ᠵᠣᠷᠢᠭᠤᠳᠠ ᠵᠢᠨ ᠤᠰᠤ ᠰᠢᠷᠤᠢ ᠵᠢᠨ ᠢᠳᠡᠭᠳᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠰᠢᠷᠤᠢ ᠵᠢᠨ ᠬᠠᠮᠠᠭ᠋ᠠᠯᠠᠯᠲᠠ ᠵᠢᠨ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 4 ᠳ᠋ᠦ᠍ᠭᠡᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠰᠤ ᠰᠢᠷᠤᠢ ᠵᠢᠨ ᠬᠠᠮᠠᠭ᠋ᠠᠯᠠᠯᠲᠠ ᠵᠢᠨ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠠᠭ᠋ᠠᠨᠬᠠᠳᠠ ᠬᠤᠳᠠ ᠵᠢᠨ ᠤᠰᠤᠨ ᠠᠰᠢᠭᠯᠠᠯᠲᠠ ᠵᠢᠨ ᠲᠤᠪᠴᠢᠶ᠎ᠠ᠂ ᠡᠷᠢᠶᠡᠨ ᠬᠤᠳᠠ ᠵᠢᠨ ᠲᠠᠷᠢᠶᠠᠯᠠᠩ ᠮᠠᠯ ᠠᠵᠤ ᠠᠬᠤᠢ ᠪᠠ ᠤᠰᠤᠨ᠎ᠤ ᠶᠠᠪᠤᠳᠠᠯ᠎ᠤᠨ ᠲᠤᠪᠴᠢᠶ᠎ᠠ ᠪᠣᠯᠤᠨ ᠨᠢᠩᠴᠧᠩ ᠰᠢᠶᠠᠨ᠎ᠤ ᠤᠰᠤᠨ ᠠᠰᠢᠭᠯᠠᠯᠲᠠ ᠵᠢᠨ ᠲᠤᠪᠴᠢᠶ᠎ᠠ᠎ᠲᠠᠢ ᠪᠣᠯᠵᠣᠨ ᠶᠠᠷᠢᠯᠴᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠭᠤᠤ ᠮᠢᠩ ᠲᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ ᠪᠥᠬᠦ ᠣᠷᠣᠨ᠎ᠤ ᠤᠰᠤ ᠰᠢᠷᠤᠢ ᠵᠢ ᠬᠠᠮᠠᠭ᠋ᠠᠯᠠᠬᠤ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠮᠡᠳᠡᠭᠳᠡᠵᠦ᠂ ᠬᠤᠯᠪᠣᠭᠳᠠᠯ ᠪᠥᠬᠦᠶ ᠬᠤᠲᠠ᠂ ᠰᠢᠶᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠣᠰ ᠲᠣᠰ ᠬᠠᠷᠢᠭᠤ ᠮᠡᠳᠡᠭᠦᠯᠵᠦ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠰᠢᠯᠲᠠᠭ᠋ᠠᠨ᠎ᠢ ᠵᠠᠳᠠᠯᠬᠤ ᠵᠢᠨ ᠬᠠᠮᠲᠤ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃ ᠲᠢᠩᠬᠢᠮ᠎ᠤᠨ ᠤᠰᠤᠨ ᠠᠰᠢᠭᠯᠠᠯᠲᠠ ᠵᠢᠨ ᠭᠠᠵᠠᠷ ᠠᠰᠠᠭᠤᠳᠠᠯ᠎ᠳᠤ ᠴᠢᠭᠯᠡᠭᠦᠯᠦᠨ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠵᠢ ᠲᠥᠷᠥᠯ ᠬᠤᠪᠢᠶᠠᠨ ᠳᠤᠷᠠᠳᠴᠤ᠂ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠂ ᠴᠡᠭᠴᠡᠯᠡᠨ ᠰᠠᠶ᠋ᠢᠵᠢᠷᠠᠭᠤᠯᠬᠤ ᠴᠠᠭ᠎ᠤᠨ ᠬᠢᠵᠠᠭ᠋ᠠᠷ᠎ᠢ ᠳᠤᠷᠠᠳᠪᠠ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠵᠣᠷᠢᠭᠤᠳᠠ ᠤᠰᠤ ᠰᠢᠷᠤᠢ ᠵᠢᠨ ᠢᠳᠡᠭᠳᠡᠯ᠎ᠤᠨ ᠬᠢᠨᠠᠯᠲᠠ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠬᠤ ᠪᠣᠯ 《ᠰᠢᠨ᠎ᠡ ᠴᠠᠭ ᠦᠶ᠎ᠡ ᠵᠢᠨ ᠤᠰᠤ ᠰᠢᠷᠤᠢ ᠵᠢᠨ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠤᠰᠤ ᠰᠢᠷᠤᠢ ᠵᠢᠨ ᠬᠠᠮᠠᠭ᠋ᠠᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤ ᠰᠢᠷᠤᠢ ᠵᠢ ᠬᠠᠮᠠᠭ᠋ᠠᠯᠠᠬᠤ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠤᠰᠤ ᠰᠢᠷᠤᠢ ᠵᠢᠨ ᠢᠳᠡᠭᠳᠡᠯ᠎ᠤᠨ ᠪᠠᠶ᠋ᠢᠳᠠᠯ᠎ᠢ ᠪᠥᠬᠦ ᠲᠠᠯ᠎ᠠ᠎ᠪᠠᠷ ᠬᠢᠨᠠᠨ ᠡᠵᠡᠮᠳᠡᠵᠦ᠂ ᠴᠠᠭ ᠲᠤᠬᠠᠶ᠎ᠳᠤᠨᠢ ᠢᠯᠡᠷᠡᠭᠦᠯᠵᠦ᠂ ᠣᠨᠣᠪᠴᠢᠲᠠᠶ ᠮᠠᠭ᠋ᠠᠳᠯᠠᠨ ᠲᠣᠭᠲᠠᠭ᠋ᠠᠵᠤ᠂ ᠬᠠᠤᠯᠢ ᠲᠣᠭᠲᠠᠭ᠋ᠠᠯ ᠶᠣᠰᠣᠭ᠋ᠠᠷ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠵᠣᠷᠢᠭᠤᠳᠠ ᠤᠰᠤ ᠰᠢᠷᠤᠢ ᠵᠢᠨ ᠢᠳᠡᠭᠳᠡᠯ᠎ᠢ ᠰᠠᠶ᠋ᠢᠲᠤᠷ ᠬᠠᠮᠢᠶᠠᠷᠴᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠡᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠨᠢᠭᠡ᠎ᠳᠤ᠂ ᠲᠠᠨᠢᠯᠲᠠ᠎ᠪᠠᠨ ᠳᠡᠭᠡᠭᠰᠢᠯᠡᠭᠦᠯᠵᠦ᠂ ᠤᠰᠤ ᠰᠢᠷᠤᠢ ᠵᠢ ᠬᠠᠮᠠᠭ᠋ᠠᠯᠠᠬᠤ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ ᠤᠰᠤ ᠰᠢᠷᠤᠢ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠭᠡᠬᠦ ᠬᠡᠷᠡᠭᠲᠡᠶ; ᠬᠤᠶᠠᠷ᠎ᠲᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ; ᠭᠤᠷᠪᠠ᠎ᠳᠤ᠂ ᠬᠠᠮᠵᠢᠯᠴᠠᠨ ᠬᠢᠨᠠᠨ ᠬᠠᠮᠢᠶᠠᠷᠬᠤ ᠪᠠ ᠬᠤᠯᠪᠣᠭ᠋ᠠᠯᠠᠨ ᠬᠠᠤᠯᠢ ᠬᠡᠷᠡᠭᠵᠢᠭᠦᠯᠬᠦ᠎ᠪᠠᠷ ᠳᠠᠮᠵᠢᠭᠤᠯᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠤ᠂ ᠬᠢᠨᠠᠯᠲᠠ ᠬᠠᠮᠢᠶᠠᠷᠤᠯᠲᠠ ᠵᠢᠨ ᠬᠠᠮᠲᠤᠷᠠᠯ ᠬᠦᠴᠦᠨ᠎ᠢ ᠪᠦᠷᠢᠯᠳᠦᠭᠦᠯᠦᠨ᠂ ᠠᠰᠠᠭᠤᠳᠠᠯ᠎ᠢ ᠬᠠᠮᠲᠤ᠎ᠪᠠᠷ ᠰᠢᠢ᠍ᠳᠪᠦᠷᠢᠯᠡᠬᠦ ᠵᠢ ᠬᠠᠮᠲᠤ᠎ᠪᠠᠷ ᠠᠬᠢᠭᠤᠯᠬᠤ ᠬᠡᠷᠡᠭᠲᠡᠶ; ᠲᠦᠷᠪᠡ᠎ᠳᠤ᠂ ᠵᠠᠯᠠᠷᠠᠭᠤᠯᠬᠤ ᠲᠣᠷᠭ᠋ᠠᠬᠤ ᠵᠢ ᠵᠡᠷᠭᠡ᠎ᠪᠠᠷ ᠴᠢᠬᠤᠯᠠᠴᠢᠯᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠪᠠ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠬᠤ ᠶᠠᠪᠤᠴᠠ᠎ᠳᠤ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠭᠡᠨ ᠲᠣᠷᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠦᠴᠦᠷᠬᠡᠭ ᠶᠡᠭᠡ ᠰᠦᠷᠳᠡᠭᠦᠯᠦᠯ᠎ᠢ ᠪᠣᠶ ᠪᠣᠯᠭ᠋ᠠᠵᠤ᠂ ᠠᠵᠢᠯ ᠲᠥᠷᠥᠯ᠎ᠤᠨ ᠪᠠᠶ᠋ᠢᠷᠢ ᠰᠠᠭᠤᠷᠢ ᠪᠠ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠡᠢ᠃
ᠤᠰᠤᠨ ᠠᠰᠢᠭᠯᠠᠯᠲᠠ ᠵᠢᠨ ᠲᠢᠩᠬᠢᠮ᠎ᠤᠨ ᠤᠰᠤ ᠰᠢᠷᠤᠢ ᠵᠢ ᠬᠠᠮᠠᠭ᠋ᠠᠯᠠᠬᠤ ᠭᠠᠵᠠᠷ᠎ᠤᠨ ᠬᠠᠷᠢᠭᠤᠴᠠᠯᠭ᠋ᠠᠲᠠᠨ᠂ ᠤᠯᠠᠭ᠋ᠠᠨᠬᠠᠳᠠ ᠬᠤᠲᠠ᠂ ᠡᠷᠢᠶᠡᠨ ᠬᠤᠲᠠ᠂ ᠨᠢᠩᠴᠧᠩ ᠰᠢᠶᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠬᠠᠮᠢᠶ᠎ᠠ ᠪᠦᠬᠦᠢ ᠨᠥᠬᠦᠳ ᠬᠤᠷᠠᠯ᠎ᠳᠤ ᠣᠷᠣᠯᠴᠠᠵᠠᠢ᠃