ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
2024 ᠣᠨ᠎ᠤ ᠪᠥᠬᠦ ᠣᠷᠣᠨ᠎ᠤ ᠤᠰᠤᠨ ᠰᠢᠨᠵᠢᠯᠡᠭᠡᠨ᠎ᠤ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2024-03-30

  3 ᠳ᠋ᠤᠭ᠋ᠠᠷ ᠰᠠᠷ᠎ᠠ ᠵᠢᠨ 29᠎ᠤ ᠡᠳᠦᠷ᠂ ᠪᠦᠬᠦ ᠣᠷᠣᠨ᠎ᠤ ᠤᠰᠤᠨ ᠰᠢᠨᠵᠢᠯᠡᠭᠡᠨ᠎ᠤ ᠠᠵᠢᠯ᠎ᠤᠨ ᠬᠤᠷᠠᠯ ᠬᠦᠬᠡᠬᠤᠳᠠ᠎ᠳᠤ ᠬᠤᠷᠠᠯᠳᠤᠪᠠ᠃ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠯᠢ ᠪᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠤᠰᠤᠨ ᠰᠢᠨᠵᠢᠯᠡᠭᠡᠨ ᠤᠰᠤᠨ᠎ᠤ ᠡᠬᠢ ᠪᠠᠶᠠᠯᠢᠭ᠎ᠤᠨ ᠲᠥᠪ᠎ᠤᠨ ᠨᠠᠮ᠎ᠤᠨ ᠬᠤᠷᠢᠶᠠᠨ᠎ᠤ ᠱᠦᠵᠢ᠂ ᠡᠷᠬᠢᠯᠡᠭᠴᠢ ᠸᠠᠩ ᠬᠠᠢ ᠵᠢᠶᠦ᠋ᠨ ᠠᠵᠢᠯ᠎ᠤᠨ ᠮᠡᠳᠡᠭᠦᠯᠦᠯᠲᠡ ᠬᠢᠪᠡ᠃


呼和浩特召开.png


   ᠬᠤᠷᠠᠯ᠎ᠠᠴᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠪᠦᠬᠦ ᠤᠯᠤᠰ᠎ᠤᠨ ᠤᠰᠤᠨ ᠰᠢᠨᠵᠢᠯᠡᠭᠡᠨ᠎ᠤ ᠠᠵᠢᠯ᠎ᠤᠨ ᠬᠤᠷᠠᠯ ᠪᠣᠯᠤᠨ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠱᠤᠭᠤᠮ᠎ᠢ ᠲᠤᠭᠤᠰᠢᠯᠠᠭᠤᠯᠵᠤ᠂ 2023 ᠣᠨ᠎ᠤ ᠤᠰᠤᠨ ᠰᠢᠨᠵᠢᠯᠡᠭᠡᠨ᠎ᠤ ᠠᠵᠢᠯ᠎ᠢ ᠳ᠋ᠦᠩᠨᠡᠵᠦ᠂ ᠣᠳᠣᠬᠠᠨ᠎ᠤ ᠪᠠᠶ᠋ᠢᠳᠠᠯ᠎ᠢ ᠵᠠᠳᠠᠯᠵᠤ᠂ 2024 ᠣᠨ᠎ᠤ ᠤᠰᠤᠨ ᠰᠢᠨᠵᠢᠯᠡᠭᠡᠨ᠎ᠤ ᠭᠤᠣᠯᠳᠠᠯᠭ᠎ᠠ᠎ᠲᠠᠢ ᠠᠵᠢᠯ᠎ᠢ ᠪᠠᠶ᠋ᠢᠷᠢᠯᠠᠭᠤᠯᠪᠠ᠃

   ᠬᠤᠷᠠᠯ᠎ᠠᠴᠠ᠂ 2023 ᠣᠨ᠎ᠳᠤ᠂ ᠤᠰᠤᠨ ᠠᠰᠢᠭᠯᠠᠯᠲᠠ ᠤᠰᠤᠨ᠎ᠤ ᠡᠬᠢ ᠪᠠᠶᠠᠯᠢᠭ᠎ᠤᠨ ᠲᠥᠪ᠎ᠠᠴᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠪᠣᠯᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠬᠠᠷᠠᠯᠲᠠ᠎ᠪᠠᠨ ᠲᠣᠭᠲᠠᠭ᠋ᠠᠵᠤ᠂ ᠵᠣᠷᠢᠭ ᠰᠠᠨᠠᠭ᠎ᠠ᠎ᠪᠠᠨ ᠨᠢᠭᠡᠳᠬᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠪᠦᠬᠦ ᠣᠷᠣᠨ᠎ᠤ ᠤᠰᠤᠨ ᠰᠢᠨᠵᠢᠯᠡᠭᠡᠨ᠎ᠤ ᠡᠯ᠎ᠡ ᠵᠦᠢ᠍ᠯ᠎ᠤᠨ ᠠᠵᠢᠯ᠎ᠳᠤ ᠰᠢᠨ᠎ᠡ ᠦᠷ᠎ᠡ ᠪᠦᠲᠦᠮᠵᠢ ᠣᠯᠵᠠᠢ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 2024 ᠣᠨ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ᠂ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠠᠷᠢᠶ᠎ᠠ ᠨᠡᠶ᠋ᠢᠲᠡᠯᠡᠭᠰᠡᠨ 10 ᠵᠢᠯ᠎ᠤᠨ ᠤᠢ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠵᠢᠯ ᠪᠣᠯᠤᠨ᠎ᠠ᠂ ᠰᠢᠨ᠎ᠡ ᠴᠠᠭ ᠦᠶ᠎ᠡ ᠰᠢᠨ᠎ᠡ ᠠᠶᠠᠨ᠎ᠤ ᠤᠰᠤᠨ ᠰᠢᠨᠵᠢᠯᠡᠭᠡᠨ᠎ᠤ ᠠᠵᠢᠯ᠎ᠤᠨ ᠡᠭᠦᠷᠭᠡ ᠦᠩᠬᠡ ᠬᠡᠷᠡᠯᠳᠡᠢ᠂ ᠡᠭᠦᠷᠭᠡ ᠬᠦᠨᠳᠦ ᠵᠠᠮ ᠬᠤᠯᠠ ᠪᠠᠶ᠋ᠢᠨ᠎ᠠ᠃  ᠪᠦᠬᠦ ᠣᠷᠣᠨ᠎ᠤ ᠤᠰᠤᠨ ᠰᠢᠨᠵᠢᠯᠡᠭᠡᠨ᠎ᠤ ᠰᠢᠰᠲ᠋ᠧᠮ ᠨᠢᠭᠡ᠎ᠳᠤ᠂ ᠤᠯᠤᠰ ᠲᠦᠷᠦ ᠵᠢᠨ ᠲᠠᠯ᠎ᠠ᠎ᠪᠠᠷ ᠢᠲᠡᠭᠡᠯ ᠵᠣᠷᠢᠭ ᠵᠶ᠋ᠠᠨ ᠪᠠᠲᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠵᠤ᠂ ᠢᠮᠠᠭᠲᠠ ᠤᠯᠤᠰ ᠲᠦᠷᠦ ᠵᠢᠨ ᠲᠠᠯ᠎ᠠ᠎ᠪᠠᠷ ᠬᠢᠷᠢ ᠲᠡᠩᠴᠡᠭᠰᠡᠨ ᠮᠡᠷᠭᠡᠨ ᠬᠥᠮᠦᠨ ᠪᠣᠯᠬᠤ ᠬᠡᠷᠡᠭᠲᠡᠢ᠃ ᠬᠤᠶᠠᠷ᠎ᠲᠤ᠂ ᠦᠵᠡᠯᠲᠡ᠎ᠪᠠᠨ ᠬᠤᠪᠢᠷᠠᠭᠤᠯᠵᠤ ᠵᠣᠷᠢᠭᠲᠠᠢ᠎ᠪᠠᠷ ᠡᠭᠦᠷᠭᠡᠯᠡᠵᠦ᠂ ᠤᠰᠤᠨ ᠰᠢᠨᠵᠢᠯᠡᠭᠡᠨ᠎ᠤ ᠠᠵᠢᠯ᠎ᠤᠨ ᠣᠳᠣᠬᠠᠨ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠠᠵᠠ ᠲᠣᠬᠢᠶᠠᠯ᠎ᠢ ᠣᠨᠣᠪᠴᠢᠲᠠᠢ ᠡᠵᠡᠮᠳᠡᠵᠦ᠂ ᠰᠠᠨᠠᠭ᠋ᠠᠴᠢᠯᠠᠭ᠎ᠠ᠎ᠠᠴᠠ᠎ᠪᠠᠨ ᠰᠡᠳᠬᠢᠵᠦ᠂ ᠲᠦᠷᠭᠡᠨ ᠬᠥᠳᠡᠯᠦᠯᠴᠡᠵᠦ᠂ ᠤᠰᠤᠨ ᠰᠢᠨᠵᠢᠯᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠬᠦ ᠬᠡᠷᠡᠭᠲᠡᠢ᠃ ᠭᠤᠷᠪᠠ᠎ᠳᠤ᠂ ᠤᠭ ᠰᠠᠨᠠᠭ᠎ᠠ᠎ᠪᠠᠨ ᠪᠠᠷᠢᠮᠲᠠᠯᠠᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠦᠶᠡᠷ ᠭᠠᠩ᠎ᠤᠨ ᠭᠠᠮᠰᠢᠭ᠎ᠢ ᠰᠡᠷᠭᠡᠶ᠋ᠢᠯᠡᠬᠦ ᠤᠰᠤᠨ ᠰᠢᠨᠵᠢᠯᠡᠭᠡᠨ᠎ᠤ ᠠᠵᠢᠯ᠎ᠢ ᠬᠡᠮᠵᠢᠨ ᠮᠡᠳᠡᠭᠦᠯᠬᠦ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠦᠶᠡᠷ ᠤᠰᠤᠨ᠎ᠤ ᠪᠠᠶ᠋ᠢᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ 《ᠭᠤᠷᠪᠠᠨ ᠰᠡᠷᠭᠡᠶ᠋ᠢᠯᠡᠯᠲᠡ ᠵᠢᠨ ᠱᠤᠭᠤᠮ》᠎ᠢ ᠲᠦᠷᠭᠡᠨ ᠪᠠᠶ᠋ᠢᠭᠤᠯᠵᠤ᠂ 《ᠲᠦᠷᠪᠡᠨ ᠤᠷᠢᠳᠴᠢᠯᠠᠨ ᠰᠡᠷᠭᠡᠶ᠋ᠢᠯᠡᠬᠦ ᠠᠷᠭ᠎ᠠ ᠬᠡᠮᠵᠢᠶ᠎ᠡ》 ᠵᠢ ᠴᠢᠩᠭ᠋ᠠᠳᠬᠠᠵᠤ᠂ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃  ᠲᠦᠷᠪᠡ᠎ᠳᠤ᠂ ᠭᠤᠣᠯᠳᠠᠯᠭ᠎ᠠ ᠵᠢ ᠠᠳᠬᠤᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠤᠰᠤᠨ᠎ᠤ ᠡᠬᠢ ᠪᠠᠶᠠᠯᠢᠭ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠠᠳᠠᠯᠤᠯᠲᠠ ᠵᠢ ᠭᠦᠨᠵᠡᠭᠡᠶ᠋ᠢᠷᠡᠭᠦᠯᠵᠦ᠂ ᠤᠰᠤᠨ ᠰᠢᠨᠵᠢᠯᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢ ᠠᠬᠢᠭᠤᠯᠵᠤ᠂ ᠤᠰᠤᠨ ᠰᠢᠨᠵᠢᠯᠡᠭᠡᠨ᠎ᠤ ᠦᠢ᠍ᠯᠡᠴᠢᠯᠡᠭᠡᠨ᠎ᠤ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠤᠰᠤᠨ ᠰᠢᠨᠵᠢᠯᠡᠭᠡᠨ᠎ᠤ ᠰᠢᠨ᠎ᠡ ᠲᠦᠷᠢ ᠲᠥᠷᠬᠦ ᠵᠢ ᠴᠢᠷᠮᠠᠶ᠋ᠢᠨ ᠪᠤᠢ ᠪᠣᠯᠭ᠋ᠠᠬᠤ ᠬᠡᠷᠡᠭᠲᠡᠢ᠃ ᠲᠠᠪᠤ᠎ᠳᠤ᠂ ᠰᠠᠭᠤᠷᠢ ᠵᠢ ᠴᠢᠩᠭ᠋ᠠᠳᠬᠠᠨ ᠲᠣᠭᠲᠠᠴᠠ ᠵᠢ ᠪᠠᠶ᠋ᠢᠭᠤᠯᠵᠤ᠂ ᠥᠷᠲᠡᠭᠡᠨ ᠲᠣᠣᠷ᠎ᠤᠨ ᠬᠥᠭᠵᠢᠯᠲᠡ ᠵᠢᠨ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ᠂ ᠤᠰᠤᠨ ᠰᠢᠨᠵᠢᠯᠡᠭᠡᠨ᠎ᠤ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠤᠯᠤᠰ᠎ᠤᠨ ᠵᠢᠭᠡᠯᠡᠯᠭᠡ ᠵᠢ ᠨᠡᠮᠡᠨ ᠲᠠᠷᠬᠠᠭ᠋ᠠᠬᠤ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠪᠣᠯᠤᠨ ᠪᠦᠬᠦ ᠶᠠᠪᠤᠴᠠ᠎ᠳᠤ ᠬᠢᠨᠠᠯᠲᠠ ᠲᠠᠯᠪᠢᠬᠤ ᠵᠢ ᠰᠠᠶ᠋ᠢᠲᠤᠷ ᠠᠳᠬᠤᠵᠤ᠂ ᠤᠰᠤᠨ ᠰᠢᠨᠵᠢᠯᠡᠭᠡᠨ᠎ᠤ ᠬᠢᠨᠠᠨ ᠬᠡᠮᠵᠢᠯᠲᠡ ᠵᠢᠨ ᠠᠦ᠋ᠲ᠋ᠣᠴᠢᠯᠠᠭᠰᠠᠨ ᠮᠡᠳᠡᠭᠡ ᠵᠠᠩᠭᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠤᠰᠤᠨ ᠰᠢᠨᠵᠢᠯᠡᠭᠡᠨ᠎ᠤ ᠮᠠᠲ᠋ᠧᠷᠢᠶᠠᠯ᠎ᠢ ᠡᠮᠬᠢᠳᠬᠡᠬᠦ᠂ ᠡᠮᠬᠢᠳᠬᠡᠨ ᠲᠤᠰᠢᠶᠠᠬᠤ᠂ ᠬᠠᠮᠲᠤ᠎ᠪᠠᠷ ᠡᠳ᠋ᠯᠡᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠵᠢᠷᠭᠤᠭ᠎ᠠ᠎ᠳᠤ᠂ ᠬᠠᠮᠢᠶᠠᠷᠤᠯᠲᠠ᠎ᠪᠠᠨ ᠴᠢᠩᠭ᠋ᠠᠳᠬᠠᠨ ᠴᠢᠳᠠᠪᠤᠷᠢ᠎ᠪᠠᠨ ᠳᠡᠭᠡᠭᠰᠢᠯᠡᠭᠦᠯᠵᠦ᠂ ᠤᠰᠤᠨ ᠰᠢᠨᠵᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠰᠤᠨ ᠰᠢᠨᠵᠢᠯᠡᠭᠡᠨ᠎ᠤ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ ᠰᠢᠨᠵᠢᠯᠡᠭᠡᠨ᠎ᠤ ᠰᠣᠶᠣᠯ᠎ᠤᠨ ᠪᠠᠶ᠋ᠢᠭᠤᠯᠤᠯᠲᠠ ᠵᠢᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠡᠢ᠃

   ᠤᠰᠤᠨ ᠰᠢᠨᠵᠢᠯᠡᠭᠡᠨ ᠤᠰᠤᠨ᠎ᠤ ᠡᠬᠢ ᠪᠠᠶᠠᠯᠢᠭ᠎ᠤᠨ ᠲᠥᠪ᠎ᠤᠨ ᠶᠡᠷᠦᠩᠬᠡᠶ ᠢᠨᠵᠧᠨᠧᠷ᠎ᠤᠨ ᠠᠯᠪᠠᠨ ᠭᠡᠷ᠂ ᠤᠰᠤᠨ᠎ᠤ ᠴᠢᠨᠠᠷ ᠤᠰᠤᠨ᠎ᠤ ᠠᠮᠢ ᠠᠬᠤᠶ ᠵᠢ ᠬᠢᠨᠠᠨ ᠬᠡᠮᠵᠢᠬᠦ ᠭᠠᠵᠠᠷ᠂ ᠤᠰᠤᠨ᠎ᠤ ᠡᠬᠢ ᠪᠠᠶᠠᠯᠢᠭ᠎ᠢ ᠦᠨᠡᠯᠡᠬᠦ ᠭᠠᠵᠠᠷ᠂ ᠰᠢᠯᠢ ᠵᠢᠨ ᠭᠤᠣᠯ᠂ ᠬᠥᠯᠥᠨ ᠪᠤᠶ᠋ᠢᠷ᠂ ᠣᠷᠳᠣᠰ᠎ᠤᠨ ᠤᠰᠤᠨ ᠰᠢᠨᠵᠢᠯᠡᠭᠡᠨ ᠤᠰᠤᠨ᠎ᠤ ᠡᠬᠢ ᠪᠠᠶᠠᠯᠢᠭ᠎ᠤᠨ ᠬᠤᠪᠢᠶᠠᠷᠢ ᠲᠥᠪ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃

   ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠠᠯᠪᠠᠨ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃ ᠤᠰᠤᠨ ᠰᠢᠨᠵᠢᠯᠡᠭᠡᠨ ᠤᠰᠤᠨ᠎ᠤ ᠡᠬᠢ ᠪᠠᠶᠠᠯᠢᠭ᠎ᠤᠨ ᠲᠥᠪ᠎ᠤᠨ ᠪᠦᠬᠦ ᠠᠵᠢᠯᠳᠠᠨ ᠠᠵᠢᠯᠴᠢᠨ᠂ ᠡᠯ᠎ᠡ ᠬᠤᠪᠢᠶᠠᠷᠢ ᠲᠥᠪ᠂ ᠪᠠᠶᠠᠨᠨᠠᠭᠤᠷ ᠬᠤᠳᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠪᠠᠶᠠᠯᠢᠭ᠎ᠤᠨ ᠬᠠᠶ᠋ᠢᠨ ᠬᠡᠮᠵᠢᠯᠲᠡ ᠵᠢᠨ ᠲᠥᠪ᠎ᠤᠨ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠣᠷᠣᠯᠴᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠬᠠᠲᠤᠨ ᠭᠤᠣᠯ᠎ᠤᠨ ᠳᠥᠷᠥᠭᠡᠨ ᠠᠮᠠᠰᠠᠷ᠎ᠤᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ ᠺᠠᠳ᠋ᠷ᠎ᠤᠨ ᠠᠵᠢᠯ᠎ᠠᠴᠠ᠎ᠪᠠᠨ ᠠᠮᠠᠷᠠᠬᠤ ᠲᠤᠬᠠᠢ ᠶᠠᠷᠢᠯᠴᠠᠬᠤ ᠬᠤᠷᠠᠯ ᠬᠢᠪᠡ
ᠮᠠᠨ᠎ᠤ ᠣᠷᠣᠨ ᠡᠨᠧᠷᠭᠢ ᠵᠢᠨ ᠬᠤᠷᠣᠭᠳᠠᠯ᠎ᠤᠨ ᠬᠤᠣᠰ ᠡᠵᠡᠮᠳᠡᠯ᠎ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠪᠣᠯᠭ᠋ᠠᠨ ᠬᠤᠪᠢᠷᠠᠭᠤᠯᠬᠤ ᠵᠢ ᠤᠷᠢᠳᠠᠪᠠᠷ ᠠᠬᠢᠭᠤᠯᠵᠤ ᠪᠠᠶ᠋ᠢᠨ᠎ᠠ
ᠥᠪᠥᠷ ᠮᠣᠩᠭᠤᠯ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠢᠳᠡᠪᠬᠢᠲᠡᠶ ᠠᠬᠢᠭᠤᠯᠵᠤ 17 ᠵᠤᠷᠪᠤᠰ ᠠᠷᠭ᠎ᠠ ᠬᠡᠮᠵᠢᠶ᠎ᠡ ᠠᠪᠴᠤ ᠨᠡᠶ᠋ᠢᠲᠡ ᠵᠢᠨ ᠠᠰᠠᠷᠠᠮᠵᠢ ᠵᠢᠨ ᠬᠦᠴᠦᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ᠎ᠳᠤ ᠣᠷᠣᠯᠴᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠪᠡ
ᠪᠥᠬᠦ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭᠴᠢ ᠵᠢ ᠤᠷᠢᠳ ᠵᠶ᠋ᠠᠷ ᠬᠡᠷᠡᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠥᠬᠦ ᠬᠦᠴᠦᠨ ᠵᠶ᠋ᠠᠷ ᠵᠶ᠋ᠠᠨ ᠴᠣᠭᠴᠠᠯᠠᠨ᠎ᠠ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
 
            