4 ᠳ᠋ᠦ᠍ᠭᠡᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠦᠨ ᠪᠠᠶ᠋ᠢᠷᠢᠯᠠᠭᠤᠯᠬᠤ ᠬᠤᠷᠠᠯ ᠬᠤᠷᠠᠯᠳᠤᠭᠤᠯᠵᠤ᠂ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ᠂ ᠲᠥᠪ᠎ᠤᠨ ᠠᠯᠪᠠᠨ ᠲᠢᠩᠬᠢᠮ᠎ᠤᠨ 《ᠪᠦᠬᠦ ᠨᠠᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠵᠣᠷᠢᠭ ᠰᠠᠨᠠᠭ᠎ᠠ ᠪᠣᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《ᠪᠥᠬᠦ ᠣᠷᠣᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ》᠎ᠢ ᠤᠯᠠᠮᠵᠢᠯᠠᠨ ᠰᠤᠷᠤᠯᠴᠠᠵᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠬᠦ ᠲᠤᠬᠠᠶ ᠪᠠᠶ᠋ᠢᠷᠢᠯᠠᠭᠤᠯᠤᠯᠲᠠ ᠬᠢᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠪᠦᠬᠦ ᠨᠠᠮ᠎ᠤᠨ ᠬᠡᠪᠴᠢᠶᠡᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠡᠨᠡ ᠵᠢᠯ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠴᠢᠬᠤᠯᠠ ᠤᠯᠤᠰ ᠲᠦᠷᠦ ᠵᠢᠨ ᠡᠭᠦᠷᠭᠡ ᠪᠣᠯᠤᠨ᠎ᠠ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠢᠩᠭ᠋ᠠᠳᠬᠠᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠨᠢᠭᠡ ᠵᠦᠢ᠍ᠯ᠎ᠤᠨ ᠰᠠᠭᠤᠷᠢ ᠴᠢᠨᠠᠷᠲᠠᠢ᠂ ᠪᠠᠶ᠋ᠢᠩᠭᠤ ᠵᠢᠨ ᠴᠢᠨᠠᠷᠲᠠᠢ ᠠᠵᠢᠯ ᠪᠣᠯᠤᠨ᠎ᠠ᠃ ᠤᠰᠤᠨ ᠠᠰᠢᠬᠯᠠᠯᠳᠠ ᠵᠢᠨ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷᠴᠤᠳ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ 《ᠬᠤᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠤᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠵᠢᠨ ᠵᠠᠶ᠋ᠢᠯᠠᠰᠢ ᠥᠬᠡᠶ ᠱᠠᠭ᠋ᠠᠷᠳᠠᠯᠭ᠎ᠠ ᠮᠥᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠴᠢᠩᠭ᠎ᠠ ᠲᠣᠳᠣᠷᠬᠠᠶ ᠰᠠᠬᠢᠯᠭ᠎ᠠ ᠪᠠᠲᠤ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢᠨ ᠪᠣᠳᠠᠲᠤ ᠬᠡᠷᠡᠭᠴᠡᠭᠡ ᠮᠥᠨ ᠭᠡᠳᠡᠭ᠎ᠢ ᠭᠦᠢ᠍ᠴᠡᠳ ᠲᠠᠨᠢᠬᠤ ᠬᠡᠷᠡᠭᠲᠡᠶ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠣᠯ ᠰᠢᠵᠢᠮ᠎ᠢ ᠪᠠᠲᠤ ᠡᠵᠡᠮᠳᠡᠵᠦ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠪᠠ ᠰᠢᠨ᠎ᠡ ᠵᠠᠮ ᠵᠶ᠋ᠠᠷ ᠣᠷᠣᠵᠤ ᠭᠠᠷᠬᠤ ᠲᠡᠮᠡᠴᠡᠬᠦ ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠪᠦᠬᠦ ᠲᠠᠯ᠎ᠠ ᠪᠣᠯᠤᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠳᠤ ᠵᠣᠭᠰᠣᠵᠤ᠂ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠬᠤ ᠬᠠᠷᠢᠭᠤᠴᠠᠯᠭ᠋ᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠡᠢ ᠭᠡᠵᠡᠢ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭ᠋ᠠᠷᠳᠠᠯᠭ᠎ᠠ ᠪᠣᠯᠤᠨ ᠠᠵᠢᠯ᠎ᠤᠨ ᠭᠤᠣᠯᠳᠠᠯᠭ᠎ᠠ ᠵᠢ ᠣᠨᠣᠪᠴᠢᠲᠠᠢ ᠡᠵᠡᠮᠳᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ)᠎ᠤᠨ ᠤᠳᠤᠷᠢᠳᠬᠤ ᠪᠠᠭ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠤᠶᠠᠷ ᠳᠠᠪᠬᠤᠷᠭ᠎ᠠ ᠵᠢ ᠴᠢᠩᠭ᠎ᠠ ᠠᠩᠬᠠᠷᠴᠤ᠂ ᠤᠨᠢᠨ ᠳᠡᠭᠡᠷ᠎ᠡ᠎ᠨᠢ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ᠂ ᠰᠢᠰᠲ᠋ᠧᠮ᠎ᠲᠠᠢ ᠠᠬᠢᠭᠤᠯᠬᠤ ᠵᠢ ᠪᠠᠷᠢᠮᠲᠠᠯᠠᠵᠤ᠂ ᠲᠡᠷᠡ ᠬᠡᠪ ᠵᠶ᠋ᠠᠷ᠎ᠨᠢ ᠰᠤᠷᠤᠯᠴᠠᠬᠤ ᠵᠢ ᠰᠠᠶ᠋ᠢᠲᠤᠷ ᠠᠳᠬᠤᠵᠤ᠂ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ᠎ᠢ ᠰᠠᠶ᠋ᠢᠲᠤᠷ ᠶᠠᠷᠢᠵᠤ᠂ ᠰᠡᠷᠡᠮᠵᠢᠯᠡᠭᠦᠯᠬᠦ ᠬᠥᠮᠦᠵᠢᠯ᠎ᠢ ᠭᠦᠨᠵᠡᠭᠡᠶ᠋ᠢᠷᠡᠭᠦᠯᠵᠦ᠂ ᠤᠬᠠᠭᠤᠯᠤᠨ ᠲᠠᠶ᠋ᠢᠯᠪᠤᠷᠢᠯᠠᠬᠤ ᠵᠢ ᠭᠦᠨᠵᠡᠭᠡᠶ᠋ᠢᠷᠡᠭᠦᠯᠵᠦ᠂ ᠪᠠᠶ᠋ᠢᠴᠠᠭ᠋ᠠᠨ ᠦᠵᠡᠵᠦ ᠴᠡᠭᠴᠡᠯᠡᠨ ᠰᠠᠶ᠋ᠢᠵᠢᠷᠠᠭᠤᠯᠬᠤ ᠵᠢ ᠴᠢᠬᠤᠯᠠᠴᠢᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠦᠨᠡᠨ ᠬᠦ᠌ ᠡᠳᠦᠷ ᠲᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠶ᠋ᠢᠩᠭᠤ ᠠᠳᠬᠤᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ》᠎ᠢ ᠵᠤᠷᠪᠤᠰ ᠳᠠᠷᠠᠭ᠋ᠠᠯᠠᠨ ᠥᠭᠦᠯᠡᠵᠦ᠂ ᠤᠬᠠᠮᠰᠠᠷ᠎ᠠᠴᠠ᠎ᠪᠠᠨ ᠨᠠᠮ᠎ᠤᠨ ᠰᠠᠬᠢᠯᠭ᠎ᠠ ᠨᠠᠮ᠎ᠤᠨ ᠲᠣᠭᠲᠠᠭ᠋ᠠᠯ᠎ᠤᠨ ᠪᠣᠳᠠᠲᠠᠢ ᠱᠠᠭ᠋ᠠᠷᠳᠠᠯᠭ᠎ᠠ ᠶᠣᠰᠣᠭ᠋ᠠᠷ ᠠᠰᠠᠭᠤᠳᠠᠯ᠎ᠢ ᠪᠣᠳᠣᠯᠬᠢᠯᠠᠨ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠤᠴᠢᠷ ᠶᠠᠪᠤᠳᠠᠯ᠎ᠢ ᠪᠦᠲᠦᠭᠡᠵᠦ᠂ ᠪᠢᠰᠢᠷᠡᠨ ᠵᠢᠷᠦᠬᠡᠰᠢᠶᠡᠬᠦ ᠵᠢ ᠮᠡᠳᠡᠵᠦ᠂ ᠰᠡᠷᠡᠮᠵᠢᠯᠡᠨ ᠰᠡᠷᠭᠡᠶ᠋ᠢᠯᠡᠵᠦ᠂ ᠬᠤᠷᠢᠭ᠎ᠠ ᠱᠤᠭᠤᠮ᠎ᠢ ᠰᠠᠬᠢᠵᠤ᠂ ᠰᠠᠬᠢᠯᠭ᠎ᠠ ᠪᠠᠲᠤ ᠵᠢ ᠰᠤᠷᠤᠯᠴᠠᠬᠤ ᠲᠠᠯ᠎ᠠ᠎ᠪᠠᠷ ᠳᠡᠭᠡᠳᠦ ᠬᠡᠮᠵᠢᠶᠡᠨ᠎ᠤ ᠤᠬᠠᠮᠰᠠᠷ᠂ ᠰᠠᠬᠢᠯᠭ᠎ᠠ ᠪᠠᠲᠤ ᠵᠢ ᠣᠶ᠋ᠢᠯᠠᠭ᠋ᠠᠬᠤ ᠲᠠᠯ᠎ᠠ᠎ᠪᠠᠷ ᠣᠨᠣᠪᠴᠢᠲᠠᠢ ᠡᠵᠡᠮᠳᠡᠵᠦ᠂ ᠰᠠᠬᠢᠯᠭ᠎ᠠ ᠪᠠᠲᠤ ᠵᠢ ᠲᠣᠳᠣᠷᠬᠠᠶ᠋ᠢᠯᠠᠬᠤ ᠲᠠᠯ᠎ᠠ᠎ᠪᠠᠷ ᠵᠠᠭ᠋ᠠᠭ ᠬᠢᠵᠠᠭ᠋ᠠᠷ᠎ᠢ ᠲᠣᠳᠣᠷᠬᠠᠢ ᠪᠣᠯᠭ᠋ᠠᠵᠤ᠂ ᠰᠠᠬᠢᠯᠭ᠎ᠠ ᠪᠠᠲᠤ ᠵᠢ ᠰᠠᠬᠢᠬᠤ ᠲᠠᠯ᠎ᠠ᠎ᠪᠠᠷ ᠵᠠᠷᠯᠢᠭ ᠴᠠᠭ᠋ᠠᠵᠠ ᠵᠢ ᠳᠠᠭ᠋ᠠᠬᠤ ᠬᠡᠷᠡᠭᠲᠡᠢ ᠭᠡᠵᠡᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠵᠢ ᠰᠠᠶ᠋ᠢᠲᠤᠷ ᠠᠳᠬᠤᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠤᠯᠤᠰ ᠲᠥᠷᠥ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠠᠵᠢᠯ᠎ᠤᠨ ᠲᠤᠬᠢᠷᠠᠭᠤᠯᠤᠯᠳᠠ ᠵᠢ ᠲᠣᠳᠣᠷᠬᠠᠶ᠋ᠢᠯᠠᠵᠤ᠂ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠢᠨᠠᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠬᠤ ᠬᠡᠷᠡᠭᠲᠡᠢ᠃ ᠬᠤᠶᠠᠷ᠎ᠲᠤ᠂ ᠠᠵᠢᠯ᠎ᠤᠨ ᠵᠢᠯᠣᠭᠤᠳᠤᠯᠭ᠎ᠠ ᠵᠢ ᠴᠢᠩᠭ᠋ᠠᠳᠬᠠᠨ᠎ᠠ᠃ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠬᠠᠷᠢᠶ᠎ᠠ ᠨᠠᠮ᠎ᠤᠨ ᠡᠭᠦᠷ᠎ᠤᠨ ᠠᠵᠢᠯ᠎ᠢ ᠵᠢᠯᠣᠭᠤᠳᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠣᠭᠤᠮᠲᠠ ᠵᠢ ᠴᠢᠩᠭ᠎ᠠ ᠰᠠᠬᠢᠵᠤ᠂ ᠠᠯᠳᠠᠭ᠎ᠠ ᠪᠤᠷᠤᠭᠤ ᠵᠢ ᠰᠡᠷᠭᠡᠶ᠋ᠢᠯᠡᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ 《ᠰᠠᠨᠠᠯ》 ᠪᠣᠯᠤᠨ ᠤᠰᠤᠨ ᠠᠰᠢᠭᠯᠠᠯᠲᠠ ᠵᠢᠨ ᠶᠠᠮᠤᠨ᠂ ᠬᠠᠳᠤᠨ ᠭᠤᠣᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠢᠵᠢ ᠪᠦᠷᠢᠳᠦᠭᠦᠯᠦᠨ ᠳᠡᠮᠵᠢᠬᠦ ᠲᠦᠷᠦ ᠵᠢᠨ ᠪᠤᠳᠤᠯᠭ᠎ᠠ ᠵᠡᠷᠭᠡ ᠤᠰᠤᠨ ᠠᠰᠢᠭᠯᠠᠯᠲᠠ ᠵᠢᠨ ᠭᠤᠣᠯ ᠠᠵᠢᠯ᠎ᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ᠎ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠪᠣᠯᠤᠨ ᠠᠵᠢᠯ᠎ᠤᠨ ᠬᠤᠶᠠᠷ ᠲᠠᠯ᠎ᠠ ᠵᠢ ᠠᠳᠬᠤᠵᠤ᠂ ᠬᠤᠶᠠᠷ᠎ᠢ ᠠᠬᠢᠭᠤᠯᠬᠤ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠨ᠎ᠡ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠲᠠᠢ ᠨᠢᠭᠲᠠ ᠤᠶᠠᠯᠳᠤᠭᠤᠯᠵᠤ᠂ ᠬᠡᠯᠪᠡᠷᠢᠴᠢ ᠦᠵᠡᠯ᠎ᠢ ᠡᠷᠡᠰ ᠲᠡᠪᠴᠢᠵᠦ᠂ ᠡᠯ᠎ᠡ ᠵᠦᠢ᠍ᠯ᠎ᠤᠨ 《ᠳᠣᠣᠷ᠎ᠠ ᠲᠡᠰ᠎ᠤᠨ ᠤᠯᠠᠭ᠋ᠠᠨ》᠂ 《ᠳᠡᠭᠡᠳᠦ ᠲᠡᠰ᠎ᠤᠨ ᠬᠠᠷ᠎ᠠ》 ᠵᠢ ᠴᠢᠩᠭ᠎ᠠ ᠰᠡᠷᠭᠡᠶ᠋ᠢᠯᠡᠵᠦ᠂ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠤᠰᠤᠨ ᠠᠰᠢᠭᠯᠠᠯᠲᠠ ᠵᠢᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠡᠢ᠃
ᠬᠤᠷᠠᠯ᠎ᠠᠴᠠ ᠪᠠᠰᠠ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠳᠤ ᠪᠠᠶ᠋ᠢᠷᠢᠯᠠᠭᠤᠯᠤᠯᠲᠠ ᠬᠢᠵᠦ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠣᠶ᠋ᠢᠷ᠎ᠠ ᠵᠢᠨ ᠬᠤᠭᠤᠴᠠᠭ᠋ᠠᠨ᠎ᠤ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠦᠭᠰᠡᠨ ᠨᠡᠶ᠋ᠢᠲᠡᠯᠢᠭ ᠠᠰᠠᠭᠤᠳᠠᠯ᠎ᠢ ᠴᠡᠭᠴᠡᠯᠡᠨ ᠵᠠᠰᠠᠬᠤ ᠲᠤᠬᠠᠶ ᠵᠠᠷᠯᠠᠯ᠎ᠢ ᠤᠯᠠᠮᠵᠢᠯᠠᠵᠤ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠨᠠᠷᠢᠨ ᠬᠢᠨᠠᠮᠠᠭ᠋ᠠᠶ ᠪᠠᠶ᠋ᠢᠴᠠᠭ᠋ᠠᠨ ᠦᠵᠡᠵᠦ᠂ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠂ ᠬᠦᠳᠡᠭᠡ ᠲᠤᠰᠬᠤᠨ ᠮᠠᠯᠵᠢᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ᠂ ᠤᠰᠤ ᠰᠢᠷᠣᠶ ᠵᠢ ᠬᠠᠮᠠᠭ᠋ᠠᠯᠠᠬᠤ᠂ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠡᠷᠭᠡ ᠤᠰᠤᠨ ᠠᠰᠢᠭᠯᠠᠯᠲᠠ ᠵᠢᠨ ᠠᠵᠢᠯ᠎ᠢ ᠠᠬᠢᠭᠤᠯᠵᠤ᠂ ᠢᠯᠠᠩᠭᠤᠶ᠎ᠠ ᠠᠶ᠋ᠢᠮᠠᠭ ᠬᠤᠲᠠ᠂ ᠬᠤᠰᠢᠭᠤ ᠰᠢᠶᠠᠨ᠎ᠤ ᠪᠠᠶ᠋ᠢᠴᠠᠭ᠋ᠠᠯᠲᠠ᠂ ᠬᠢᠨᠠᠨ ᠰᠢᠯᠭ᠋ᠠᠯᠲᠠ᠂ ᠪᠠᠶ᠋ᠢᠴᠠᠭ᠋ᠠᠨ ᠰᠤᠳᠤᠯᠤᠯᠲᠠ ᠵᠡᠷᠭᠡ ᠠᠵᠢᠯ᠎ᠤᠨ ᠳᠤᠮᠳᠠ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠵᠤ᠂ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠬᠥᠩᠭᠡᠷᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠫᠧᠩ ᠶᠠ ᠯᠢ᠂ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠢ ᠢᠨᠵᠧᠨᠧᠷ᠂ ᠶᠡᠷᠦᠩᠬᠡᠢ ᠠᠵᠤ ᠠᠬᠤᠶ᠋ᠢᠴᠢ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠪᠣᠯᠤᠨ ᠲᠢᠩᠬᠢᠮ᠎ᠤᠨ ᠪᠠᠶ᠋ᠢᠭᠤᠯᠭ᠎ᠠ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ᠂ ᠬᠥᠬᠡᠬᠤᠲᠠ᠎ᠳᠤ ᠰᠠᠭᠤᠭ᠎ᠠ ᠡᠯ᠎ᠡ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠱᠦᠵᠢ (ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠭᠡᠰᠢᠭᠦᠨ)᠂ ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠱᠦᠵᠢ ᠬᠤᠷᠠᠯ᠎ᠳᠤ ᠣᠷᠣᠯᠴᠠᠪᠠ᠃
(ᠡᠬᠡ ᠪᠢᠴᠢᠭ᠎ᠢ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠎ᠠᠴᠠ ᠬᠠᠩᠭ᠋ᠠᠪᠠ)