ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠬᠠᠲᠤᠨ ᠭᠤᠣᠯ᠎ᠤᠨ ᠳᠥᠷᠥᠭᠡᠨ ᠠᠮᠠᠰᠠᠷ᠎ᠤᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ ᠺᠠᠳ᠋ᠷ᠎ᠤᠨ ᠠᠵᠢᠯ᠎ᠠᠴᠠ᠎ᠪᠠᠨ ᠠᠮᠠᠷᠠᠬᠤ ᠲᠤᠬᠠᠢ ᠶᠠᠷᠢᠯᠴᠠᠬᠤ ᠬᠤᠷᠠᠯ ᠬᠢᠪᠡ
ᠨᠡᠶ᠋ᠢᠲᠡᠯᠡᠭᠰᠡᠨ ᠴᠠᠭ᠄ 2024-03-30

  《ᠰᠢᠨ᠎ᠡ ᠴᠠᠭ ᠦᠶ᠎ᠡ ᠵᠢᠨ ᠠᠵᠢᠯ᠎ᠠᠴᠠ᠎ᠪᠠᠨ ᠠᠮᠠᠷᠠᠭᠰᠠᠳ᠎ᠤᠨ ᠺᠠᠳ᠋ᠷᠴᠤᠳ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠶ ᠰᠠᠨᠠᠯ》᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠠᠵᠢᠯ᠎ᠠᠴᠠ᠎ᠪᠠᠨ ᠠᠮᠠᠷᠠᠭᠰᠠᠳ᠎ᠤᠨ ᠺᠠᠳ᠋ᠷᠴᠤᠳ᠎ᠤᠨ ᠤᠯᠤᠰ ᠲᠥᠷᠥ ᠵᠢᠨ ᠢᠷᠠᠭᠤ ᠠᠯᠳᠠᠷ᠎ᠤᠨ ᠰᠡᠳᠬᠢᠯᠭᠡ᠂ ᠵᠣᠬᠢᠶᠠᠨ ᠪᠠᠶ᠋ᠢᠭᠤᠯᠤᠯᠲᠠ ᠵᠢᠨ ᠬᠠᠷᠢᠶᠠᠯᠠᠭᠳᠠᠬᠤ       ᠰᠡᠳᠬᠢᠯᠭᠡ᠂ ᠠᠵᠢᠯ᠎ᠠᠴᠠ᠎ᠪᠠᠨ ᠠᠮᠠᠷᠠᠭᠰᠠᠳ᠎ᠤᠨ ᠶᠣᠰᠣᠯᠠᠯ᠎ᠤᠨ ᠰᠡᠳᠬᠢᠯᠭᠡ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠵᠢᠯ᠎ᠠᠴᠠ᠎ᠪᠠᠨ ᠠᠮᠠᠷᠠᠭᠰᠠᠳ᠎ᠤᠨ ᠺᠠᠳ᠋ᠷᠴᠤᠳ᠎ᠤᠨ ᠠᠵᠢᠯ᠎ᠤᠨ ᠪᠠᠶ᠋ᠢᠷᠢ᠎ᠠᠴᠠ᠎ᠪᠠᠨ ᠰᠠᠯᠤᠭᠰᠠᠨ ᠴᠤ᠌ ᠨᠠᠮ᠎ᠠᠴᠠ᠎ᠪᠠᠨ ᠰᠠᠯᠬᠤ ᠦᠭᠡᠶ᠂ ᠠᠵᠢᠯ᠎ᠠᠴᠠ᠎ᠪᠠᠨ ᠠᠮᠠᠷᠠᠭᠰᠠᠨ ᠴᠤ᠌ ᠥᠩᠭᠡ ᠵᠢᠰᠦ ᠪᠠᠭᠤᠷᠠᠬᠤ ᠦᠭᠡᠶ ᠪᠠᠶ᠋ᠢᠬᠤ ᠵᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ 3 ᠳ᠋ᠤᠭ᠋ᠠᠷ ᠰᠠᠷ᠎ᠠ ᠵᠢᠨ 29᠎ᠤ ᠡᠳᠦᠷ᠂ ᠬᠠᠳᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ ᠺᠠᠳ᠋ᠷ᠎ᠤᠨ ᠢᠷᠠᠭᠤ ᠠᠯᠳᠠᠷ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠶᠠᠷᠢᠯᠴᠠᠬᠤ ᠬᠤᠷᠠᠯ ᠬᠢᠵᠦ᠂ ᠢᠷᠠᠭᠤ ᠠᠯᠳᠠᠷ᠎ᠤᠨ ᠠᠮᠠᠷᠠᠯᠲᠠ᠎ᠪᠠᠨ ᠠᠪᠤᠭᠰᠠᠨ ᠤᠳᠤᠷᠢᠳᠬᠤ ᠺᠠᠳ᠋ᠷ ᠬᠤ᠌ ᠱᠧᠩ ᠨᠥᠬᠦᠷ᠎ᠤᠨ ᠤᠰᠤᠯᠠᠯᠲᠠ ᠵᠢᠨ ᠣᠷᠣᠨ᠎ᠤ ᠦᠢ᠍ᠯᠡᠰ᠎ᠲᠤ ᠭᠤᠶᠠᠴᠢ ᠦᠭᠡᠢ ᠬᠤᠪᠢ ᠨᠡᠮᠡᠷᠢ ᠦᠵᠡᠭᠦᠯᠵᠦ᠂ ᠲᠥᠪ᠎ᠤᠨ ᠺᠠᠳ᠋ᠷ ᠠᠵᠢᠯᠳᠠᠨ ᠠᠵᠢᠯᠴᠢᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠤᠷᠤᠰᠬᠠᠯ᠎ᠤᠨ ᠡᠮᠦᠨ᠎ᠡ ᠵᠣᠷᠢᠭᠲᠠᠢ᠎ᠪᠠᠷ ᠦᠷᠭᠦᠯᠵᠢᠯᠡᠨ ᠲᠡᠮᠡᠴᠡᠵᠦ᠂ ᠢᠷᠠᠭᠤ ᠠᠯᠳᠠᠷ᠎ᠢ ᠦᠷᠭᠦᠯᠵᠢᠯᠡᠭᠦᠯᠦᠨ᠎ᠡ᠃ ᠬᠠᠮᠢᠶᠠᠷᠤᠯᠲᠠ ᠵᠢᠨ ᠲᠥᠪ᠎ᠤᠨ ᠨᠠᠮ᠎ᠤᠨ ᠬᠤᠷᠢᠶᠠᠨ᠎ᠤ ᠱᠦᠵᠢ᠂ ᠡᠷᠬᠢᠯᠡᠭᠴᠢ ᠴᠧᠩ ᠶᠠᠨ ᠹᠧᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠨᠠᠮ᠎ᠤᠨ ᠬᠤᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠣᠷᠣᠯᠴᠠᠵᠤ᠂ ᠨᠠᠮ᠎ᠤᠨ ᠬᠤᠷᠢᠶᠠᠨ᠎ᠤ ᠭᠡᠰᠢᠭᠦᠨ᠂ ᠳᠡᠳ᠋ ᠡᠷᠬᠢᠯᠡᠭᠴᠢ᠂ ᠠᠵᠢᠯᠴᠢᠨ᠎ᠤ ᠡᠪᠯᠡᠯ᠎ᠤᠨ ᠲᠡᠷᠢᠭᠦᠯᠡᠭᠴᠢ ᠵᠠᠩ ᠵᠢᠶᠦ᠋ᠨ ᠬᠤᠷᠠᠯ ᠡᠷᠭᠢᠯᠡᠪᠡ᠃


干部荣誉退休座谈会1.png


   ᠶᠠᠷᠢᠯᠴᠠᠬᠤ ᠬᠤᠷᠠᠯ ᠳᠡᠭᠡᠷ᠎ᠡ᠂ ᠬᠠᠮᠢᠶᠠᠷᠤᠯᠲᠠ ᠵᠢᠨ ᠲᠥᠪ᠎ᠤᠨ ᠨᠠᠮ᠎ᠤᠨ ᠬᠤᠷᠢᠶᠠᠨ᠎ᠤ ᠳᠡᠳ᠋ ᠱᠦᠵᠢ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠱᠦᠵᠢ ᠸᠠᠩ ᠯᠦ᠍ ᠱᠧᠩ᠎ᠠᠴᠠ ᠬᠤ᠌ ᠱᠧᠩ ᠨᠥᠬᠦᠷ᠎ᠤᠨ ᠠᠵᠢᠯ᠎ᠤᠨ ᠨᠠᠮᠲᠠᠷ᠂ ᠠᠵᠢᠯ᠎ᠤᠨ ᠠᠮᠵᠢᠯᠲᠠ ᠵᠢ ᠨᠠᠷᠢᠨ ᠲᠠᠨᠢᠯᠴᠠᠭᠤᠯᠪᠠ᠃  ᠬᠤ᠌ ᠱᠧᠩ ᠨᠥᠬᠦᠷ ᠤᠰᠤᠯᠠᠯᠲᠠ ᠵᠢᠨ ᠣᠷᠣᠨ᠎ᠤ ᠥᠭᠡᠷᠡᠴᠢᠯᠡᠯᠲᠡ ᠬᠥᠭᠵᠢᠯᠲᠡ ᠵᠢᠨ ᠪᠡᠶ᠎ᠡ᠎ᠪᠠᠷ ᠵᠶ᠋ᠠᠨ ᠥᠩᠭᠡᠷᠡᠭᠦᠯᠦᠭᠴᠢ ᠪᠠ ᠦᠢ᠍ᠯᠡᠳᠦᠯᠭᠡᠵᠢᠭᠦᠯᠦᠭᠴᠢ ᠪᠣᠯᠤᠭᠰᠠᠨ᠎ᠤ ᠬᠤᠪᠢ᠎ᠳᠤ᠂ ᠲᠤᠰᠢᠶᠠᠯ ᠡᠭᠦᠷᠭᠡᠯᠡᠭᠰᠡᠨ 37 ᠵᠢᠯ᠎ᠠᠴᠠ ᠨᠠᠭ᠋ᠠᠰᠢ᠂ ᠲᠤᠬᠠᠶ᠋ᠢᠯᠠᠭᠰᠠᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠡᠭᠦᠷᠭᠡ ᠲᠤᠰᠢᠶᠠᠯ ᠵᠶ᠋ᠠᠨ ᠬᠢᠴᠢᠶᠡᠩᠭᠦ᠋ᠢ᠍ᠯᠡᠨ ᠭᠦᠢ᠍ᠴᠡᠳᠬᠡᠵᠦ᠂ ᠬᠠᠷᠠᠮ ᠦᠭᠡᠢ ᠵᠣᠷᠢᠭᠤᠯᠵᠤ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠵᠢᠨ ᠳᠤᠮᠳᠠ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠡᠮᠦᠨ᠎ᠡ᠎ᠨᠢ ᠭᠠᠪᠰᠢᠭ᠋ᠠᠶ᠋ᠢᠯᠠᠵᠤ᠂ ᠤᠰᠤᠯᠠᠯᠲᠠ ᠵᠢᠨ ᠣᠷᠣᠨ᠎ᠤ ᠪᠦᠳᠦᠭᠡᠨ ᠪᠠᠶ᠋ᠢᠭᠤᠯᠤᠯᠲᠠ ᠬᠥᠭᠵᠢᠯᠲᠡ᠎ᠳᠤ ᠦᠨᠡᠨᠴᠢ ᠰᠢᠳᠤᠷᠭᠤ ᠬᠦᠴᠦ ᠬᠥᠯᠥᠰᠥ᠎ᠪᠠᠨ ᠤᠷᠤᠰᠬᠠᠵᠤ᠂ ᠭᠠᠪᠢᠶ᠎ᠠ ᠵᠢᠳᠬᠦᠯ ᠪᠠᠶ᠋ᠢᠭᠤᠯᠪᠠ᠃  ᠪᠦᠬᠦ ᠺᠠᠳ᠋ᠷ ᠠᠵᠢᠯᠲᠠᠨ ᠠᠵᠢᠯᠴᠢᠨ᠎ᠤ ᠠᠬᠠᠮᠠᠳ ᠨᠥᠬᠦᠳ᠎ᠤᠨ ᠰᠢᠯᠢᠳᠡᠭ ᠵᠠᠩ ᠰᠤᠷᠲᠠᠯ᠎ᠢ ᠦᠷᠭᠦᠯᠵᠢᠯᠡᠨ ᠤᠯᠠᠮᠵᠢᠯᠠᠨ ᠵᠠᠯᠭ᠋ᠠᠮᠵᠢᠯᠠᠬᠤ ᠵᠢ       ᠵᠣᠷᠢᠭᠵᠢᠭᠤᠯᠵᠤ᠂ ᠠᠬᠠᠮᠠᠳ ᠨᠥᠬᠦᠳ᠎ᠤᠨ ᠳᠤᠮᠳᠠᠳᠤ ᠰᠤᠷᠭ᠋ᠠᠭᠤᠯᠢ ᠵᠢᠨ ᠲᠤᠷᠰᠢᠯᠭ᠎ᠠ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭ᠋ᠠᠶ᠎ᠪᠠᠷ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠠᠬᠠᠮᠠᠳ ᠨᠢᠭᠡ ᠦᠶ᠎ᠡ ᠵᠢᠨ᠎ᠬᠢᠨ᠎ᠤ ᠤᠶᠤᠨ ᠰᠠᠨᠠᠭ᠋ᠠᠨ᠎ᠤ ᠳᠠᠭ᠋ᠠᠭᠤᠯᠭ᠎ᠠ ᠳᠣᠣᠷ᠎ᠠ ᠲᠠᠰᠤᠷᠠᠯᠲᠠ ᠦᠭᠡᠢ ᠦᠰᠦᠨ ᠪᠣᠶ᠋ᠢᠵᠢᠵᠤ᠂ ᠬᠠᠮᠢᠶᠠᠷᠤᠯᠲᠠ ᠵᠢᠨ ᠲᠥᠪ᠎ᠤᠨ ᠰᠢᠨ᠎ᠡ ᠲᠤᠯᠭ᠋ᠠᠭᠤᠷᠢ ᠬᠦᠴᠦᠨ ᠪᠣᠯᠬᠤ ᠬᠡᠷᠡᠭᠲᠡᠢ᠃


干部荣誉退休座谈会2.png


   ᠬᠤᠷᠠᠯ᠎ᠤᠨ ᠠᠭᠤᠷ ᠠᠮᠢᠰᠬᠤᠯ ᠬᠦᠷ ᠬᠦᠭᠵᠢᠶᠡᠨ᠎ᠲᠠᠢ ᠪᠠᠶ᠋ᠢᠵᠤ᠂ ᠬᠤᠷᠠᠯ᠎ᠳᠤ ᠣᠷᠣᠯᠴᠠᠭᠰᠠᠳ ᠠᠶᠠᠷᠯᠠᠨ ᠰᠠᠯᠵᠤ ᠶᠠᠳᠠᠭᠰᠠᠨ ᠰᠡᠳᠬᠢᠯᠭᠡ᠎ᠪᠠᠨ ᠬᠠᠮᠲᠤ᠎ᠪᠠᠷ ᠨᠠᠨᠳᠢᠩᠨᠠᠵᠤ᠂ ᠬᠠᠮᠲᠤ᠎ᠪᠠᠷ ᠵᠠᠯᠭ᠋ᠠᠮᠵᠢᠯᠠᠨ᠎ᠠ᠃ ᠬᠤ᠌ ᠱᠧᠩ ᠨᠥᠬᠦᠷ ᠠᠵᠢᠯ᠎ᠠᠴᠠ᠎ᠪᠠᠨ ᠠᠮᠠᠷᠠᠭᠰᠠᠨ ᠲᠥᠷᠥᠭᠳᠡᠯ ᠵᠶ᠋ᠠᠨ ᠢᠯᠡᠳᠬᠡᠵᠦ᠂ ᠠᠵᠢᠯ ᠡᠷᠬᠢᠯᠡᠭᠰᠡᠨ᠎ᠠᠴᠠ ᠨᠠᠰᠢᠬᠢ ᠬᠠᠮᠢᠶᠠᠷᠤᠯᠲᠠ ᠵᠢᠨ ᠲᠥᠪ᠎ᠤᠨ ᠠᠵᠢᠯ᠂ ᠲᠡᠮᠡᠴᠡᠯ᠎ᠤᠨ ᠥᠩᠭᠡᠷᠡᠭᠰᠡᠨ ᠵᠶ᠋ᠠᠨ ᠡᠷᠭᠢᠴᠡᠭᠦᠯᠵᠦ᠂ ᠥᠪᠡᠷ᠎ᠤᠨ ᠠᠵᠢᠯ᠎ᠤᠨ ᠲᠦᠷᠦᠭᠳᠡᠯ᠂ ᠠᠮᠢᠳᠤᠷᠠᠯ᠎ᠤᠨ ᠲᠦᠷᠦᠭᠳᠡᠯ ᠪᠣᠯᠤᠨ ᠠᠵᠢᠯ᠎ᠠᠴᠠ᠎ᠪᠠᠨ ᠠᠮᠠᠷᠠᠭᠰᠠᠨ ᠲᠦᠷᠦᠭᠳᠡᠯ ᠵᠶ᠋ᠠᠨ       ᠬᠤᠪᠢᠶᠠᠯᠴᠠᠵᠤ᠂ ᠬᠡᠯᠡᠬᠦ᠎ᠳᠤ ᠳ᠋ᠸᠩᠺᠸᠤ ᠵᠢᠨ ᠤᠰᠤᠯᠠᠯᠲᠠ ᠵᠢᠨ ᠬᠥᠮᠦᠨ᠎ᠤ ᠣᠮᠣᠭᠰᠢᠯ ᠵᠢᠴᠢ ᠬᠠᠮᠢᠶᠠᠷᠤᠯᠲᠠ ᠵᠢᠨ ᠲᠥᠪ᠎ᠤᠨ ᠶᠡᠭᠡ ᠭᠡᠷ ᠪᠦᠯᠢ ᠵᠢᠨ ᠲᠥᠯᠥᠭᠡ ᠰᠠᠯᠤᠰᠢ ᠦᠭᠡᠢ ᠣᠮᠣᠭᠰᠢᠯ᠎ᠲᠠᠢ ᠪᠠᠶ᠋ᠢᠬᠤ ᠵᠢᠴᠢ ᠬᠠᠮᠢᠶᠠᠷᠤᠯᠲᠠ ᠵᠢᠨ ᠲᠥᠪ᠎ᠤᠨ ᠶᠡᠭᠡ ᠭᠡᠷ ᠪᠦᠯᠢ ᠵᠢᠨ ᠲᠥᠯᠥᠭᠡ ᠰᠠᠯᠵᠤ ᠴᠢᠳᠠᠬᠤ ᠦᠭᠡᠢ ᠰᠠᠶ᠋ᠢᠨ ᠰᠠᠶ᠋ᠢᠬᠠᠨ ᠬᠦᠰᠡᠯ ᠡᠷᠡᠮᠡᠯᠵᠡᠯ ᠵᠶ᠋ᠠᠨ ᠢᠯᠡᠳᠬᠡᠭᠰᠡᠨ ᠪᠥᠭᠡᠳ ᠤᠯᠠᠨ ᠵᠢᠯ᠎ᠤᠨ ᠲᠤᠷᠰᠢᠬᠢ ᠬᠠᠯᠠᠮᠵᠢᠯᠠᠯ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠢᠯᠡᠳᠬᠡᠪᠡ᠃


干部荣誉退休座谈会3.png


   ᠬᠤᠷᠠᠯ᠎ᠳᠤ ᠣᠷᠣᠯᠴᠠᠭᠰᠠᠳ ᠬᠤ᠌ ᠱᠧᠩ ᠨᠥᠬᠦᠷ᠎ᠲᠠᠢ ᠬᠠᠮᠲᠤ᠎ᠪᠠᠷ ᠲᠡᠮᠡᠴᠡᠭᠰᠡᠨ ᠮᠠᠷᠲᠠᠭᠳᠠᠰᠢ ᠦᠭᠡᠢ ᠥᠩᠭᠡᠷᠡᠯᠲᠡ᠎ᠪᠠᠨ ᠶᠠᠷᠢᠯᠴᠠᠵᠤ᠂ ᠬᠤ᠌ ᠱᠧᠩ ᠨᠥᠬᠦᠷ᠎ᠳᠤ ᠦᠯᠦ ᠬᠠᠶ᠋ᠢᠬᠤᠷᠬᠤ ᠪᠠ ᠬᠦᠨᠳᠦᠳᠬᠡᠯ ᠵᠶ᠋ᠠᠨ ᠢᠯᠡᠳᠬᠡᠬᠦ ᠵᠢᠨ ᠬᠠᠮᠲᠤ ᠴᠢᠩ ᠰᠡᠳᠬᠢᠯ᠎ᠤᠨ ᠵᠥᠩᠨᠡᠯ ᠳᠡᠪᠰᠢᠭᠦᠯᠬᠦ ᠵᠢᠨ ᠬᠠᠮᠲᠤ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠵᠤ᠂ ᠠᠵᠢᠯ ᠦᠢ᠍ᠯᠡᠰ᠎ᠤᠨ ᠤᠯᠠᠮᠵᠢᠯᠠᠯ᠎ᠤᠨ 《ᠪᠤᠤᠬᠢᠶ᠎ᠠ ᠮᠤᠳᠤ》 ᠵᠢ ᠰᠠᠶ᠋ᠢᠲᠤᠷ ᠵᠠᠯᠭ᠋ᠠᠵᠤ᠂ ᠰᠢᠨ᠎ᠡ ᠭᠠᠷᠤᠭ᠎ᠠ ᠳᠡᠭᠡᠷ᠎ᠡ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃

   ᠴᠧᠩ ᠶᠠᠨ ᠹᠧᠩ ᠨᠥᠬᠦᠷ ᠲᠥᠪ᠎ᠤᠨ ᠨᠠᠮ᠎ᠤᠨ ᠬᠤᠷᠢᠶ᠎ᠠ ᠵᠢ ᠲᠥᠯᠥᠭᠡᠯᠡᠨ ᠬᠤ᠌ ᠱᠧᠩ ᠨᠥᠬᠦᠷ᠎ᠤᠨ ᠠᠵᠢᠯ᠎ᠤᠨ ᠪᠠᠶ᠋ᠢᠷᠢ ᠳᠡᠭᠡᠷᠡᠬᠢ ᠰᠢᠷᠭ᠋ᠠᠭᠤ ᠴᠢᠷᠮᠠᠶ᠋ᠢᠯᠭ᠎ᠠ ᠪᠣᠯᠤᠨ ᠬᠠᠷᠠᠮ ᠦᠭᠡᠢ ᠵᠢᠳᠬᠦᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠵᠦ᠂ ᠡᠷᠬᠢᠮ ᠳᠡᠭᠡᠳᠦ ᠬᠦᠨᠳᠦᠳᠬᠡᠯ ᠵᠶ᠋ᠠᠨ ᠳᠡᠪᠰᠢᠭᠦᠯᠪᠡ᠃


干部荣誉退休座谈会4.png


   ᠴᠧᠩ ᠶᠠᠨ ᠹᠧᠩ ᠵᠢᠭ᠋ᠠᠵᠤ ᠭᠠᠷᠭ᠋ᠠᠭᠰᠠᠨ᠎ᠨᠢ᠂ ᠬᠠᠳᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ ᠪᠣᠯ ᠢᠷᠠᠭᠤ ᠠᠯᠳᠠᠷᠲᠤ ᠬᠠᠮᠲᠤ ᠨᠡᠶ᠋ᠢᠲᠡ ᠮᠥᠨ᠂ ᠰᠦᠷ ᠳᠠᠯᠠᠶ᠋ᠢᠴᠠᠲᠠᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠠᠪᠤᠴᠠ᠎ᠳᠤ ᠣᠮᠤᠭ ᠲᠡᠭᠦᠯᠳᠡᠷ ᠠᠮᠵᠢᠯᠲᠠ ᠣᠯᠵᠤ᠂ ᠡᠯᠪᠡᠭ ᠪᠠᠶᠠᠯᠢᠭ ᠢᠷᠠᠭᠤ ᠠᠯᠳᠠᠷ᠎ᠢ ᠣᠯᠵᠠᠢ᠃  ᠤᠯᠤᠰ᠎ᠤᠨ ᠳᠡᠰ᠎ᠤᠨ ᠤᠰᠤ ᠠᠷᠪᠢᠯᠠᠬᠤ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠠᠮᠵᠢᠯᠲᠠ᠎ᠲᠠᠢ ᠡᠭᠦᠳᠦᠨ ᠪᠠᠢ᠌ᠭᠤᠯᠤᠭᠰᠠᠨ᠎ᠠᠴᠠ ᠠᠪᠤᠭ᠋ᠠᠳ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠰᠠᠨ ᠬᠣᠶᠠᠳᠤᠭ᠋ᠠᠷ ᠳᠡᠰ᠎ᠤᠨ ᠨᠢᠭᠡᠴᠢ᠎ᠪᠠᠷ ᠦᠨᠡᠯᠡᠭᠦᠯᠬᠦ ᠪᠣᠯᠲᠠᠯ᠎ᠠ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠍ᠷᠡᠭᠦᠯᠬᠦ ᠬᠦᠷᠲᠡᠯ᠎ᠡ ᠁     ᠡᠲᠡᠭᠡᠷ ᠠᠮᠵᠢᠯᠲᠠ ᠵᠢ ᠣᠯᠬᠤ᠎ᠨᠢ ᠡᠯ᠎ᠡ ᠱᠠᠲᠤᠨ᠎ᠤ ᠤᠳᠤᠷᠢᠳᠤᠯᠭ᠎ᠠ ᠵᠢᠨ ᠵᠢᠯᠣᠭᠤᠳᠣᠯᠭ᠎ᠠ ᠬᠠᠪᠰᠤᠷᠤᠯᠭ᠎ᠠ᠎ᠠᠴᠠ ᠰᠠᠯᠵᠤ ᠴᠢᠳᠠᠬᠤ ᠥᠬᠡᠶ᠂ ᠨᠡᠶ᠋ᠢᠭᠡᠮ᠎ᠤᠨ ᠡᠯ᠎ᠡ ᠡᠲᠡᠭᠡᠳ ᠪᠠ ᠤᠰᠤ ᠬᠡᠷᠡᠭᠯᠡᠬᠦ ᠡᠷᠦᠬᠡ ᠵᠢᠨ ᠣᠶ᠋ᠢᠯᠠᠭ᠋ᠠᠯᠲᠠ ᠳᠡᠮᠵᠢᠯᠭᠡ᠎ᠠᠴᠠ ᠰᠠᠯᠵᠤ ᠴᠢᠳᠠᠬᠤ ᠥᠬᠡᠶ᠂ ᠨᠠᠩ ᠴᠤ᠌ ᠬᠤ᠌ ᠱᠧᠩ ᠨᠥᠬᠦᠷ ᠵᠶ᠋ᠠᠷ ᠲᠥᠯᠥᠭᠡᠯᠡᠭᠦᠯᠦᠭᠰᠡᠨ ᠨᠢᠭᠡ ᠦᠶ᠎ᠡ ᠵᠢᠨ ᠳ᠋ᠸᠩᠺᠸᠤ ᠵᠢᠨ ᠤᠰᠤᠨ ᠠᠰᠢᠭᠯᠠᠯᠲᠠ ᠵᠢᠨ ᠬᠥᠮᠦᠨ᠎ᠤ ᠭᠤᠶᠠᠴᠢ ᠥᠬᠡᠶ ᠬᠤᠪᠢ ᠨᠡᠮᠡᠷᠢ᠎ᠠᠴᠠ ᠰᠠᠯᠵᠤ ᠴᠢᠳᠠᠬᠤ ᠥᠬᠡᠶ ᠶᠤᠮ᠃ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠲᠤ ᠠᠯᠬᠤᠭᠰᠠᠨ ᠠᠯᠬᠤᠮ ᠨᠢᠭᠡᠪᠦᠷᠢ᠂ ᠣᠯᠤᠭᠰᠠᠨ ᠠᠮᠵᠢᠯᠲᠠ ᠨᠢᠭᠡᠪᠦᠷᠢ᠎ᠨᠢ ᠴᠥᠮ ᠠᠬᠠᠮᠠᠳ ᠨᠢᠭᠡ ᠦᠶ᠎ᠡ ᠵᠢᠨ᠎ᠬᠢᠨ᠎ᠤ ᠤᠰᠤᠨ᠎ᠤ ᠤᠰᠤᠯᠠᠯᠲᠠ ᠵᠢᠨ ᠵᠠᠮ ᠨᠡᠭᠡᠭᠡᠬᠦ ᠪᠠ ᠬᠤᠪᠢ ᠨᠡᠮᠡᠷᠢ ᠦᠵᠡᠭᠦᠯᠵᠦ᠂ ᠲᠡᠳᠡᠨ᠎ᠤ ᠡᠭᠦᠳᠦᠨ ᠪᠦᠲᠦᠭᠡᠬᠦ ᠪᠠ ᠬᠤᠷᠠᠮᠳᠤᠭᠤᠯᠬᠤ ᠵᠢ ᠠᠭᠤᠯᠵᠤ ᠪᠠᠶ᠋ᠢᠳᠠᠭ᠃

   ᠴᠧᠩ ᠶᠠᠨ ᠹᠧᠩ ᠢᠯᠡᠷᠬᠡᠶ᠋ᠢᠯᠡᠬᠦ᠎ᠳᠡᠭᠡᠨ᠂ ᠲᠥᠪ᠎ᠤᠨ ᠨᠠᠮ᠎ᠤᠨ ᠬᠤᠷᠢᠶ᠎ᠠ ᠬᠤ᠌ ᠱᠧᠩ ᠨᠥᠬᠦᠷ᠎ᠤᠨ ᠤᠰᠤᠯᠠᠯᠲᠠ ᠵᠢᠨ ᠣᠷᠣᠨ᠎ᠤ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠦᠵᠡᠭᠦᠯᠦᠭᠰᠡᠨ ᠬᠤᠪᠢ ᠨᠡᠮᠡᠷᠢ ᠵᠢ ᠮᠠᠷᠲᠠᠬᠤ ᠥᠬᠡᠶ᠂ ᠯᠠᠪᠲᠠᠶ ᠤᠯᠤᠰ ᠲᠥᠷᠥ ᠵᠢᠨ ᠲᠠᠯ᠎ᠠ᠎ᠪᠠᠷ ᠬᠦᠨᠳᠦᠳᠬᠡᠵᠦ᠂ ᠦᠵᠡᠯ ᠰᠠᠨᠠᠭ᠋ᠠᠨ᠎ᠤ ᠲᠠᠯ᠎ᠠ᠎ᠪᠠᠷ ᠬᠠᠯᠠᠮᠵᠢᠯᠠᠵᠤ᠂ ᠠᠮᠢᠳᠤᠷᠠᠯ᠎ᠤᠨ ᠲᠠᠯ᠎ᠠ᠎ᠪᠠᠷ ᠬᠠᠷᠠᠭ᠋ᠠᠯᠵᠠᠵᠤ᠂ ᠪᠥᠬᠦ ᠬᠦᠴᠦᠨ ᠵᠶ᠋ᠠᠷ ᠵᠶ᠋ᠠᠨ ᠪᠠᠲᠤᠯᠠᠵᠤ᠂  ᠨᠠᠰᠤᠲᠠᠨ᠎ᠢ ᠰᠤᠷᠤᠯᠴᠠᠯᠭ᠎ᠠ᠎ᠳᠤ ᠤᠷᠤᠯᠴᠠᠭᠤᠯᠬᠤ᠂ ᠨᠠᠰᠤᠲᠠᠨ᠎ᠢ ᠪᠠᠶᠠᠷ ᠪᠠᠶᠠᠰᠬᠤᠯᠠᠩ᠎ᠲᠠᠢ ᠪᠠᠢ᠌ᠯᠭ᠋ᠠᠬᠤ᠂ ᠨᠠᠰᠤᠲᠠᠨ᠎ᠢ ᠬᠢᠬᠦ ᠠᠵᠢᠯᠯᠠᠭ᠎ᠠ᠎ᠲᠠᠢ ᠪᠤᠯᠭ᠋ᠠᠬᠤ ᠵᠢ ᠴᠢᠩ ᠰᠡᠳᠬᠢᠯ᠎ᠠᠴᠠ᠎ᠪᠠᠨ ᠬᠦᠰᠡᠨ ᠵᠦᠩᠨᠡᠵᠤ ᠪᠠᠢ᠌ᠬᠤ᠎ᠪᠠᠨ ᠢᠯᠡᠳᠭᠡᠵᠡᠢ᠃  ᠡᠭᠦᠨ᠎ᠤ ᠬᠠᠮᠲᠤ᠂ ᠠᠬᠠᠮᠠᠳ ᠨᠥᠬᠦᠳ᠎ᠤᠨ ᠠᠵᠢᠯ᠎ᠤᠨ ᠪᠠᠶ᠋ᠢᠷᠢ᠎ᠠᠴᠠ᠎ᠪᠠᠨ ᠰᠠᠯᠠᠭᠰᠠᠨ ᠴᠤ᠌ ᠨᠠᠮ᠎ᠠᠴᠠ᠎ᠪᠠᠨ ᠰᠠᠯᠬᠤ ᠦᠭᠡᠢ᠂ ᠢᠳᠡᠪᠬᠢᠲᠡᠶ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠵᠠᠯᠠᠭᠤ ᠺᠠᠳ᠋ᠷᠴᠤᠳ᠎ᠤᠨ ᠦᠰᠦᠨ ᠪᠤᠶ᠋ᠢᠵᠢᠬᠤ ᠵᠢᠨ 《ᠬᠠᠪᠰᠤᠷᠤᠨ ᠵᠢᠯᠣᠭᠤᠳᠤᠭᠴᠢ》 ᠪᠠ ᠤᠰᠤᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ 《ᠳᠡᠭᠡᠳᠦ ᠵᠥᠪᠯᠡᠯᠭᠡᠨ᠎ᠤ ᠭᠡᠰᠢᠭᠦᠨ》 ᠪᠣᠯᠵᠣ᠂ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠲᠦᠷᠭᠡᠨ ᠬᠥᠭᠵᠢᠯᠲᠡ᠎ᠳᠤ ᠦᠷᠭᠦᠯᠵᠢᠯᠡᠨ ᠬᠦᠴᠦᠨ ᠴᠢᠳᠠᠯ ᠵᠶ᠋ᠠᠨ ᠡᠷᠭᠦᠬᠦ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ ᠭᠡᠵᠡᠶ᠃

   ᠴᠧᠩ ᠶᠠᠨ ᠹᠧᠩ ᠴᠢᠬᠤᠯᠠᠴᠢᠯᠠᠭᠰᠠᠨ᠎ᠨᠢ᠂ ᠪᠦᠬᠦ ᠺᠠᠳ᠋ᠷ ᠠᠵᠢᠯᠳᠠᠨ ᠠᠵᠢᠯᠴᠢᠨ ᠠᠵᠢᠯ᠎ᠠᠴᠠ᠎ᠪᠠᠨ ᠠᠮᠠᠷᠠᠭᠰᠠᠳ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠵᠶ᠋ᠠᠷ ᠳᠠᠭᠤᠷᠢᠶᠠᠯ ᠪᠣᠯᠭ᠋ᠠᠵᠤ᠂ ᠠᠬᠠᠮᠠᠳ ᠦᠶ᠎ᠡ ᠵᠢᠨ᠎ᠬᠢᠨ᠎ᠤ ᠰᠢᠯᠢᠳᠡᠭ ᠤᠯᠠᠮᠵᠢᠯᠠᠯ ᠪᠠ ᠬᠠᠲᠠᠭᠤ ᠴᠢᠩᠭ᠎ᠠ ᠰᠤᠷᠲᠠᠯ᠎ᠢ ᠰᠠᠶ᠋ᠢᠲᠤᠷ ᠤᠯᠠᠮᠵᠢᠯᠠᠵᠤ᠂ 《ᠰᠢᠨ᠎ᠡ ᠴᠠᠭ ᠦᠶ᠎ᠡ ᠵᠢᠨ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠢ ᠪᠦᠲᠦᠭᠡᠨ ᠪᠠᠶ᠋ᠢᠭᠤᠯᠬᠤ》 ᠡᠨᠡᠬᠦ ᠬᠠᠷᠠᠯᠲᠠ ᠵᠢᠨ ᠪᠠᠶ᠋ᠢᠷᠢ ᠲᠣᠭᠲᠠᠭ᠋ᠠᠯᠲᠠ ᠵᠢ ᠲᠣᠭᠲᠠᠭ᠋ᠠᠵᠤ᠂ ᠤᠯᠠᠮᠵᠢᠯᠠᠬᠤ ᠳᠤᠮᠳᠠ ᠪᠠᠷᠢᠮᠵᠢᠶᠠᠯᠠᠨ ᠲᠣᠭᠲᠠᠭ᠋ᠠᠵᠤ᠂ ᠪᠣᠳᠠᠲᠠᠢ ᠠᠵᠢᠯᠯᠠᠬᠤ ᠳᠤᠮᠳᠠ ᠴᠢᠳᠠᠪᠤᠷᠢ᠎ᠪᠠᠨ ᠨᠡᠮᠡᠭᠳᠡᠭᠦᠯᠵᠦ᠂ ᠲᠡᠮᠡᠴᠡᠯ᠎ᠤᠨ ᠳᠤᠮᠳᠠ ᠦᠷᠳᠡᠭ ᠵᠶ᠋ᠠᠨ ᠢᠯᠡᠷᠡᠭᠦᠯᠵᠦ᠂ ᠬᠠᠳᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠲᠠᠬᠢᠨ ᠰᠢᠨ᠎ᠡ ᠳᠡᠭᠲᠡᠷ᠎ᠲᠤ ᠭᠠᠷᠴᠤ᠂ ᠲᠠᠬᠢᠨ ᠭᠡᠷᠡᠯ ᠰᠠᠴᠤᠷᠠᠩᠭᠤᠢ ᠠᠮᠵᠢᠯᠲᠠ ᠵᠢ ᠴᠢᠷᠮᠠᠶ᠋ᠢᠨ ᠠᠬᠢᠭᠤᠯᠬᠤ ᠬᠡᠷᠡᠭᠲᠡᠢ ᠭᠡᠵᠡᠢ!

   ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠡᠷᠡᠮᠡᠬᠡᠶ᠋ᠢᠯᠡᠨ ᠲᠠᠪᠰᠢᠬᠰᠠᠨ ᠥᠩᠭᠡᠷᠡᠯᠲᠡ᠎ᠨᠢ ᠥᠷᠭᠡᠨ ᠤᠯᠠᠨ ᠠᠬᠠᠮᠠᠳ ᠨᠥᠬᠦᠳ᠎ᠤᠨ ᠬᠤᠪᠢ ᠨᠡᠮᠡᠷᠢ ᠦᠵᠡᠭᠦᠯᠦᠭᠰᠡᠨ ᠴᠢᠷᠮᠠᠶ᠋ᠢᠯᠭ᠎ᠠ ᠵᠢ ᠨᠢᠭᠲᠠᠷᠠᠭᠤᠯᠵᠤ᠂ ᠦᠶ᠎ᠡ ᠵᠢᠨ ᠦᠶ᠎ᠡ ᠳ᠋ᠸᠩᠺᠸᠤ ᠵᠢᠨ ᠤᠰᠤᠯᠠᠯᠲᠠ ᠵᠢᠨ ᠬᠥᠮᠥᠨ᠎ᠤ ᠦᠷᠭᠦᠯᠵᠢᠯᠡᠨ ᠲᠡᠮᠡᠴᠡᠭᠰᠡᠨ᠎ᠠᠴᠠ ᠪᠣᠯᠤᠭᠰᠠᠨ ᠶᠤᠮ᠃  ᠰᠢᠪᠠᠷ ᠱᠠᠯᠴᠢᠭ᠎ᠲᠠᠢ ᠤᠰᠤ ᠬᠦᠶᠦᠬᠦ ᠰᠤᠪᠠᠭ᠎ᠠᠴᠠ ᠲᠡᠭᠰᠢᠯᠡᠵᠦ ᠪᠠᠷᠢᠮᠵᠢᠶᠠᠵᠢᠭᠰᠠᠨ ᠪᠦᠲᠦᠭᠡᠨ ᠪᠠᠶ᠋ᠢᠭᠤᠯᠤᠯᠲᠠ ᠬᠢᠪᠡ᠂ ᠬᠦᠷᠵᠡ᠎ᠪᠠᠷ ᠮᠠᠯᠲᠠᠬᠤ᠎ᠠᠴᠠ ᠮᠦᠷᠦᠨ ᠳᠡᠭᠡᠷ᠎ᠡ ᠮᠦᠷᠦᠪᠴᠢᠯᠡᠵᠤ 《ᠣᠯᠠᠨ ᠲᠦᠮᠡᠨ᠎ᠤ ᠬᠥᠳᠡᠯᠭᠡᠭᠡᠨ》᠎ᠢ ᠡᠭᠦᠳᠬᠦ ᠬᠦᠷᠲᠡᠯ᠎ᠡ᠂ ᠮᠠᠰᠢᠨ᠎ᠤ ᠳᠠᠭᠤᠨ ᠨᠢᠵᠢᠭᠢᠨᠡᠬᠦ ᠮᠠᠰᠢᠨ ᠮᠧᠬᠠᠨᠢᠭ᠎ᠤᠨ ᠪᠠᠷᠢᠯᠭ᠎ᠠ ᠪᠠᠶ᠋ᠢᠭᠤᠯᠬᠤ ᠬᠦᠷᠲᠡᠯ᠎ᠡ᠂ ᠰᠠᠯᠬᠢ ᠪᠣᠷᠣᠭ᠋ᠠᠨ᠎ᠳᠤ ᠰᠠᠭ᠋ᠠᠲᠠᠯ ᠦᠭᠡᠢ ᠬᠥᠮᠦᠨ᠎ᠤ ᠬᠦᠴᠦ᠎ᠪᠠᠷ ᠤᠰᠤ ᠬᠡᠮᠵᠢᠬᠦ᠎ᠠᠴᠠ ᠭᠡᠷ᠎ᠠᠴᠠ᠎ᠪᠠᠨ ᠭᠠᠷᠬᠤ ᠦᠭᠡᠢ ᠠᠦ᠋ᠲ᠋ᠣᠴᠢᠯᠠᠭᠰᠠᠨ ᠤᠷᠤᠰᠬᠠᠯ᠎ᠤᠨ ᠬᠡᠮᠵᠢᠯᠲᠡ ᠬᠢᠬᠦ ᠬᠦᠷᠲᠡᠯ᠎ᠡ᠂ ᠬᠤᠪᠢᠷᠠᠯᠲᠠ᠎ᠨᠢ᠂ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠣᠳᠣᠬᠢᠴᠢᠯᠠᠯᠲᠠ ᠵᠢᠨ ᠲᠦᠪᠰᠢᠨ ᠪᠣᠯ ᠬᠤᠪᠢᠷᠠᠯ ᠦᠭᠡᠢ ᠨᠢᠭᠡ ᠦᠶ᠎ᠡ ᠵᠢᠨ ᠳ᠋ᠸᠩᠺᠸᠤ ᠵᠢᠨ ᠤᠰᠤᠨ᠎ᠤ ᠰᠦᠷᠯᠢᠭ ᠤᠷᠤᠰᠬᠠᠯ᠎ᠤᠨ ᠡᠮᠦᠨ᠎ᠡ ᠵᠣᠭᠰᠣᠵᠤ᠂ ᠡᠷᠡᠯᠬᠡᠭᠯᠡᠨ ᠲᠡᠮᠡᠴᠡᠬᠦ ᠴᠤᠭ ᠵᠢᠪᠬᠤᠭ᠎ᠠ ᠪᠣᠯᠤᠨ᠎ᠠ᠃  ᠲᠤᠰ ᠤᠳᠠᠭ᠋ᠠᠨ᠎ᠤ ᠢᠷᠠᠭᠤ ᠠᠯᠳᠠᠷ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠶᠠᠷᠢᠯᠴᠠᠬᠤ ᠬᠤᠷᠠᠯ ᠵᠶ᠋ᠠᠷ ᠳᠠᠮᠵᠢᠭᠤᠯᠤᠨ᠂ ᠠᠬᠠᠮᠠᠳ ᠺᠠᠳ᠋ᠷᠴᠤᠳ᠎ᠲᠤ ᠠᠵᠢᠯ᠎ᠠᠴᠠ᠎ᠪᠠᠨ ᠠᠮᠠᠷᠠᠭᠰᠠᠳ ᠡᠨᠡ ᠬᠦ᠌ ᠣᠨᠴᠠᠭ᠋ᠠᠶ ᠠᠴᠢ ᠬᠤᠯᠪᠣᠭᠳᠠᠯ᠎ᠲᠠᠢ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠲᠤ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠭᠦᠢ᠍ᠴᠡᠳ ᠮᠡᠳᠡᠷᠡᠭᠦᠯᠵᠦ᠂ ᠠᠵᠢᠯ ᠮᠡᠷᠭᠡᠵᠢᠯ᠎ᠤᠨ ᠠᠮᠢᠳᠤᠷᠠᠯ᠎ᠤᠨ 《ᠡᠴᠦᠰ᠎ᠤᠨ ᠨᠢᠭᠡ ᠺᠢᠯᠤᠮᠸᠲᠷ》᠎ᠢ ᠳᠤᠯᠠᠭ᠋ᠠᠴᠠᠭᠤᠯᠬᠤ ᠵᠢᠨ ᠬᠠᠮᠲᠤ ᠪᠠᠰᠠ ᠥᠷᠭᠡᠨ ᠣᠯᠠᠨ ᠵᠠᠯᠠᠭᠤ ᠺᠠᠳ᠋ᠷᠴᠤᠳ᠎ᠢ ᠵᠣᠷᠢᠭᠵᠢᠭᠤᠯᠵᠤ᠂ ᠠᠬᠠᠮᠠᠳ ᠨᠢᠭᠡ ᠦᠶ᠎ᠡ ᠵᠢᠨ ᠤᠰᠤᠨ ᠠᠰᠢᠭᠯᠠᠯᠲᠠ ᠵᠢᠨ ᠬᠥᠮᠥᠰ᠎ᠤᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠵᠠᠩ ᠰᠤᠷᠲᠠᠯ ᠪᠠ ᠰᠢᠨᠵᠢᠯᠡᠬᠦ ᠤᠬᠠᠭ᠋ᠠᠨᠴᠢ᠎ᠪᠠᠷ ᠦᠨᠡᠨ᠎ᠢ ᠪᠠᠷᠢᠮᠲᠠᠯᠠᠨ ᠰᠢᠨ᠎ᠡ ᠵᠢ ᠡᠭᠦᠳᠬᠦ ᠠᠵᠢᠯ᠎ᠤᠨ ᠰᠤᠷᠲᠠᠯ᠎ᠢ ᠤᠯᠠᠮᠵᠢᠯᠠᠵᠤ᠂ ᠤᠰᠤᠯᠠᠯᠲᠠ ᠵᠢᠨ ᠣᠷᠣᠨ᠎ᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠦᠢ᠍ᠯᠡᠳᠦᠯᠭᠡ ᠵᠢᠨ ᠳᠤᠮᠳᠠ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠬᠡᠷᠡᠭᠲᠡᠢ᠃

   ᠬᠠᠮᠢᠶᠠᠷᠤᠯᠲᠠ ᠵᠢᠨ ᠲᠥᠪ᠎ᠤᠨ ᠳᠡᠳ᠋ ᠰᠠᠯᠠᠭ᠋ᠠᠨ ᠲᠡᠰ ᠵᠢᠴᠢ ᠲᠡᠭᠦᠨ᠎ᠠᠴᠠ ᠳᠡᠭᠡᠭᠰᠢᠬᠢ ᠺᠠᠳ᠋ᠷ᠂ ᠠᠵᠢᠯᠴᠢᠨ᠎ᠤ ᠡᠪᠯᠡᠯ᠎ᠤᠨ ᠺᠠᠳ᠋ᠷ᠂ ᠵᠠᠯᠠᠭᠤ ᠠᠵᠢᠯᠳᠠᠨ ᠠᠵᠢᠯᠴᠢᠨ᠎ᠤ ᠲᠥᠯᠥᠭᠡᠯᠡᠭᠴᠢ ᠵᠡᠷᠭᠡ 20 ᠭᠠᠷᠤᠢ ᠬᠥᠮᠦᠨ ᠶᠠᠷᠢᠯᠴᠠᠬᠤ ᠬᠤᠷᠠᠯ᠎ᠳᠤ ᠣᠷᠣᠯᠴᠠᠪᠠ᠃

  

  (ᠡᠬᠡ ᠪᠢᠴᠢᠭ᠎ᠢ ᠬᠠᠲᠤᠨ ᠭᠤᠣᠯ᠎ᠤᠨ ᠳᠥᠷᠥᠭᠡᠨ ᠠᠮᠠᠰᠠᠷ᠎ᠤᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠠᠴᠠ ᠬᠠᠩᠭ᠋ᠠᠪᠠ   ᠵᠢᠷᠤᠭ ᠶᠢᠨ ᠽᠧ ᠵᠢᠶᠦ᠋ᠨ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠡᠨᠧᠷᠭᠢ ᠵᠢᠨ ᠬᠤᠷᠣᠭᠳᠠᠯ᠎ᠤᠨ ᠬᠤᠣᠰ ᠡᠵᠡᠮᠳᠡᠯ᠎ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠪᠣᠯᠭ᠋ᠠᠨ ᠬᠤᠪᠢᠷᠠᠭᠤᠯᠬᠤ ᠵᠢ ᠤᠷᠢᠳᠠᠪᠠᠷ ᠠᠬᠢᠭᠤᠯᠵᠤ ᠪᠠᠶ᠋ᠢᠨ᠎ᠠ
ᠥᠪᠥᠷ ᠮᠣᠩᠭᠤᠯ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠢᠳᠡᠪᠬᠢᠲᠡᠶ ᠠᠬᠢᠭᠤᠯᠵᠤ 17 ᠵᠤᠷᠪᠤᠰ ᠠᠷᠭ᠎ᠠ ᠬᠡᠮᠵᠢᠶ᠎ᠡ ᠠᠪᠴᠤ ᠨᠡᠶ᠋ᠢᠲᠡ ᠵᠢᠨ ᠠᠰᠠᠷᠠᠮᠵᠢ ᠵᠢᠨ ᠬᠦᠴᠦᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ᠎ᠳᠤ ᠣᠷᠣᠯᠴᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠪᠡ
ᠪᠥᠬᠦ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭᠴᠢ ᠵᠢ ᠤᠷᠢᠳ ᠵᠶ᠋ᠠᠷ ᠬᠡᠷᠡᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠥᠬᠦ ᠬᠦᠴᠦᠨ ᠵᠶ᠋ᠠᠷ ᠵᠶ᠋ᠠᠨ ᠴᠣᠭᠴᠠᠯᠠᠨ᠎ᠠ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
ᠬᠠᠨᠵᠢᠶᠠᠩ ᠮᠦᠷᠡᠨ᠎ᠳᠤ 2024 ᠣᠨ᠎ᠤ 1 ᠳ᠋ᠦ᠍ᠭᠡᠷ ᠦᠶᠡᠷ ᠡᠭᠦᠰᠪᠡ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠦᠶᠡᠷ ᠤᠰᠤᠲᠤᠯ᠎ᠢ ᠠᠷᠭ᠋ᠠᠴᠠᠬᠤ ᠶᠠᠪᠤᠴᠠ ᠵᠢ ᠲᠦᠷᠭᠡᠨ ᠪᠠᠢ᠌ᠷᠢᠯᠠᠭᠤᠯᠵᠠᠶ
 
            