠠᠮ ᠨᠢᠭᠡ ᠠᠯᠬᠤᠮ ᠨᠠᠷᠢᠯᠢᠭ ᠪᠥᠭᠡᠳ ᠪᠣᠳᠠᠲᠠᠶ᠋ᠢᠵᠢᠭᠤᠯᠵᠤ᠂ ᠠᠵᠢᠯ᠎ᠤᠨ ᠲᠥᠰᠦᠯ᠎ᠤᠨ ᠪᠣᠯᠤᠮᠵᠢᠲᠤ ᠴᠢᠨᠠᠷ᠂ ᠵᠦᠶ ᠶᠣᠰᠣᠴᠢ ᠴᠢᠨᠠᠷ ᠪᠠ ᠬᠡᠷᠡᠭᠯᠡᠭᠡᠨ᠎ᠤ ᠴᠢᠨᠠᠷ᠎ᠢ ᠦᠨᠡᠨ ᠬᠦ᠌ ᠳᠡᠭᠡᠭᠰᠢᠯᠡᠭᠦᠯᠵᠦ᠂ ᠨᠦᠯᠦᠮᠡᠯ᠎ᠢ ᠪᠠᠭ᠋ᠠᠰᠬᠠᠵᠤ ᠪᠠᠭᠲᠠᠭ᠋ᠠᠮᠵᠢ ᠵᠢ ᠶᠡᠬᠡᠰᠬᠡᠬᠦ ᠵᠢ ᠣᠷᠣᠨ ᠬᠤᠪᠢᠶᠠᠨ ᠬᠡᠰᠡᠭ ᠬᠤᠪᠢᠶᠠᠨ ᠠᠬᠢᠭᠤᠯᠵᠤ᠂ ᠥᠪᠡᠷ᠎ᠤᠨ ᠥᠷᠲᠡᠭ ᠬᠢᠭᠡᠳ ᠠᠰᠢᠭ ᠣᠷᠣᠯᠭ᠎ᠠ ᠵᠢᠨ ᠲᠡᠩᠴᠡᠭᠦᠷᠢ ᠵᠢ ᠲᠥᠰᠦᠭᠡᠯᠡᠨ ᠪᠤᠳᠤᠬᠤ ᠵᠢ ᠰᠠᠶ᠋ᠢᠲᠤᠷ ᠬᠢᠬᠦ ᠬᠡᠷᠡᠭᠲᠡᠶ᠃ ᠭᠤᠷᠪᠠ᠎ᠳᠤ᠂ ᠬᠢᠨᠠᠨ ᠵᠥᠪᠰᠢᠶᠡᠷᠡᠬᠦ ᠲᠠᠯ᠎ᠠ᠎ᠪᠠᠷ᠂ ᠰᠠᠭᠤᠷᠢ ᠠᠵᠢᠯ᠎ᠢ ᠪᠥᠬᠦ ᠬᠦᠴᠦᠨ ᠵᠶ᠋ᠠᠷ ᠵᠶ᠋ᠠᠨ ᠬᠠᠮᠵᠢᠯᠴᠠᠨ ᠰᠠᠶ᠋ᠢᠲᠤᠷ ᠬᠢᠵᠦ᠂ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠭᠦᠢ᠍ᠴᠡᠳᠭᠡᠬᠦ ᠵᠢ ᠪᠥᠬᠦ ᠲᠠᠯ᠎ᠠ᠎ᠪᠠᠷ ᠨᠢᠭᠡᠳᠦᠯᠲᠡᠶ ᠲᠥᠯᠥᠪᠯᠡᠨ ᠠᠬᠢᠭᠤᠯᠵᠤ᠂ ᠲᠤᠷᠰᠢᠯᠲᠠ ᠵᠢᠨ ᠢᠨᠵᠧᠨᠧᠷᠢᠩ᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠠᠲᠤᠯᠠᠬᠤ ᠬᠡᠷᠡᠭᠲᠡᠶ᠃ ᠳᠥᠷᠪᠡ᠎ᠳᠤ᠂ ᠦᠨᠡᠯᠡᠨ ᠵᠢᠱ᠌ᠢᠬᠦ ᠲᠠᠯ᠎ᠠ᠎ᠪᠠᠷ᠂ ᠲᠤᠷᠰᠢᠯᠲᠠ ᠵᠢᠨ ᠴᠡᠭ᠎ᠤᠨ ᠢᠨᠵᠧᠨᠧᠷᠢᠩ᠎ᠢ ᠬᠡᠷᠡᠭᠵᠢᠭᠦᠯᠦᠭᠰᠡᠨ ᠦᠷ᠎ᠡ ᠪᠦᠲᠦᠮᠵᠢ᠎ᠳᠤ ᠰᠢᠨᠵᠢᠯᠡᠬᠦ ᠤᠬᠠᠭ᠋ᠠᠨᠴᠢ ᠦᠨᠡᠯᠡᠨ ᠵᠢᠱ᠌ᠢᠯᠲᠡ ᠵᠢ ᠰᠠᠶ᠋ᠢᠲᠤᠷ ᠬᠢᠵᠦ᠂ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠶᠡᠭᠡ ᠬᠠᠰᠢᠯᠭ᠎ᠠ ᠵᠢᠨ ᠠᠮᠤᠷ ᠲᠦᠪᠰᠢᠨ᠎ᠢ ᠪᠠᠲᠤᠯᠠᠵᠤ᠂ 《ᠨᠢᠭᠡ ᠯᠡ ᠳᠡᠭᠡᠷ᠎ᠡ ᠤᠯᠠᠨ᠎ᠢ ᠪᠦᠲᠦᠭᠡᠬᠦ᠂ ᠣᠯᠠᠨ ᠲᠠᠯ᠎ᠠ᠎ᠪᠠᠷ ᠠᠰᠢᠭ ᠭᠥᠷᠳᠡᠬᠦ》 ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠬᠡᠷᠡᠭᠲᠡᠶ ᠭᠡᠵᠡᠢ᠃
ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠢ ᠢᠨᠵᠧᠨᠧᠷ ᠪᠣᠯᠤᠨ ᠬᠤᠯᠪᠣᠭᠳᠠᠯ ᠪᠦᠬᠦᠢ ᠭᠠᠵᠠᠷ ᠠᠯᠪᠠᠨ ᠲᠠᠰᠤᠭ᠎ᠤᠨ ᠬᠠᠷᠢᠭᠤᠴᠠᠯᠭ᠋ᠠᠲᠠᠨ᠂ ᠦᠬᠠᠢ ᠬᠤᠳᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃