ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠴᠧᠨ ᠮᠢᠨ ᠪᠠᠷᠠᠭᠤᠨ ᠯᠢᠶᠣᠤ ᠾᠧ ᠭᠤᠤᠯ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ
ᠨᠡᠶ᠋ᠢᠲᠡᠯᠡᠭᠰᠡᠨ ᠴᠠᠭ᠄ 2024-04-11

  4 ᠳ᠋ᠤᠭᠡᠷ ᠰᠠᠷ᠎ᠠ ᠵᠢᠨ 8᠎ᠤ ᠡᠳᠦᠷ᠎ᠠᠴᠠ 10᠎ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠴᠧᠨ ᠮᠢᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠢ ᠳᠠᠭ᠋ᠠᠭᠤᠯᠤᠨ ᠲᠦᠩᠯᠢᠶᠣᠤ ᠬᠤᠲᠠ᠎ᠳᠤ ᠬᠦᠷᠴᠦ ᠪᠠᠷᠠᠭᠤᠨ ᠯᠢᠶᠣᠤ ᠾᠧ ᠭᠤᠤᠯ᠎ᠤᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠴᠤ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠂ ᠭᠤᠤᠯ᠎ᠤᠨ ᠵᠠᠮ᠎ᠤᠨ ᠣᠳᠣᠬᠢ ᠪᠠᠶ᠋ᠢᠳᠠᠯ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ᠂ ᠪᠠᠷᠠᠭᠤᠨ ᠯᠢᠶᠣᠤ ᠾᠧ ᠭᠤᠤᠯ᠎ᠤᠨ ᠭᠤᠤᠯ ᠤᠷᠤᠰᠬᠠᠯ᠎ᠤᠨ ᠪᠥᠬᠦ ᠱᠤᠭᠤᠮ ᠵᠶ᠋ᠠᠷ ᠤᠷᠤᠰᠬᠠᠯ ᠥᠩᠭᠡᠷᠡᠬᠦ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠬᠦ ᠲᠤᠬᠠᠶ ᠱᠠᠭ᠋ᠠᠷᠳᠠᠯᠭ᠎ᠠ ᠳᠤᠷᠠᠳᠪᠠ᠃  ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠶ᠋ᠢᠴᠢᠨ᠂ ᠤᠰᠤᠨ ᠠᠰᠢᠭᠯᠠᠯᠲᠠ ᠵᠢᠨ ᠶᠠᠮᠤᠨ᠎ᠤ ᠪᠠᠷᠠᠭᠤᠨ ᠯᠢᠶᠣᠤ ᠾᠧ ᠭᠤᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠡᠷᠬᠢᠯᠡᠭᠴᠢ ᠵᠠᠩ ᠶᠠᠨ ᠺᠦᠨ᠂ ᠤᠰᠤᠨ ᠠᠰᠢᠭᠯᠠᠯᠲᠠ ᠵᠢᠨ ᠶᠠᠮᠤᠨ᠎ᠤ ᠤᠰᠤ ᠰᠢᠯᠵᠢᠭᠦᠯᠬᠦ ᠬᠠᠮᠢᠶᠠᠷᠤᠯᠲᠠ ᠵᠢᠨ ᠵᠤᠷᠭ᠋ᠠᠨ᠎ᠤ ᠳᠡᠳ᠋ ᠳᠠᠷᠤᠭ᠎ᠠ ᠸᠠᠩ ᠫᠢᠩ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠵᠤᠷᠭ᠋ᠠᠨ᠎ᠤ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠪᠢ ᠱᠸᠤ ᠬᠠᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠤ᠂ ᠲᠦᠩᠯᠢᠶᠣᠤ ᠬᠤᠲᠠ ᠵᠢᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃


3-水利部副部长陈敏调研指导西辽河水资源调度工作.png


   ᠴᠧᠨ ᠮᠢᠨ ᠨᠡᠷ ᠤᠷᠢᠳ ᠬᠤᠵᠢᠳ ᠪᠠᠷᠠᠭᠤᠨ ᠯᠢᠶᠣᠤ ᠾᠧ ᠲᠦᠩᠯᠢᠶᠣᠤ ᠬᠤᠳᠠ ᠵᠢᠨ ᠲᠣᠭᠤᠷᠢᠭ᠎ᠤᠨ ᠬᠡᠰᠡᠭ᠎ᠠᠴᠠ ᠳᠣᠷᠣᠭᠰᠢᠬᠢ ᠭᠤᠣᠯ᠎ᠤᠨ ᠵᠠᠮ (ᠪᠸᠢ ᠵᠤᠸᠠᠩ ᠲᠣᠰᠬᠤᠨ)᠂ ᠲᠦᠩᠯᠢᠶᠣᠤ ᠵᠢᠨ ᠤᠰᠤᠨ ᠰᠢᠨᠵᠢᠯᠡᠭᠡᠨ᠎ᠤ ᠦᠷᠳᠡᠭᠡ᠂ ᠭᠠᠵᠠᠷ ᠳᠣᠣᠷᠠᠬᠢ ᠤᠰᠤ ᠵᠢ ᠬᠢᠨᠠᠨ ᠬᠡᠮᠵᠢᠵᠦ ᠤᠯᠤᠰ᠎ᠤᠨ ᠡᠵᠡᠮᠳᠡᠬᠦ ᠬᠤᠳᠳᠤᠭ᠂ ᠥᠯᠵᠡᠢ᠌ᠮᠦ᠋ᠷᠡᠨ ᠭᠣᠣᠯ᠎ᠤᠨ ᠤᠰᠤ ᠵᠢ ᠲᠠᠲᠠᠵᠤ ᠮᠤᠷᠤᠢ ᠵᠢᠨ ᠰᠦᠮ᠎ᠡ ᠤᠰᠤᠨ ᠴᠦᠬᠦᠷᠦᠮ᠎ᠳᠤ ᠨᠡᠮᠡᠷᠢᠯᠡᠵᠦ᠂ ᠳᠠᠬᠢᠨ ᠭᠤᠤᠯ ᠬᠤᠲᠠ᠎ᠳᠤ ᠲᠠᠲᠠᠨ ᠤᠷᠤᠭᠤᠯᠬᠤ ᠢᠨᠵᠧᠨᠧᠷᠢᠩ᠂ 2024 ᠣᠨ᠎ᠳᠤ ᠪᠠᠷᠠᠭᠤᠨ ᠯᠢᠶᠣᠤ ᠾᠧ ᠭᠤᠣᠯ᠎ᠤᠨ ᠬᠠᠪᠤᠷ᠎ᠤᠨ ᠤᠯᠠᠷᠢᠯ᠎ᠤᠨ ᠤᠰᠤᠨ᠎ᠤ ᠬᠡᠮᠵᠢᠶ᠎ᠡ ᠵᠢ ᠲᠤᠬᠢᠷᠠᠭᠤᠯᠭ᠎ᠠ ᠵᠢᠨ ᠤᠰᠤᠨ᠎ᠤ ᠡᠬᠢ ᠪᠠᠶᠠᠯᠢᠭ᠎ᠤᠨ ᠡᠴᠦᠰ᠎ᠤᠨ ᠴᠡᠭ᠂ ᠶᠡᠷᠦᠩᠬᠡᠢ ᠠᠯᠪᠠᠨ ᠭᠡᠷ᠎ᠤᠨ ᠸᠧ ᠪᠤᠤ       ᠬᠦᠢ᠍ᠰᠦ᠂ ᠲᠠᠶ᠋ᠢᠾᠧ ᠭᠤᠣᠯ᠎ᠤᠨ ᠠᠭᠤᠯᠵᠠᠷ᠎ᠤᠨ ᠬᠦᠢ᠍ᠰᠦ᠂ ᠰᠤ᠌ ᠵᠢᠶᠠ ᠪᠦᠦ ᠬᠦᠢ᠍ᠰᠦ᠂ ᠮᠧᠩ ᠵᠢᠶᠠ ᠳ᠋ᠤᠸᠠᠨ ᠤᠰᠤᠨ ᠴᠥᠭᠦᠷᠥᠮ᠂ ᠮᠤᠷᠤᠢ ᠵᠢᠨ ᠰᠦᠮ᠎ᠡ ᠤᠰᠤᠨ ᠴᠦᠬᠦᠷᠦᠮ᠂ ᠯᠤᠤᠬ᠎ᠠ ᠵᠢᠨ ᠭᠣᠣᠯ ᠪᠣᠯᠤᠨ ᠰᠢᠷᠠᠮᠥ᠋ᠷᠡᠨ ᠭᠤᠣᠯ᠎ᠤᠨ ᠠᠭᠤᠯᠵᠠᠷ᠎ᠤᠨ ᠬᠠᠰᠢᠯᠭ᠎ᠠ᠂ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠵᠡᠷᠭᠡ ᠭᠠᠵᠠᠷ ᠵᠶ᠋ᠠᠷ ᠭᠦᠨᠵᠡᠭᠡᠶ᠋ᠢᠷᠡᠵᠦ᠂ ᠪᠠᠷᠠᠭᠤᠨ ᠯᠢᠶᠣᠤ ᠾᠧ ᠭᠤᠣᠯ᠎ᠤᠨ ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ᠂ ᠭᠤᠣᠯ᠎ᠤᠨ ᠵᠠᠮ᠎ᠢ ᠬᠠᠮᠠᠭ᠋ᠠᠯᠠᠨ ᠵᠠᠰᠠᠬᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ ᠵᠡᠷᠭᠡ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠣᠶ᠋ᠢᠯᠠᠭ᠋ᠠᠪᠠ᠃  

   ᠴᠧᠨ ᠮᠢᠨ ᠵᠢᠭ᠋ᠠᠵᠤ ᠭᠠᠷᠭ᠋ᠠᠭᠰᠠᠨ᠎ᠨᠢ᠂ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠬᠠᠮᠢᠶ᠎ᠠ ᠪᠥᠬᠦᠶ ᠡᠯ᠎ᠡ ᠲᠠᠯ᠎ᠠ ᠵᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠪᠠ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠳᠣᠭᠢᠷᠠᠭᠤᠯᠬᠤ᠎ᠪᠠᠷ ᠳᠡᠮᠵᠢᠨ᠂ ᠪᠠᠷᠠᠭᠤᠨ ᠯᠢᠶᠣᠤ ᠾᠧ ᠭᠤᠤᠯ᠎ᠤᠨ ᠭᠤᠤᠯ ᠤᠷᠤᠰᠬᠠᠯ᠎ᠤᠨ ᠤᠰᠤ᠎ᠲᠠᠢ ᠭᠤᠤᠯ᠎ᠤᠨ ᠬᠡᠰᠡᠭ ᠵᠢᠯ ᠳᠠᠷᠠᠭ᠋ᠠᠯᠠᠨ ᠤᠷᠲᠤᠳᠬᠠᠵᠤ᠂ ᠢᠯᠠᠩᠭᠤᠶ᠎ᠠ ᠡᠨᠡ ᠵᠢᠯ᠎ᠤᠨ ᠬᠠᠪᠤᠷ᠎ᠤᠨ ᠤᠯᠠᠷᠢᠯ᠎ᠳᠤ ᠰᠠᠪᠠ ᠭᠠᠵᠠᠷ᠎ᠤᠨ ᠭᠤᠤᠯ ᠨᠡᠭᠡᠭᠡᠬᠦ ᠴᠠᠭ᠎ᠨᠢ ᠨᠡᠯᠢᠶᠡᠳ ᠣᠷᠣᠶ᠂ ᠪᠦᠲᠦᠮᠵᠢᠲᠡᠶ ᠳᠣᠭᠢᠷᠠᠭᠤᠯᠬᠤ ᠴᠠᠭ᠎ᠨᠢ ᠨᠡᠯᠢᠶᠡᠳ ᠣᠬᠤᠷ ᠵᠡᠷᠭᠡ ᠠᠰᠢᠭ ᠥᠬᠡᠶ ᠬᠦᠴᠦᠨ ᠵᠦᠢ᠍ᠯ᠎ᠢ ᠢᠯᠡᠨ ᠳᠠᠪᠠᠵᠤ᠂ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠬᠤ᠂ ᠨᠠᠷᠢᠯᠢᠭ ᠳᠣᠭᠢᠷᠠᠭᠤᠯᠬᠤ᠂ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠪᠠᠷ ᠳᠡᠮᠵᠢᠨ᠂ ᠭᠤᠤᠯ ᠤᠷᠤᠰᠬᠠᠯ᠎ᠤᠨ ᠤᠰᠤᠨ ᠤᠷᠤᠰᠬᠠᠯ᠎ᠨᠢ ᠡᠴᠦᠰ᠎ᠲᠡᠭᠡᠨ ᠶᠡᠷᠦᠩᠬᠡᠶ ᠬᠡᠷᠡᠭ ᠡᠷᠬᠢᠯᠡᠬᠦ ᠸᠸ ᠪᠤᠤ ᠵᠢᠨ ᠬᠦᠢ᠍ᠰᠦ᠎ᠠᠴᠠ ᠳᠣᠷᠣᠭᠰᠢᠬᠢ 58.75 ᠺᠢᠯᠤᠮᠸᠲᠷ ᠪᠣᠯᠵᠣ᠂ ᠤᠰᠤᠨ᠎ᠤ ᠡᠬᠢ ᠪᠠᠶᠠᠯᠢᠭ᠎ᠢ ᠳᠣᠭᠢᠷᠠᠭᠤᠯᠬᠤ ᠠᠵᠢᠯ ᠰᠢᠨ᠎ᠡ ᠠᠬᠢᠴᠠ᠎ᠲᠠᠢ ᠪᠣᠯᠪᠠ ᠭᠡᠵᠡᠢ᠃

   ᠴᠧᠨ ᠮᠢᠨ ᠱᠠᠭ᠋ᠠᠷᠳᠠᠭᠰᠠᠨ᠎ᠨᠢ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠤᠯᠤᠰ ᠲᠦᠷᠦ ᠵᠢ ᠡᠷᠬᠢᠮᠯᠡᠬᠦ ᠦᠨᠳᠦᠷᠴᠡ᠎ᠠᠴᠠ ᠠᠯᠢᠪᠠ ᠠᠰᠢᠭᠲᠠᠢ ᠴᠠᠭ ᠲᠣᠬᠢᠶᠠᠯ᠎ᠢ ᠠᠮᠵᠢᠵᠤ᠂ ᠠᠯᠢᠪᠠ ᠠᠰᠢᠭᠲᠠᠢ ᠨᠥᠬᠦᠴᠡᠯ᠎ᠢ ᠠᠰᠢᠭᠯᠠᠵᠤ᠂ ᠪᠠᠷᠠᠭᠤᠨ ᠯᠢᠶᠣᠤ ᠾᠧ ᠭᠤᠣᠯ᠎ᠤᠨ ᠭᠤᠣᠯ ᠤᠷᠤᠰᠬᠠᠯ᠎ᠤᠨ ᠪᠦᠬᠦ ᠱᠤᠭᠤᠮ ᠵᠶ᠋ᠠᠷ ᠥᠩᠭᠡᠷᠡᠬᠦ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ᠃  ᠨᠢᠭᠡ᠎ᠳᠤ᠂ ᠯᠢᠶᠣᠤ ᠾᠧ ᠭᠤᠣᠯ᠎ᠢ ᠬᠠᠮᠠᠭ᠋ᠠᠯᠠᠨ ᠵᠠᠰᠠᠬᠤ ᠬᠠᠮᠢᠶᠠᠷᠤᠯᠲᠠ ᠵᠢᠨ ᠠᠵᠢᠯ᠎ᠤᠨ ᠲᠤᠬᠠᠢ ᠤᠰᠤᠨ ᠠᠰᠢᠭᠯᠠᠯᠲᠠ ᠵᠢᠨ ᠶᠠᠮᠤᠨ᠎ᠤ ᠱᠠᠭ᠋ᠠᠷᠳᠠᠯᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ; ᠬᠤᠶᠠᠷ᠎ᠲᠤ᠂ ᠪᠠᠷᠠᠭᠤᠨ ᠯᠢᠶᠣᠤ ᠾᠧ ᠭᠤᠣᠯ᠎ᠤᠨ ᠳᠣᠣᠷᠠᠳᠤ ᠤᠷᠤᠰᠬᠠᠯ᠎ᠤᠨ ᠭᠤᠣᠯ᠎ᠤᠨ ᠵᠠᠮ᠎ᠤᠨ ᠬᠠᠮᠢᠶᠠᠷᠤᠯᠲᠠ ᠡᠵᠡᠮᠳᠡᠯ᠎ᠢ ᠴᠢᠩᠳᠠᠯᠠᠵᠤ᠂ ᠭᠤᠣᠯ ᠪᠣᠯᠬᠤ ᠭᠤᠣᠯ᠎ᠤᠨ ᠬᠤᠩᠭᠢᠯ᠎ᠳᠤ ᠲᠠᠷᠢᠬᠤ ᠵᠢ ᠴᠠᠭ᠋ᠠᠵᠠᠯᠠᠬᠤ ᠵᠡᠷᠭᠡ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠭᠤᠣᠯ᠎ᠤᠨ ᠵᠠᠮ᠎ᠤᠨ 《ᠳᠥᠷᠪᠡᠨ ᠰᠠᠮᠠᠭᠤᠨ》᠎ᠢ ᠬᠠᠤᠯᠢ ᠶᠣᠰᠣᠭ᠋ᠠᠷ ᠴᠠᠭ ᠲᠤᠬᠠᠢ᠎ᠳᠤᠨᠢ ᠴᠡᠪᠡᠷᠯᠡᠵᠦ᠂ ᠤᠰᠤ ᠪᠠᠭᠤᠬᠤ ᠵᠠᠮ᠎ᠢ ᠰᠠᠭ᠋ᠠᠳ ᠦᠭᠡᠢ ᠨᠡᠪᠲᠡᠷᠡᠭᠦᠯᠬᠦ ᠬᠡᠷᠡᠭᠲᠡᠢ;  ᠭᠤᠷᠪᠠ᠎ᠳᠤ᠂ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ ᠦᠶᠡᠷ᠎ᠤᠨ ᠬᠤᠭᠤᠴᠠᠭ᠋ᠠᠨ᠎ᠤ ᠲᠤᠬᠢᠷᠠᠭᠤᠯᠭ᠎ᠠ ᠵᠢᠨ ᠲᠥᠰᠦᠯ᠎ᠢ ᠤᠷᠢᠳᠴᠢᠯᠠᠨ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠦᠶᠡᠷ᠎ᠤᠨ ᠤᠰᠤ ᠵᠢ ᠨᠢᠭᠡᠳᠦᠯᠲᠡᠢ ᠲᠤᠬᠢᠷᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠬᠤ᠂ ᠤᠨᠢᠨ ᠳᠡᠭᠡᠷ᠎ᠡ᠎ᠨᠢ ᠲᠤᠬᠢᠷᠠᠭᠤᠯᠬᠤ ᠵᠢ ᠴᠢᠩᠭ᠋ᠠᠳᠬᠠᠬᠤ ᠬᠡᠷᠡᠭᠲᠡᠢ; ᠲᠦᠷᠪᠡ᠎ᠳᠤ᠂ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠤᠨ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠡᠯᠡᠳᠬᠡᠯ ᠲᠥᠰᠦᠯ᠎ᠤᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲ᠋ᠧᠮ᠎ᠢ ᠲᠡᠭᠦᠯᠳᠡᠷᠵᠢᠭᠦᠯᠵᠦ᠂ ᠦᠶᠡᠷ᠎ᠤᠨ ᠬᠤᠭᠤᠴᠠᠭ᠋ᠠᠨ᠎ᠤ ᠤᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠴᠢᠳᠠᠪᠤᠷᠢ ᠵᠢ ᠴᠢᠩᠭ᠋ᠠᠳᠬᠠᠵᠤ᠂ ᠲᠤᠬᠢᠷᠠᠭᠤᠯᠭ᠎ᠠ ᠵᠢ ᠨᠠᠷᠢᠯᠢᠬ᠍ᠵᠢᠭᠤᠯᠬᠤ᠂ ᠤᠨᠢᠨ ᠳᠡᠭᠡᠷ᠎ᠡ᠎ᠨᠢ ᠲᠤᠬᠢᠷᠠᠭᠤᠯᠬᠤ ᠵᠢ ᠳᠡᠭᠡᠭᠰᠢᠯᠡᠭᠦᠯᠬᠦ ᠬᠡᠷᠡᠭᠲᠡᠢ;  ᠲᠠᠪᠤ᠎ᠳᠤ᠂ 《ᠤᠰᠤ᠎ᠪᠠᠷ ᠲᠦᠷᠪᠡ ᠵᠢ ᠲᠣᠭᠲᠠᠭ᠋ᠠᠬᠤ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤᠨ᠎ᠤ ᠬᠤᠶᠠᠷ᠎ᠢ ᠡᠵᠡᠮᠳᠡᠬᠦ ᠭᠦᠢ᠍ᠴᠡᠳᠬᠡᠯ ᠲᠤᠭ᠎ᠠ ᠪᠣᠯᠤᠨ ᠮᠠᠯᠲᠠᠬᠤ ᠵᠢ ᠴᠠᠭ᠋ᠠᠵᠠᠯᠠᠬᠤ ᠣᠷᠣᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠠᠪᠠ ᠭᠠᠵᠠᠷ᠎ᠤᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠬᠤ ᠵᠢ ᠶᠡᠷᠦᠩᠬᠡᠶ᠋ᠢᠯᠡᠨ ᠵᠠᠰᠠᠬᠤ ᠪᠠ ᠬᠠᠮᠠᠭ᠋ᠠᠯᠠᠬᠤ ᠵᠢ ᠴᠢᠩᠭ᠋ᠠᠳᠬᠠᠬᠤ ᠬᠡᠷᠡᠭᠲᠡᠢ; ᠵᠢᠷᠭᠤᠭ᠎ᠠ᠎ᠳᠤ᠂ ᠡᠯ᠎ᠡ ᠡᠵᠡᠮᠳᠡᠬᠦ ᠴᠢᠨᠠᠷᠲᠠᠶ ᠬᠦᠢ᠍ᠰᠦ ᠵᠢᠨ ᠬᠠᠮᠲᠤᠷᠠᠨ ᠳᠣᠭᠢᠷᠠᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠪᠡᠯᠡᠳᠬᠡᠮᠵᠢ ᠲᠥᠬᠦᠭᠡᠷᠦᠮᠵᠢ ᠵᠢᠨ ᠠᠵᠢᠯᠯᠠᠭ᠋ᠠᠨ᠎ᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢ ᠰᠠᠶ᠋ᠢᠲᠤᠷ ᠬᠢᠵᠦ᠂ ᠦᠶᠡᠷ᠎ᠤᠨ ᠬᠤᠭᠤᠴᠠᠭ᠎ᠠ ᠵᠢ ᠲᠣᠬᠢᠷᠠᠭᠤᠯᠬᠤ᠎ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ; ᠲᠤᠯᠤᠭ᠎ᠠ᠎ᠳᠤ᠂ ᠳᠡᠭᠡᠳᠦ ᠤᠷᠤᠰᠬᠠᠯ᠎ᠤᠨ ᠤᠰᠤᠨ ᠴᠥᠭᠦᠷᠥᠮ᠎ᠤᠨ ᠰᠦᠷᠦᠭᠵᠢᠯ᠎ᠢ ᠲᠣᠬᠢᠷᠠᠭᠤᠯᠤᠨ ᠬᠠᠳᠠᠭ᠋ᠠᠯᠠᠬᠤ ᠴᠢᠳᠠᠪᠤᠷᠢ ᠵᠢ ᠠᠰᠢᠭᠯᠠᠨ ᠦᠶᠡᠷ᠎ᠠᠴᠠ ᠡᠮᠦᠨᠡᠬᠢ ᠤᠰᠤᠨ ᠴᠥᠭᠦᠷᠥᠮ᠎ᠤᠨ ᠤᠰᠤ ᠬᠠᠳᠠᠭ᠋ᠠᠯᠠᠬᠤ ᠵᠢ ᠨᠡᠮᠡᠭᠳᠡᠭᠦᠯᠬᠦ ᠵᠢ ᠭᠦᠢ᠍ᠴᠡᠳ ᠪᠣᠳᠣᠯᠬᠢᠯᠠᠵᠤ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ ᠭᠡᠵᠡᠢ᠃

   ᠴᠧᠨ ᠮᠢᠨ ᠴᠢᠬᠤᠯᠠᠴᠢᠯᠠᠭᠰᠠᠨ᠎ᠨᠢ᠂ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠤᠨ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮ᠂ ᠢᠨᠵᠧᠨᠧᠷᠢᠩ᠎ᠤᠨ ᠲᠥᠬᠦᠭᠡᠷᠦᠮᠵᠢ ᠵᠢᠨ ᠰᠢᠰᠲ᠋ᠧᠮ᠂ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲ᠋ᠧᠮ᠎ᠢ ᠲᠡᠭᠦᠯᠳᠡᠷᠵᠢᠭᠦᠯᠬᠦ ᠵᠢᠨ ᠬᠠᠮᠲᠤ ᠣᠷᠣᠨ ᠪᠦᠰᠡ ᠵᠢᠨ ᠤᠰᠤᠨ᠎ᠤ ᠲᠣᠣᠷ ᠪᠣᠯᠤᠨ ᠮᠤᠵᠢ ᠵᠢᠨ ᠲᠡᠰ᠎ᠤᠨ ᠤᠰᠤᠨ ᠲᠣᠣᠷ᠎ᠤᠨ ᠪᠦᠳᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠤᠰᠤ ᠨᠥᠬᠦᠪᠥᠷᠢᠯᠡᠬᠦ ᠲᠣᠭᠲᠠᠴᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠪᠠᠷᠠᠭᠤᠨ ᠯᠢᠶᠣᠤ ᠾᠧ ᠭᠤᠣᠯ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠰᠡᠷᠭᠦᠭᠡᠬᠦ᠎ᠳᠤ ᠦᠷᠭᠦᠯᠵᠢᠯᠡᠨ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠵᠢᠴᠢ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠨ ᠪᠠᠶ᠋ᠢᠷᠢᠯᠠᠭᠤᠯᠬᠤ ᠬᠤᠷᠠᠯ ᠬᠤᠷᠠᠯᠳᠤᠭᠤᠯᠪᠠ
28 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ᠎ᠪᠠᠷ ᠥᠪᠥᠷ ᠮᠣᠩᠭᠣᠯ᠎ᠤᠨ ᠨᠡᠢ᠌ᠭᠡᠮ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠪᠠᠢ᠌ᠨ᠎ᠠ
ᠰᠠᠬᠢᠯᠭ᠎ᠠ ᠪᠠᠲᠤ ᠵᠢ ᠰᠤᠷᠴᠤ ᠮᠡᠳᠡᠵᠦ ᠣᠢ᠌ᠯᠠᠭ᠋ᠠᠨ ᠰᠠᠬᠢᠶ᠎ᠠ
 
            