ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠬᠤᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠤᠷᠪᠠᠳᠤᠭ᠋ᠠᠷ ᠪᠦᠯᠦᠭ᠎ᠤᠨ ᠬᠢᠨᠠᠨ ᠪᠠᠶ᠋ᠢᠴᠠᠭ᠋ᠠᠯᠲᠠ ᠡᠬᠢᠯᠡᠪᠡ
ᠨᠡᠶ᠋ᠢᠲᠡᠯᠡᠭᠰᠡᠨ ᠴᠠᠭ᠄ 2024-04-12

   ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ᠂ ᠬᠤᠶᠠᠳᠤᠭ᠋ᠠᠷ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠲᠣᠰ ᠲᠣᠰ ᠬᠥᠬᠡᠬᠤᠲᠠ ᠪᠠ ᠪᠤᠭᠤᠲᠤ ᠬᠤᠲᠠ᠎ᠳᠤ ᠣᠷᠣᠵᠤ ᠰᠠᠭᠤᠭᠰᠠᠨ ᠪᠥᠭᠡᠳ ᠬᠢᠨᠠᠨ ᠪᠠᠶ᠋ᠢᠴᠠᠭ᠋ᠠᠵᠤ ᠣᠷᠣᠵᠤ ᠰᠠᠭᠤᠬᠤ ᠳᠠᠶ᠋ᠢᠴᠢᠯᠠᠯᠲᠠ ᠵᠢᠨ ᠬᠤᠷᠠᠯ ᠬᠤᠷᠠᠯᠳᠤᠭᠤᠯᠵᠤ᠂ ᠬᠤᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ ᠵᠢᠩᠬᠢᠨᠢ᠎ᠪᠠᠷ ᠡᠬᠢᠯᠡᠭᠰᠡᠨ᠎ᠢ ᠬᠠᠷᠠᠭᠤᠯᠵᠤ ᠪᠠᠶ᠋ᠢᠨ᠎ᠠ᠃ ᠳᠠᠶ᠋ᠢᠴᠢᠯᠠᠯᠲᠠ ᠵᠢᠨ ᠬᠤᠷᠠᠯ ᠳᠡᠭᠡᠷ᠎ᠡ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠬᠢᠨᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠱᠠᠭ᠋ᠠᠷᠳᠠᠯᠭ᠎ᠠ ᠳᠤᠷᠠᠳᠴᠤ᠂ ᠬᠤᠶᠠᠷ ᠬᠤᠲᠠ ᠵᠢᠨ ᠭᠤᠤᠯ ᠬᠠᠷᠢᠭᠤᠴᠠᠯᠭ᠋ᠠᠲᠠᠨ ᠲᠣᠰ ᠲᠣᠰ ᠳᠠᠶ᠋ᠢᠴᠢᠯᠠᠯᠲᠠ ᠬᠢᠪᠡ᠃

   ᠲᠤᠰ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠭᠤᠣᠯᠳᠠᠯᠭ᠎ᠠ᠎ᠲᠠᠢ ᠬᠢᠨᠠᠨ ᠪᠠᠶ᠋ᠢᠴᠠᠭ᠋ᠠᠨ᠎ᠠ;  ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠵᠦ᠂ ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ; ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;  ᠲᠥᠪ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ᠂ ᠲᠥᠪ᠎ᠤᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠰᠢᠯᠵᠢᠭᠦᠯᠦᠨ ᠰᠢᠢ᠍ᠳᠪᠦᠷᠢᠯᠡᠭᠦᠯᠦᠭᠰᠡᠨ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ ᠰᠢᠢ᠍ᠳᠪᠦᠷᠢᠯᠡᠭᠰᠡᠨ ᠪᠠᠶ᠋ᠢᠳᠠᠯ ᠵᠢᠴᠢ ᠳᠡᠭᠡᠷ᠎ᠡ ᠨᠢᠭᠡ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ ᠰᠢᠢ᠍ᠳᠪᠦᠷᠢᠯᠡᠭᠰᠡᠨ ᠪᠠᠶ᠋ᠢᠳᠠᠯ;  ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠲᠦᠷᠢᠮ᠂ ᠪᠠᠷᠢᠮᠵᠢᠶ᠎ᠠ ᠵᠢᠷᠤᠮᠵᠢᠯ᠂ ᠲᠥᠯᠥᠪᠵᠢᠭᠦᠯᠭᠡ ᠵᠢᠨ ᠲᠥᠯᠥᠪᠯᠡᠭᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ; ᠠᠮᠢ ᠠᠬᠤᠶ ᠣᠷᠴᠢᠨ ᠲᠣᠭᠤᠷᠢᠨ᠎ᠤ ᠠᠰᠠᠭᠤᠳᠠᠯ ᠵᠢᠴᠢ ᠲᠡᠭᠦᠨ᠎ᠢ ᠰᠢᠢ᠍ᠳᠪᠦᠷᠢᠯᠡᠭᠰᠡᠨ ᠪᠠᠶ᠋ᠢᠳᠠᠯ ᠪᠣᠯᠤᠨ ᠠᠷᠠᠳ ᠣᠯᠠᠨ᠎ᠤ ᠲᠤᠰᠬᠠᠭᠰᠠᠨ ᠠᠮᠢ ᠠᠬᠤᠶ ᠣᠷᠴᠢᠨ ᠲᠣᠭᠤᠷᠢᠨ᠎ᠤ ᠠᠰᠠᠭᠤᠳᠠᠯ᠎ᠢ ᠳᠠᠷᠦ᠋ᠢ᠍ᠬᠠᠨ ᠬᠡᠷᠡᠭᠵᠢᠭᠦᠯᠵᠦ ᠳᠠᠷᠦ᠋ᠢ᠍ᠬᠠᠨ ᠥᠭᠡᠷᠡᠴᠢᠯᠡᠭᠰᠡᠨ ᠪᠠᠶ᠋ᠢᠳᠠᠯ ᠵᠡᠷᠭᠡ ᠵᠢ ᠳᠣᠪᠤᠶ᠋ᠢᠯᠭ᠋ᠠᠨ᠎ᠠ᠃

   ᠠᠵᠢᠯ᠎ᠤᠨ ᠲᠤᠬᠢᠷᠠᠭᠤᠯᠤᠯᠳᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ᠂ ᠬᠤᠶᠠᠳᠤᠭ᠋ᠠᠷ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠣᠷᠣᠵᠤ ᠰᠠᠭᠤᠬᠤ ᠴᠠᠭ᠎ᠨᠢ ᠴᠥᠮ 25 ᠡᠳᠦᠷ ᠪᠠᠶ᠋ᠢᠵᠤ᠂ ᠣᠷᠣᠵᠤ ᠰᠠᠭᠤᠬᠤ ᠬᠤᠭᠤᠴᠠᠭ᠋ᠠᠨ᠎ᠳᠤ ᠲᠤᠰᠬᠠᠢ ᠵᠠᠬᠢᠳᠠᠯ ᠰᠤᠷᠪᠤᠯᠵᠢᠯᠠᠭ᠎ᠠ᠎ᠪᠠᠷ ᠢᠯᠡᠴᠢᠯᠡᠨ ᠮᠡᠳᠡᠭᠦᠯᠬᠦ ᠤᠲᠠᠰᠤ ᠪᠠ ᠲᠤᠰᠬᠠᠢ ᠰᠢᠤᠳᠠᠨ᠎ᠤ ᠵᠠᠬᠢᠳᠠᠯ᠎ᠤᠨ ᠬᠠᠶ᠋ᠢᠷᠴᠠᠭ ᠭᠠᠷᠭ᠋ᠠᠵᠤ ᠤᠯᠠᠨ ᠲᠦᠮᠡᠨ᠎ᠤ ᠠᠮᠢ ᠠᠬᠤᠢ ᠵᠢᠨ ᠣᠷᠴᠢᠨ ᠲᠣᠭᠤᠷᠢᠨ᠎ᠤ ᠠᠰᠠᠭᠤᠳᠠᠯ᠎ᠤᠨ ᠲᠠᠯ᠎ᠠ᠎ᠪᠠᠷ᠎ᠬᠢ ᠵᠠᠭ᠋ᠠᠯᠳᠤᠵᠤ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠪᠡ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠱᠧᠩ ᠰᠢᠶᠣᠣ ᠶᠢᠥ ᠬᠠᠲᠤᠨ ᠭᠤᠣᠯ᠎ᠤᠨ ᠬᠠᠶ᠋ᠢᠷᠤᠪ᠎ᠤᠨ ᠲᠣᠬᠤᠢ ᠵᠢᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠴᠥᠭᠦᠷᠥᠮ᠎ᠤᠨ ᠣᠷᠣᠨ᠎ᠤ ᠨᠦᠯᠦᠮᠡᠯ᠎ᠢ ᠪᠠᠭ᠋ᠠᠰᠬᠠᠨ ᠪᠠᠭᠲᠠᠭ᠋ᠠᠮᠵᠢ ᠵᠢ ᠶᠡᠬᠡᠰᠬᠡᠵᠤ ᠡᠯᠡᠰᠦ ᠵᠢ ᠪᠠᠭ᠋ᠠᠰᠬᠠᠨ ᠤᠰᠤ ᠰᠤᠯᠢᠬᠤ ᠲᠤᠷᠰᠢᠯᠲᠠ ᠵᠢᠨ ᠴᠡᠭ᠎ᠤᠨ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ
ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠴᠧᠨ ᠮᠢᠨ ᠪᠠᠷᠠᠭᠤᠨ ᠯᠢᠶᠣᠤ ᠾᠧ ᠭᠤᠤᠯ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠵᠢᠴᠢ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠨ ᠪᠠᠶ᠋ᠢᠷᠢᠯᠠᠭᠤᠯᠬᠤ ᠬᠤᠷᠠᠯ ᠬᠤᠷᠠᠯᠳᠤᠭᠤᠯᠪᠠ
28 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ᠎ᠪᠠᠷ ᠥᠪᠥᠷ ᠮᠣᠩᠭᠣᠯ᠎ᠤᠨ ᠨᠡᠢ᠌ᠭᠡᠮ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠪᠠᠢ᠌ᠨ᠎ᠠ
 
            