ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠠᠬᠢᠯᠭ᠎ᠠ ᠪᠠᠲᠤ ᠵᠢ ᠰᠤᠷᠴᠤ ᠮᠡᠳᠡᠵᠦ ᠣᠢ᠌ᠯᠠᠭ᠋ᠠᠨ ᠰᠠᠬᠢᠶ᠎ᠠ
ᠨᠡᠶ᠋ᠢᠲᠡᠯᠡᠭᠰᠡᠨ ᠴᠠᠭ᠄ 2024-04-17

   ᠣᠢ᠌ᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ 《ᠪᠥᠬᠥ ᠨᠠᠮ᠎ᠤᠨ ᠬᠡᠪᠴᠢᠶᠡᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ  ᠲᠠᠷᠬᠠᠭ᠋ᠠᠳ ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ  ᠰᠢᠢ᠍ᠳᠬᠡᠯ  ᠥᠭᠬᠦ ᠳᠦᠷᠢᠮ》᠎ᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠵᠢᠨ ᠲᠥᠯᠥᠭᠡ᠂ ᠨᠠᠮ᠎ᠤᠨ ᠲᠥᠪ ᠬᠣᠷᠢᠶ᠎ᠠ᠎ᠪᠠᠷ ᠵᠥᠪᠰᠢᠶᠡᠷᠡᠭᠦᠯᠦᠭᠡᠳ᠂ 2024 ᠣᠨ᠎ᠤ 4  ᠳ᠋ᠦ᠍ᠭᠡᠷ  ᠰᠠᠷ᠎ᠠ᠎ᠠᠴᠠ 7  ᠳ᠋ᠤᠭ᠋ᠠᠷ  ᠰᠠᠷ᠎ᠠ ᠪᠣᠯᠲᠠᠯ᠎ᠠ᠂ ᠪᠥᠬᠥ ᠨᠠᠮ᠎ᠤᠨ ᠬᠡᠪᠴᠢᠶᠡᠨ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ  ᠥᠷᠨᠢᠭᠦᠯᠦᠨ᠎ᠡ  ᠭᠡᠵᠦ  ᠵᠢᠭ᠋ᠠᠨ  ᠭᠠᠷᠭ᠋ᠠᠪᠠ᠃  ᠲᠤᠰ ᠤᠳᠠᠭ᠋ᠠᠨ᠎ᠤ  ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠣᠯ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ  ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠬᠥᠭᠵᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ  ᠮᠥᠨ᠃

  《  ᠰᠠᠬᠢᠯᠭ᠎ᠠ ᠪᠠᠲᠤᠴᠢ ᠴᠢᠨᠠᠷ᠎ᠢ ᠴᠢᠩᠭ᠋ᠠᠳᠬᠠᠪᠠᠯ ᠬᠤᠪᠢᠰᠬᠠᠯ  ᠢᠯᠠᠭᠳᠠᠬᠤ  ᠭᠡᠵᠦ  ᠪᠠᠢ᠌ᠬᠤ  ᠦᠭᠡᠢ ᠶᠤᠮ ᠃ 》 ᠰᠠᠬᠢᠯᠭ᠎ᠠ ᠪᠠᠲᠤ ᠴᠢᠩᠭ᠎ᠠ ᠪᠠᠢ᠌ᠬᠤ ᠪᠣᠯ ᠨᠠᠮ᠎ᠤᠨ ᠢᠷᠠᠭᠤ ᠠᠯᠳᠠᠷᠲᠤ ᠤᠯᠠᠮᠵᠢᠯᠠᠯ  ᠮᠥᠷᠲᠡᠭᠡᠨ  ᠥᠪᠡᠷᠮᠢᠴᠡ ᠳᠠᠪᠠᠭᠤᠯᠢᠭ ᠮᠥᠨ ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠡᠷᠬᠢᠮ ᠳᠡᠭᠡᠳᠦ ᠡᠭᠦᠷᠭᠡ ᠵᠢ ᠡᠭᠦᠷᠭᠡᠯᠡᠵᠦ ᠪᠠᠢ᠌ᠬᠤ ᠪᠥᠭᠡᠳ ᠤᠷᠤᠭᠰᠢᠯᠠᠯᠲᠠ ᠵᠢᠨ ᠵᠠᠮ᠎ᠳᠤ  ᠬᠦᠨᠳᠦ ᠶᠡᠬᠡ ᠥᠷᠢᠰᠦᠯᠳᠦᠭᠡᠨ᠎ᠨᠦᠭᠦᠳ  ᠲᠤᠯᠭ᠋ᠠᠷᠠᠭᠰᠠᠭ᠋ᠠᠷ ᠪᠤᠢ᠃ ᠨᠠᠮ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ  ᠨᠡᠩ  ᠪᠤᠳᠤᠯᠢᠶᠠᠨᠲᠠᠢ ᠪᠣᠯᠬᠤ ᠲᠤᠳᠤᠮ ᠡᠭᠦᠷᠭᠡᠯᠡᠵᠦ ᠪᠠᠢ᠌ᠭ᠎ᠠ ᠡᠭᠦᠷᠭᠡ  ᠨᠡᠩ ᠬᠦᠨᠳᠦ ᠬᠡᠴᠡᠭᠦᠦ ᠪᠣᠯᠣᠨ᠎ᠠ᠂  ᠡᠭᠦᠷᠭᠡᠯᠡᠵᠦ ᠪᠠᠢ᠌ᠭ᠎ᠠ ᠡᠭᠦᠷᠭᠡ  ᠨᠡᠩ ᠬᠦᠨᠳᠦ ᠬᠡᠴᠡᠭᠦᠦ ᠪᠣᠯᠬᠤ ᠲᠤᠲᠤᠮ  ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ  ᠨᠡᠩ ᠴᠢᠩᠭ᠋ᠠᠳᠬᠠᠨ᠂ ᠨᠠᠮ᠎ᠤᠨ ᠪᠦᠯᠬᠦᠮᠳᠡᠯ᠎ᠢ  ᠨᠡᠩ  ᠬᠠᠮᠠᠭ᠋ᠠᠯᠠᠵᠤ ᠂ ᠪᠦᠬᠦ ᠨᠠᠮ ᠵᠶ᠋ᠠᠷ ᠵᠶ᠋ᠠᠨ ᠠᠯᠬᠤᠮ ᠨᠢᠭᠡᠲᠡᠢ ᠤᠷᠤᠭᠰᠢᠯᠠᠬᠤ ᠵᠢ  ᠯᠠᠪᠲᠠᠢ᠌ᠶ᠎ᠠ  ᠪᠠᠲᠤᠯᠠᠬᠤ ᠬᠡᠷᠡᠭᠲᠡᠢ ᠃ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠴᠢᠨᠠᠷ ᠪᠠ ᠨᠠᠮ᠎ᠤᠨ ᠰᠠᠬᠢᠯᠭ᠎ᠠ ᠪᠠᠲᠤ ᠵᠢ  ᠤᠮᠳᠤᠭ᠋ᠠᠢ᠌ᠯᠠᠭᠰᠠᠨ ᠂ ᠵᠥᠷᠢᠴᠡᠭᠰᠡᠨ ᠠᠰᠠᠭᠤᠳᠠᠯ᠎ᠤᠨ ᠬᠣᠣᠷ  ᠨᠥᠯᠥᠭᠡᠲᠦ  ᠴᠢᠨᠠᠷ᠎ᠤᠨ ᠲᠤᠬᠠᠢ ᠲᠠᠨᠢᠯᠲᠠ᠎ᠪᠠᠨ  ᠴᠢᠨᠠᠭᠰᠢᠳᠠ  ᠤᠯᠠᠮ ᠭᠦᠨᠵᠡᠭᠡᠢ᠌ᠷᠡᠭᠦᠯᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ  ᠬᠢᠭᠡᠳ  ᠤᠳᠤᠷᠢᠳᠬᠤ ᠪᠠᠭ᠎ᠤᠨ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠎ᠠ ᠠᠳᠬᠤᠬᠤ ᠵᠢ  ᠠᠬᠢᠭᠤᠯᠤᠨ ᠂ ᠥᠷᠭᠡᠨ ᠤᠯᠠᠨ ᠨᠠᠮ᠎ᠤᠨ  ᠭᠡᠰᠢᠭᠦᠳ᠂ ᠺᠠᠳ᠋ᠷᠴᠤᠳ᠎ᠤᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠵᠶ᠋ᠠᠨ ᠴᠢᠩᠭ᠋ᠠᠳᠬᠠᠬᠤ ᠵᠢ ᠎ᠨᠢ  ᠠᠬᠢᠭᠤᠯᠵᠤ ᠂  ᠲᠥᠪ  ᠴᠢᠩᠭ᠎ᠠ ᠰᠠᠬᠢᠯᠭ᠎ᠠ ᠪᠠᠲᠤ᠎ᠪᠠᠷ ᠪᠦᠬᠦ ᠨᠠᠮ᠎ᠤᠨ ᠡᠷᠡᠰ  ᠲᠠᠰᠤᠷᠬᠠᠢ  ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠬᠤ ᠵᠢ  ᠪᠠᠷᠢᠮᠲᠠᠯᠠᠨ ᠂ ᠦᠵᠡᠯ ᠰᠠᠨᠠᠭ᠎ᠠ᠎ᠪᠠᠨ  ᠨᠢᠭᠡᠳᠬᠡᠵᠦ ᠂ ᠦᠢ᠍ᠯᠡ ᠠᠵᠢᠯᠯᠠᠭ᠎ᠠ᠎ᠪᠠᠨ  ᠨᠢᠭᠡᠳᠬᠡᠵᠦ ᠂ ᠬᠢᠬᠦ ᠵᠣᠭᠰᠣᠬᠤ᠎ᠪᠠᠨ  ᠮᠡᠳᠡᠨ ᠂ ᠵᠠᠷᠯᠢᠭ ᠴᠠᠭ᠋ᠠᠵᠠ ᠵᠢ  ᠳᠠᠭ᠋ᠠᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠠ ᠨᠡᠢ᠌ᠯᠡᠮᠡᠯ ᠬᠦᠴᠦᠨ᠎ᠢ  ᠪᠦᠷᠢᠯᠳᠦᠭᠦᠯᠬᠦ ᠬᠡᠷᠡᠭᠲᠡᠢ ᠃

   ᠶᠡᠷᠦᠩᠬᠡᠢ ᠱᠦᠵᠢ ᠰᠢ ᠵᠢᠨ ᠫᠢᠩ ᠄ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠵᠣᠬᠢᠶᠠᠨ ᠪᠠᠢ᠌ᠭᠤᠯᠤᠨ ᠥᠷᠨᠢᠭᠦᠯᠵᠦ᠂ ᠨᠠᠮ᠎ᠤᠨ  ᠭᠡᠰᠢᠭᠦᠳ  ᠺᠠᠳ᠋ᠷᠴᠤᠳ᠎ᠤᠨ ᠰᠠᠬᠢᠯᠭ᠎ᠠ ᠪᠠᠲᠤ ᠵᠢ  ᠰᠤᠷᠴᠤ ᠂  ᠮᠡᠳᠡᠵᠦ ᠂ ᠣᠢ᠌ᠯᠠᠭ᠋ᠠᠵᠤ ᠂ ᠰᠠᠬᠢᠬᠤ ᠵᠢ ᠎ᠨᠢ ᠳᠠᠭ᠋ᠠᠭᠤᠯᠤᠨ  ᠵᠢᠯᠤᠭᠣᠳᠴᠤ᠂ ᠤᠳᠤᠷᠢᠳᠬᠤ ᠺᠠᠳ᠋ᠷᠴᠤᠳ᠎ᠤᠨ ᠵᠥᠪ ᠡᠷᠬᠡ ᠵᠢᠨ ᠦᠵᠡᠯᠲᠡ ᠵᠢ ᠪᠣᠶ ᠪᠣᠯᠭ᠋ᠠᠬᠤ᠂ ᠡᠷᠬᠡ᠎ᠪᠠᠨ ᠲᠥᠪ ᠭᠣᠥᠯᠴᠢ᠎ᠪᠠᠷ ᠬᠡᠷᠡᠭᠯᠡᠬᠦ᠂ ᠡᠷᠬᠡ᠎ᠪᠠᠨ ᠬᠠᠤᠯᠢ ᠶᠣᠰᠣᠭ᠋ᠠᠷ ᠬᠡᠷᠡᠭᠯᠡᠬᠦ᠂ ᠠᠷᠠᠳ᠎ᠤᠨ ᠲᠥᠯᠥᠭᠡ ᠡᠷᠬᠡ᠎ᠪᠠᠨ ᠬᠡᠷᠡᠭᠯᠡᠬᠦ᠂ ᠠᠷᠢᠭᠤᠨ ᠴᠢᠬᠡᠴᠢ᠎ᠪᠠᠷ ᠡᠷᠬᠡ᠎ᠪᠠᠨ ᠬᠡᠷᠡᠭᠯᠡᠬᠦ ᠵᠢ  ᠰᠢᠮᠳᠠᠭᠤᠯᠬᠤ  ᠬᠡᠷᠡᠭᠲᠡᠢ》  ᠭᠡᠵᠦ ᠴᠢᠬᠤᠯᠠᠴᠢᠯᠠᠵᠠᠢ ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠢ᠌ᠲᠤᠷ  ᠥᠷᠨᠢᠭᠦᠯᠬᠦ᠎ᠳᠤ  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ  ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠵᠠᠷᠢᠮ ᠨᠠᠮ᠎ᠤᠨ ᠭᠡᠰᠢᠭᠦᠨ᠂  ᠺᠠᠳ᠋ᠷ᠎ᠤᠨ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠳᠤ ᠰᠠᠨᠠᠭ᠎ᠠ ᠲᠠᠯᠪᠢᠬᠤ ᠦᠭᠡᠢ᠂ ᠣᠢ᠌ᠯᠠᠭ᠋ᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ᠎ᠤᠳ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ  ᠲᠥᠪᠯᠡᠷᠡᠭᠦᠯᠦᠨ ᠂ ᠨᠠᠮ᠎ᠤᠨ  ᠭᠡᠰᠢᠭᠦᠳ  ᠢᠯᠠᠩᠭᠤᠶ᠎ᠠ ᠨᠠᠮ᠎ᠤᠨ ᠤᠳᠤᠷᠢᠳᠬᠤ ᠺᠠᠳ᠋ᠷᠴᠤᠳ᠎ᠢ ᠵᠣᠬᠢᠶᠠᠨ ᠪᠠᠢ᠌ᠭᠤᠯᠤᠨ 《ᠳᠦᠷᠢᠮ》᠎ᠢ ᠨᠠᠷᠢᠨ ᠬᠢᠨᠠᠮᠠᠭ᠋ᠠᠢ ᠰᠤᠷᠤᠯᠴᠠᠭᠤᠯᠵᠤ᠂ ᠰᠠᠬᠢᠯᠭ᠎ᠠ ᠪᠠᠲᠤ ᠵᠢ  ᠰᠤᠷᠴᠤ᠂  ᠮᠡᠳᠡᠵᠦ᠂  ᠣᠢ᠌ᠯᠠᠭ᠋ᠠᠵᠤ᠂ ᠰᠠᠬᠢᠬᠤ ᠵᠢ ᠪᠡᠶᠡᠯᠡᠭᠦᠯᠵᠦ ᠂ ᠨᠠᠮ᠎ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠣᠯᠬᠤ ᠵᠢ ᠲᠣᠳᠣᠷᠬᠠᠢ ᠣᠢ᠌ᠯᠠᠭ᠋ᠠᠵᠤ ᠂ ᠶᠠᠭᠤ ᠬᠢᠵᠦ ᠪᠣᠯᠬᠤ ᠂ ᠶᠠᠭᠤ ᠬᠢᠵᠦ  ᠡᠰᠡ  ᠪᠣᠯᠬᠤ ᠵᠢ  ᠮᠡᠳᠡᠵᠦ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠤ᠎ᠪᠠᠨ  ᠬᠠᠳᠠᠩᠰᠢᠭᠤᠯᠵᠤ ᠂ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠵᠶ᠋ᠡᠨ  ᠪᠠᠷᠢᠮᠵᠢᠶ᠎ᠠ  ᠪᠣᠯᠭ᠋ᠠᠨ᠂ ᠰᠠᠬᠢᠯᠭ᠎ᠠ ᠪᠠᠲᠤ ᠵᠢᠨ ᠤᠬᠠᠮᠰᠠᠷ ᠂ ᠥᠪᠡᠷ  ᠪᠡᠶ᠎ᠡ ᠵᠢᠨ  ᠬᠢᠵᠠᠭ᠋ᠠᠷᠯᠠᠯ᠂  ᠳᠠᠷᠬᠠᠯᠠᠭ᠎ᠠ᠎ᠪᠠᠨ  ᠴᠢᠨᠠᠭᠰᠢᠳᠠ ᠤᠯᠠᠮ  ᠳᠡᠭᠡᠭᠰᠢᠯᠡᠭᠦᠯᠵᠦ ᠂ ᠤᠯᠤᠰ ᠲᠦᠷᠦ ᠵᠢᠨ ᠲᠣᠭᠲᠠᠯ ᠬᠦᠴᠦᠨ ᠂ ᠰᠠᠬᠢᠯᠭ᠎ᠠ ᠪᠠᠲᠤ ᠵᠢᠨ ᠲᠣᠭᠲᠠᠯ ᠬᠦᠴᠦᠨ ᠂ ᠶᠣᠰᠣ ᠰᠤᠷᠲᠠᠬᠤᠨ᠎ᠤ ᠲᠣᠭᠲᠠᠯ ᠬᠦᠴᠦᠨ ᠂  ᠢᠯᠵᠠᠷᠠᠯ᠎ᠢ ᠡᠰᠡᠷᠭᠦᠴᠡᠬᠦ ᠲᠣᠭᠲᠠᠯ ᠬᠦᠴᠦᠨ ᠵᠶ᠋ᠡᠨ ᠴᠢᠩᠭ᠋ᠠᠳᠬᠠᠵᠤ ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠎ᠲᠠᠢ ᠪᠠᠢ᠌ᠬᠤ ᠵᠢ ᠪᠡᠶᠡᠯᠡᠭᠦᠯᠬᠦ ᠬᠡᠷᠡᠭᠲᠡᠢ ᠃

   ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ  ᠦᠨᠳᠦᠰᠦ ᠵᠢ᠎ᠨᠢ  ᠵᠠᠰᠠᠬᠤ ᠪᠣᠳᠣᠯᠭ᠎ᠠ ᠮᠥᠨ ᠃  ᠦᠵᠡᠯ ᠰᠠᠨᠠᠭ᠎ᠠ  ᠪᠠ  ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠲᠠᠢ  ᠨᠢᠭᠡᠳᠬᠡᠨ ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ ᠂ ᠨᠠᠮ᠎ᠤᠨ  ᠭᠡᠰᠢᠭᠦᠳ  ᠺᠠᠳ᠋ᠷᠴᠤᠳ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠬᠦ ᠵᠢ ᠠᠬᠢᠭᠤᠯᠵᠤ ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠷᠭ᠎ᠠ ᠬᠡᠮᠵᠢᠶ᠎ᠡ ᠨᠢᠭᠡᠪᠦᠷᠢ ᠵᠢ ᠴᠥᠮ ᠭᠣᠣᠯ ᠠᠵᠢᠯ᠎ᠢ ᠠᠬᠢᠭᠤᠯᠬᠤ ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭ᠋ᠠᠬᠤ ᠬᠡᠷᠡᠭᠲᠡᠢ ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠲᠣᠬᠢᠶᠠᠯ  ᠪᠣᠯᠭ᠋ᠠᠨ᠂ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠨᠡᠩ ᠲᠣᠪᠣᠢ᠌ᠮ᠎ᠠ ᠪᠠᠢ᠌ᠷᠢᠨ᠎ᠳᠤ ᠲᠠᠯᠪᠢᠵᠤ ᠂ ᠰᠠᠬᠢᠯᠭ᠎ᠠ ᠪᠠᠲᠤ ᠭᠡᠬᠦ ᠡᠨᠡ ᠬᠦ᠌ ᠨᠠᠮ᠎ᠢ ᠬᠠᠮᠢᠶᠠᠷᠴᠤ ᠨᠠᠮ᠎ᠢ ᠵᠠᠰᠠᠬᠤ 《  ᠱᠤᠭᠤᠮ 》᠎ᠢ  ᠰᠠᠢ᠌ᠲᠤᠷ ᠬᠡᠷᠡᠭᠯᠡᠵᠦ ᠂ ᠪᠦᠬᠦ ᠨᠠᠮ ᠵᠶ᠋ᠠᠷ ᠵᠶ᠋ᠠᠨ ᠤᠬᠠᠮᠰᠠᠷ᠎ᠠᠴᠠ᠎ᠪᠠᠨ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠪᠠᠷ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠵᠠᠯᠠᠷᠠᠭᠤᠯᠪᠠᠯ ᠂ ᠨᠠᠮ᠎ᠢ ᠨᠡᠩ ᠪᠠᠲᠤ ᠴᠢᠩᠭ᠎ᠠ ᠬᠦᠴᠦᠨ᠎ᠲᠠᠢ ᠪᠣᠯᠭ᠋ᠠᠨ ᠪᠠᠢ᠌ᠭᠤᠯᠵᠤ ᠴᠢᠳᠠᠬᠤ᠎ᠨᠢ ᠯᠠᠪᠲᠠᠢ  ᠶᠤᠮ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠰᠤ ᠰᠢᠷᠤᠢ ᠵᠢ ᠬᠠᠮᠠᠭ᠋ᠠᠯᠠᠬᠤ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠱᠧᠩ ᠰᠢᠶᠣᠣ ᠶᠢᠤ ᠬᠥᠬᠡᠬᠤᠲᠠ ᠵᠢᠨ ᠬᠠᠲᠤᠨ ᠭᠤᠤᠯ᠎ᠤᠨ ᠤᠰᠤ ᠵᠢ ᠲᠠᠲᠠᠵᠤ ᠤᠰᠤ ᠬᠠᠩᠭ᠋ᠠᠬᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠵᠣᠬᠢᠴᠠᠭᠤᠯᠤᠨ ᠠᠬᠢᠭᠤᠯᠤᠨ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠤᠰᠤ ᠵᠢ ᠠᠷᠪᠢᠯᠠᠵᠤ ᠬᠡᠷᠡᠭᠯᠡᠬᠦ ᠭᠤᠤᠯᠳᠠᠯᠭ᠎ᠠ᠎ᠲᠠᠢ ᠠᠵᠢᠯ᠎ᠢ ᠪᠠᠶ᠋ᠢᠷᠢᠯᠠᠭᠤᠯᠪᠠ
《5 · 1》᠎ᠠᠴᠠ ᠡᠮᠦᠨ᠎ᠡ ᠳᠡᠭᠡᠳᠦ ᠬᠤᠷᠳᠤᠨ ᠲᠡᠷᠭᠡᠨ᠎ᠤ ᠵᠠᠮ᠎ᠤᠨ ᠬᠤᠷᠳᠤᠴᠠ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ᠎ᠳᠤ ᠳᠠᠬᠢᠨᠲᠠ ᠲᠤᠬᠢᠷᠠᠭᠤᠯᠤᠯᠤᠲᠠ ᠬᠢᠪᠡ    ᠮᠠᠨ᠎ᠤ ᠣᠷᠣᠨ᠎ᠤ 120 ᠺᠢᠯᠤᠮᠸᠲᠷ/ ᠴᠠᠭ᠎ᠤᠨ ᠳᠡᠭᠡᠳᠦ ᠬᠣᠷᠳᠤ 4600 ᠺᠢᠯᠤᠮᠸᠲᠷ᠎ᠢ ᠳᠠᠪᠠᠬᠤ ᠪᠣᠯᠤᠨ᠎ᠠ
 
            