ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ᠎ᠠᠴᠠ ᠣᠢ᠌ᠯᠠᠭ᠋ᠠᠭᠰᠠᠨ ᠵᠶ᠋ᠠᠷ᠂ ᠣᠢ᠌ᠷ᠎ᠠ᠎ᠳᠤ᠂ ᠲᠣᠰ ᠬᠡᠯᠲᠡᠰ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ᠎ᠤᠨ 2024 ᠣᠨ᠎ᠤ ᠠᠵᠢᠯ᠎ᠤᠨ ᠭᠣᠣᠯᠳᠠᠯᠭ᠎ᠠ》 (ᠳᠣᠷᠣᠭᠰᠢ 《ᠠᠵᠢᠯ᠎ᠤᠨ ᠭᠣᠣᠯᠳᠠᠯᠭ᠎ᠠ》 ᠭᠡᠵᠦ ᠲᠣᠪᠴᠢᠯᠠᠪᠠ ) ᠵᠢ ᠳᠠᠷᠤᠮᠠᠯᠯᠠᠨ ᠲᠠᠷᠬᠠᠭ᠋ᠠᠵᠤ᠂ 28 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ 9 ᠲᠠᠯ᠎ᠠ᠎ᠠᠴᠠ ᠨᠠᠢ᠌ᠳᠠᠪᠤᠷᠢᠵᠢᠭᠤᠯᠤᠨ᠂ ᠪᠥᠬᠥ ᠣᠷᠣᠨ᠎ᠤ ᠨᠡᠢ᠌ᠭᠡᠮ᠎ᠤᠨ ᠠᠵᠢᠯ᠎ᠢ ᠦᠨᠡᠬᠡᠷ ᠰᠠᠢ᠌ᠲᠤᠷ ᠬᠢᠬᠦ᠎ᠪᠠᠷ ᠪᠠᠢ᠌ᠨ᠎ᠠ ᠃
ᠣᠢ᠌ᠯᠠᠭ᠋ᠠᠭᠰᠠᠨ ᠵᠶ᠋ᠠᠷ᠂ 《ᠠᠵᠢᠯ᠎ᠤᠨ ᠭᠣᠣᠯᠳᠠᠯᠭ᠎ᠠ》᠎ᠳᠤ ᠭᠣᠣᠯᠳᠠᠭᠤ 《ᠨᠡᠢ᠌ᠭᠡᠮ᠎ᠤᠨ ᠠᠵᠢᠯ᠎ᠤᠨ ᠬᠦᠷᠢᠶᠡᠨ᠎ᠳᠠᠬᠢ ᠤᠯᠤᠰ ᠲᠥᠷᠥ ᠵᠢᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠤᠨ ᠠᠵᠢᠯ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ᠂ ᠪᠦᠬᠦ ᠲᠠᠯ᠎ᠠ᠎ᠪᠠᠷ ᠲᠥᠯᠥᠪᠯᠡᠬᠦ ᠪᠠ ᠰᠢᠰᠲ᠋ᠧᠮ᠎ᠲᠠᠢ ᠵᠢᠯᠣᠭᠣᠳᠬᠤ ᠠᠵᠢᠯ᠎ᠢ ᠴᠢᠩᠭ᠋ᠠᠳᠬᠠᠬᠤ ᠂ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠵᠢᠯᠤᠭᠣᠳᠬᠤ ᠪᠠ ᠠᠷᠠᠳ᠎ᠤᠨ ᠰᠠᠨᠠᠭᠤᠯᠭ᠎ᠠ ᠴᠤᠭᠯᠠᠭᠤᠯᠬᠤ ᠠᠵᠢᠯ᠎ᠢ ᠵᠢᠯᠣᠭᠣᠳᠬᠤ ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠪᠠᠢ᠌ᠭᠤᠯᠤᠯᠲᠠ ᠵᠢᠨ ᠠᠵᠢᠯ᠎ᠢ ᠬᠥᠲᠥᠯᠥᠨ ᠳᠠᠭ᠋ᠠᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠂ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠨᠡᠢ᠌ᠭᠡᠮᠯᠢᠭ᠎ᠤᠨ ᠨᠠᠮ᠎ᠤᠨ ᠪᠠᠢ᠌ᠭᠤᠯᠤᠯᠲᠠ ᠪᠠ ᠥᠭᠡᠷᠡᠴᠢᠯᠡᠯᠲᠡ ᠬᠥᠭᠵᠢᠭᠦᠯᠦᠯᠲᠡ ᠵᠢᠨ ᠠᠵᠢᠯ᠎ᠢ ᠦᠨᠡᠬᠡᠷ ᠰᠠᠢ᠌ᠲᠤᠷ ᠬᠢᠬᠦ ᠂ 〈 ᠬᠣᠶᠠᠷ ᠠᠵᠤ ᠠᠬᠤᠢ᠌ᠯᠠᠯ ᠭᠤᠷᠪᠠᠨ ᠰᠢᠨ᠎ᠡ 〉 ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠬᠦᠴᠦᠯᠡᠨ ᠠᠬᠢᠭᠤᠯᠬᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ ᠪᠠ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠥᠪᠡᠷ ᠪᠡᠶ᠎ᠡ ᠵᠢᠨ ᠬᠤᠪᠢᠰᠬᠠᠯ ᠬᠢᠬᠦ ᠳᠦᠷᠢᠮ ᠲᠣᠭᠲᠠᠴᠠ ᠵᠢᠨ ᠠᠵᠢᠯ᠎ᠢ ᠪᠦᠷᠢᠨᠰᠢᠭᠦᠯᠦᠨ ᠲᠡᠭᠦᠯᠳᠡᠷᠵᠢᠭᠦᠯᠬᠦ 》 ᠵᠡᠷᠭᠡ 9 ᠲᠠᠯ᠎ᠠ᠎ᠪᠠᠷ 28 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠤᠨ ᠭᠠᠷᠭ᠋ᠠᠪᠠ ᠃
《ᠠᠵᠢᠯ᠎ᠤᠨ ᠭᠣᠣᠯᠳᠠᠯᠭ᠎ᠠ》 ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠰᠠᠯᠠᠭ᠎ᠠ ᠮᠥᠴᠢᠷ᠎ᠤᠳ ᠠᠷᠭ᠎ᠠ ᠪᠠᠷᠢᠯ ᠵᠶ᠋ᠠᠨ ᠬᠢᠨᠠᠮᠠᠭ᠋ᠠᠢ ᠨᠠᠷᠢᠯᠢᠭᠵᠢᠭᠤᠯᠵᠤ᠂ ᠡᠯ᠎ᠡ ᠵᠦᠢ᠍ᠯ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠭᠤᠷᠪᠠᠨ ᠲᠠᠯ᠎ᠠ᠎ᠪᠠᠷ ᠠᠬᠢᠭᠤᠯᠤᠨ᠎ᠠ ᠃ ᠠᠵᠢᠯ᠎ᠤᠨ ᠪᠠᠢ᠌ᠷᠢᠯᠠᠭᠤᠯᠤᠯᠲᠠ᠎ᠪᠠᠨ ᠴᠢᠩᠭ᠋ᠠᠳᠬᠠᠵᠤ᠂ ᠤᠯᠠᠮ ᠨᠢᠭᠡ ᠠᠯᠬᠤᠮ ᠳᠤᠲᠠᠭᠳᠠᠯ ᠵᠶ᠋ᠠᠨ ᠨᠥᠬᠥᠪᠦᠷᠢᠯᠡᠵᠦ᠂ ᠪᠠᠭᠤᠷᠠᠢ᠎ᠪᠠᠨ ᠴᠢᠩᠭ᠋ᠠᠳᠬᠠᠨ᠂ ᠳᠠᠪᠠᠭᠤᠯᠢᠭ ᠵᠶ᠋ᠠᠨ ᠪᠠᠳᠠᠷᠠᠭᠤᠯᠵᠤ᠂ ᠦᠨᠳᠦᠰᠦ᠎ᠪᠠᠨ ᠪᠠᠲᠤᠳᠬᠠᠨ᠎ᠠ ; ᠭᠣᠣᠯᠳᠠᠯᠭ᠎ᠠ᠎ᠲᠠᠢ ᠰᠢᠪᠲᠤᠯᠤᠯᠲᠠ ᠵᠢ ᠴᠢᠩᠭ᠋ᠠᠳᠬᠠᠵᠤ ᠂ ᠵᠠᠬᠢᠳᠠᠯ ᠰᠤᠷᠪᠤᠯᠵᠢᠯᠠᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠵᠢᠯᠤᠭᠣᠳᠬᠤ ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠵᠡᠷᠭᠡ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ 《ᠶᠡᠬᠡ ᠲᠡᠷᠭᠡᠨ᠎ᠳᠤ ᠤᠨᠠᠭ᠎ᠠ ᠬᠥᠯᠬᠦ 》 ᠵᠡᠷᠭᠡ ᠲᠣᠪᠣᠢ᠌ᠮ᠎ᠠ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠨ᠎ᠡ ; ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ ᠬᠠᠤᠯᠢ᠎ᠪᠠᠷ ᠵᠠᠰᠠᠬᠤ ᠰᠡᠳᠬᠢᠬᠦᠢ ᠪᠠ ᠠᠷᠭ᠎ᠠ ᠵᠢ ᠬᠡᠷᠡᠭᠯᠡᠵᠦ ᠂ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠰᠢᠰᠲ᠋ᠧᠮ᠎ᠲᠠᠢ ᠰᠢᠨᠵᠢᠯᠡᠬᠦ ᠤᠬᠠᠭ᠋ᠠᠨᠴᠢ ᠲᠣᠭᠲᠠᠯᠴᠠᠭ᠎ᠠ ᠵᠢ ᠪᠦᠬᠦ ᠬᠦᠴᠦᠨ ᠵᠶ᠋ᠡᠷ ᠪᠠᠢ᠌ᠭᠤᠯᠵᠤ ᠂ ᠰᠢᠨ᠎ᠡ ᠴᠠᠭ ᠦᠶ᠎ᠡ ᠵᠢᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠬᠦ ᠬᠦᠴᠦᠨ ᠵᠶ᠋ᠡᠷ ᠠᠬᠢᠭᠤᠯᠤᠨ᠎ᠠ ᠃