4 ᠳ᠋ᠦ᠍ᠭᠡᠷ ᠰᠠᠷ᠎ᠠ ᠵᠢᠨ 17᠎ᠤ ᠡᠳᠦᠷ᠂ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠥᠬᠡᠬᠤᠲᠠ ᠵᠢᠨ ᠬᠠᠲᠤᠨ ᠭᠤᠤᠯ᠎ᠤᠨ ᠤᠰᠤ ᠵᠢ ᠲᠠᠲᠠᠵᠤ ᠤᠰᠤ ᠬᠠᠩᠭ᠋ᠠᠬᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠵᠣᠬᠢᠴᠠᠭᠤᠯᠤᠨ ᠠᠬᠢᠭᠤᠯᠪᠠ᠃ ᠬᠤᠷᠠᠯ᠎ᠠᠴᠠ ᠴᠦᠨ ᠬᠤᠸᠠ ᠤᠰᠤᠨ᠎ᠤ ᠶᠠᠪᠤᠳᠠᠯ᠎ᠤᠨ ᠺᠣᠮᠫᠠᠨᠢ ᠵᠢᠨ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠤᠬᠠᠶ ᠱᠠᠭ᠋ᠠᠷᠳᠠᠯᠭ᠎ᠠ ᠳᠤᠷᠠᠳᠪᠠ᠃ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠯᠢ ᠪᠢᠨ᠂ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠬᠤᠳᠠ ᠵᠢᠨ ᠳᠡᠳ᠋ ᠳᠠᠷᠤᠭ᠎ᠠ ᠹᠦ᠋ ᠵᠢᠨ ᠶᠠᠷᠢᠯᠴᠠᠬᠤ ᠬᠤᠷᠠᠯ᠎ᠳᠤ ᠣᠷᠣᠯᠴᠠᠪᠠ᠃

ᠱᠧᠩ ᠰᠢᠶᠣᠣ ᠶᠢᠤ ᠵᠢᠭ᠋ᠠᠵᠤ ᠭᠠᠷᠭ᠋ᠠᠭᠰᠠᠨ᠎ᠨᠢ᠂ ᠬᠥᠬᠡᠬᠤᠲᠠ ᠵᠢᠨ ᠬᠠᠲᠤᠨ ᠭᠤᠤᠯ᠎ᠤᠨ ᠤᠰᠤ ᠵᠢ ᠬᠥᠬᠡᠬᠤᠲᠠ ᠳᠤ ᠲᠠᠲᠠᠵᠤ ᠤᠷᠤᠭᠤᠯᠬᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠪᠣᠯ ᠣᠷᠣᠨ᠎ᠤ ᠲᠥᠪ᠎ᠤᠨ ᠠᠮᠢᠨ ᠰᠤᠳᠠᠰᠤ ᠵᠢᠨ ᠢᠨᠵᠧᠨᠧᠷᠢᠩ ᠮᠥᠨ᠂ ᠬᠥᠬᠡᠬᠤᠲᠠ ᠵᠢᠨ ᠬᠤᠲᠠ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠵᠢ ᠪᠠᠲᠤᠯᠠᠬᠤ᠂ ᠬᠥᠬᠡᠬᠤᠲᠠ ᠵᠢᠨ ᠬᠤᠲᠠ ᠵᠢᠨ ᠲᠣᠭᠤᠷᠢᠭ᠎ᠤᠨ ᠲᠣᠮᠣ ᠬᠡᠯᠪᠡᠷᠢ ᠵᠢᠨ ᠬᠡᠳᠦ ᠮᠠᠯᠲᠠᠭᠰᠠᠨ ᠤᠷᠤᠨ᠎ᠤ ᠮᠠᠯᠲᠠᠬᠤ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠵᠠᠰᠠᠬᠤ ᠵᠢ ᠳᠥᠯᠭᠢᠨ ᠠᠬᠢᠭᠤᠯᠬᠤ᠂ ᠣᠷᠣᠨ᠎ᠤ ᠲᠥᠪ ᠠᠵᠤ ᠦᠢ᠍ᠯᠡᠳᠪᠦᠷᠢ ᠵᠢᠨ ᠬᠥᠭᠵᠢᠯᠲᠡ ᠵᠢ ᠲᠤᠯᠭ᠋ᠠᠭᠤᠷᠢᠯᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠂ ᠨᠢᠭᠡᠨᠲᠡ 2024 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠪᠢᠴᠢᠨ ᠣᠷᠣᠭᠤᠯᠵᠤ᠂ ᠡᠨᠡ ᠵᠢᠯ ᠪᠠᠷᠢᠯᠭ᠎ᠠ ᠡᠬᠢᠯᠡᠭᠦᠯᠬᠦ ᠵᠢ ᠱᠠᠭ᠋ᠠᠷᠳᠠᠪᠠ᠃ ᠣᠳᠣᠬᠠᠨ᠎ᠳᠤ᠂ ᠢᠨᠵᠸᠨ᠋ᠸᠷᠢᠩ᠎ᠤᠨ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠴᠣᠬᠤᠯᠠᠪᠤᠷᠢ ᠵᠢ ᠣᠯᠵᠤ᠂ ᠲᠥᠷᠥᠯ ᠵᠦᠢ᠍ᠯ᠎ᠤᠨ ᠤᠰᠤ ᠲᠠᠲᠠᠬᠤ ᠭᠦᠢ᠍ᠴᠡᠳᠭᠡᠯ ᠲᠤᠭ᠎ᠠ ᠨᠢᠭᠡᠨᠲᠡ ᠤᠰᠤᠨ ᠠᠰᠢᠭᠯᠠᠯᠲᠠ ᠵᠢᠨ ᠶᠠᠮᠤᠨ᠎ᠤ ᠬᠠᠲᠤᠨ ᠭᠤᠤᠯ᠎ᠤᠨ ᠵᠥᠪᠯᠡᠯ᠎ᠤᠨ ᠴᠣᠬᠤᠯᠠᠪᠤᠷᠢ ᠵᠢ ᠣᠯᠵᠤ᠂ ᠲᠥᠷᠥᠯ ᠵᠦᠢ᠍ᠯ᠎ᠤᠨ ᠪᠣᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ ᠵᠢ ᠨᠢᠭᠡᠨᠲᠡ ᠨᠠᠶ᠋ᠢᠷᠠᠭᠤᠯᠤᠨ ᠵᠣᠬᠢᠶᠠᠵᠤ ᠳᠠᠭᠤᠰᠴᠤ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠡᠮᠬᠢ ᠵᠢᠷᠤᠮ᠎ᠲᠠᠢ ᠥᠷᠨᠢᠭᠦᠯᠪᠡ᠃ ᠭᠡᠪᠡᠴᠦ ᠡᠨᠡ ᠵᠢᠯ᠎ᠤᠨ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠬᠤ ᠬᠠᠷᠠᠯᠲᠠ ᠵᠢᠨ ᠱᠠᠭ᠋ᠠᠷᠳᠠᠯᠭ᠎ᠠ᠎ᠲᠠᠢ ᠬᠠᠷᠢᠴᠠᠭᠤᠯᠪᠠᠯ᠂ ᠪᠠᠰᠠ ᠶᠡᠭᠡ ᠬᠡᠮᠵᠢᠶᠡᠨ᠎ᠤ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠶᠡᠭᠡ᠎ᠪᠠᠷ ᠳᠥᠯᠭᠢᠨ ᠠᠬᠢᠭᠤᠯᠬᠤ ᠴᠢᠬᠤᠯᠠᠲᠠᠶ ᠪᠠᠶ᠋ᠢᠨ᠎ᠠ᠃ ᠬᠥᠬᠡᠬᠤᠲᠠ᠂ ᠤᠰᠤᠨ ᠠᠰᠢᠭᠯᠠᠯᠲᠠ ᠵᠢᠨ ᠲᠢᠩᠬᠢᠮ ᠵᠡᠷᠭᠡ ᠡᠯ᠎ᠡ ᠲᠠᠯ᠎ᠠ ᠵᠢᠨ᠎ᠬᠢᠨ ᠬᠦᠴᠦ᠎ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠵᠤ᠂ ᠢᠨᠵᠸᠨ᠋ᠸᠷᠢᠩ᠎ᠢ ᠲᠦᠷᠭᠡᠬᠡᠨ ᠠᠵᠢᠯ ᠡᠬᠢᠯᠡᠭᠦᠯᠬᠦ ᠵᠢ ᠬᠠᠮᠲᠤ᠎ᠪᠠᠷ ᠠᠬᠢᠭᠤᠯᠵᠤ᠂ ᠲᠠᠷᠠᠭ᠋ᠠᠴᠢ ᠵᠢᠨ ᠠᠯᠬᠤᠮ᠎ᠳᠤ ᠳᠣᠤᠷᠠᠬᠢ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠠᠳᠬᠤᠬᠤ ᠬᠡᠷᠡᠭᠲᠡᠶ᠃ ᠨᠢᠭᠡ᠎ᠳᠤ᠂ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠭᠦᠢ᠍ᠴᠡᠳᠭᠡᠬᠦ ᠵᠢ ᠲᠦᠷᠭᠡᠳᠬᠡᠨ᠎ᠡ᠃ 11 ᠳ᠋ᠤᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ᠎ᠢ ᠪᠦᠷᠢᠳᠦᠭᠦᠯᠵᠦ ᠪᠠᠶ᠋ᠢᠭ᠋ᠠᠳ ᠲᠣᠩᠭᠤᠷᠠᠭᠤᠯᠤᠨ ᠵᠢᠭᠰᠠᠭ᠋ᠠᠬᠤ ᠴᠠᠭ ᠬᠤᠭᠤᠴᠠᠭ᠎ᠠ ᠶᠣᠰᠣᠭ᠋ᠠᠷ᠂ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠂ ᠨᠡᠶ᠋ᠢᠭᠡᠮ᠎ᠤᠨ ᠲᠣᠭᠲᠠᠪᠤᠷᠢᠲᠤ ᠴᠢᠨᠠᠷ᠎ᠤᠨ ᠵᠠᠳᠠᠯᠤᠯᠲᠠ᠂ ᠤᠰᠤ ᠰᠢᠷᠣᠢ ᠵᠢᠨ ᠬᠠᠮᠠᠭ᠋ᠠᠯᠠᠯᠲᠠ᠂ ᠦᠶᠡᠷ᠎ᠢ ᠰᠡᠷᠭᠡᠶ᠋ᠢᠯᠡᠬᠦ ᠨᠥᠯᠥᠭᠡ ᠵᠢ ᠦᠨᠡᠯᠡᠬᠦ ᠵᠡᠷᠭᠡ ᠡᠯ᠎ᠡ ᠵᠦᠢ᠍ᠯ᠎ᠤᠨ ᠲᠤᠯᠭ᠋ᠠᠭᠤᠷᠢᠯᠠᠬᠤ ᠴᠢᠨᠠᠷᠲᠠᠢ ᠪᠢᠴᠢᠭ ᠮᠠᠲ᠋ᠧᠷᠢᠶᠠᠯ᠎ᠢ ᠲᠦᠷᠭᠡᠨ ᠭᠦᠢ᠍ᠴᠡᠳᠬᠡᠬᠦ ᠬᠡᠷᠡᠭᠲᠡᠢ᠃ ᠭᠠᠵᠠᠷ ᠰᠢᠷᠣᠶ ᠵᠢᠨ ᠤᠷᠢᠳᠴᠢᠯᠠᠨ ᠬᠢᠨᠠᠬᠤ ᠭᠠᠷᠳᠠᠮ᠎ᠢ ᠭᠦᠢ᠍ᠴᠡᠳᠭᠡᠬᠦ ᠵᠢ ᠭᠤᠤᠯᠳᠠᠯᠭ᠎ᠠ᠎ᠲᠠᠢ ᠠᠬᠢᠭᠤᠯᠵᠤ᠂ ᠭᠤᠶᠤᠴᠢᠯᠠᠨ ᠮᠡᠳᠡᠭᠦᠯᠬᠦ ᠵᠢ 2024 ᠣᠨ᠎ᠤ ᠲᠥᠪ᠎ᠠᠴᠠ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠪᠠᠲᠤᠯᠠᠭ᠎ᠠ ᠵᠢ ᠴᠢᠩᠭ᠋ᠠᠳᠬᠠᠬᠤ ᠴᠢᠬᠤᠯᠠᠲᠠᠶ ᠤᠯᠤᠰ᠎ᠤᠨ ᠭᠤᠤᠯᠳᠠᠯᠭ᠎ᠠ᠎ᠲᠠᠢ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠨᠠᠷᠢᠨ ᠲᠠᠩᠰᠠ ᠵᠢᠨ ᠠᠬᠢᠴᠠ ᠵᠢ ᠴᠢᠩᠭ᠎ᠠ ᠠᠩᠬᠠᠷᠴᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶ᠋ᠢᠭ᠋ᠠᠯᠢ ᠵᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ᠎ᠢ ᠢᠳᠡᠪᠬᠢᠲᠡᠶ ᠵᠣᠯᠭ᠋ᠠᠭᠤᠯᠤᠨ ᠵᠣᠬᠢᠴᠠᠭᠤᠯᠵᠤ᠂ ᠭᠠᠵᠠᠷ ᠬᠡᠷᠡᠭᠯᠡᠬᠦ ᠭᠠᠷᠳᠠᠮ᠎ᠢ ᠭᠦᠢ᠍ᠴᠡᠳᠭᠡᠬᠦ ᠵᠢ ᠲᠦᠷᠭᠡᠳᠬᠡᠨ ᠠᠬᠢᠭᠤᠯᠤᠨ᠎ᠠ᠃ ᠬᠤᠶᠠᠷ᠎ᠲᠤ᠂ ᠬᠠᠤᠯᠢ ᠵᠢᠨ ᠡᠷᠬᠡᠲᠡᠨ᠎ᠢ ᠵᠣᠬᠢᠶᠠᠨ ᠪᠠᠶ᠋ᠢᠭᠤᠯᠬᠤ᠂ ᠪᠠᠯᠠ ᠮᠥᠩᠭᠦ ᠴᠤᠭᠯᠠᠭᠤᠯᠬᠤ ᠵᠡᠷᠭᠡ ᠲᠥᠰᠦᠯ᠎ᠢ ᠲᠦᠷᠭᠡᠬᠡᠨ ᠰᠤᠳᠤᠯᠤᠨ ᠲᠣᠭᠲᠠᠭ᠋ᠠᠵᠤ᠂ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ᠂ ᠮᠥᠩᠭᠦᠨ ᠭᠦᠢ᠍ᠯᠭᠡᠭᠡᠨ᠎ᠤ ᠬᠥᠷᠥᠩᠭᠡ᠂ ᠨᠡᠶ᠋ᠢᠭᠡᠮ᠎ᠤᠨ ᠪᠠᠯᠠ ᠮᠥᠩᠭᠦ ᠵᠢ ᠴᠢᠷᠮᠠᠶ᠋ᠢᠨ ᠤᠯᠬᠤ ᠵᠡᠷᠭᠡ ᠣᠯᠠᠨ ᠠᠷᠭ᠎ᠠ ᠵᠠᠮ ᠵᠶ᠋ᠠᠷ ᠪᠠᠯᠠ ᠴᠤᠭᠯᠠᠭᠤᠯᠬᠤ ᠵᠠᠭᠪᠤᠷ᠎ᠢ ᠤᠷᠢᠳᠴᠢᠯᠠᠨ ᠰᠦᠪᠡᠭᠴᠢᠯᠡᠵᠦ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠪᠠᠯᠠ ᠮᠥᠩᠭᠦ ᠵᠢᠨ ᠪᠠᠲᠤᠯᠠᠭ᠎ᠠ ᠬᠠᠩᠭ᠋ᠠᠨ᠎ᠠ᠃ ᠭᠤᠷᠪᠠ᠎ᠳᠤ᠂ ᠲᠥᠷᠥᠯ ᠵᠦᠢ᠍ᠯ᠎ᠤᠨ ᠪᠣᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠰᠦᠯ᠎ᠢ ᠬᠠᠷᠢᠴᠠᠭᠤᠯᠤᠨ ᠰᠣᠩᠭᠤᠬᠤ ᠠᠵᠢᠯ᠎ᠢ ᠬᠢᠨᠠᠮᠠᠭ᠋ᠠᠶ ᠭᠦᠨᠵᠡᠭᠡᠶ ᠰᠠᠶ᠋ᠢᠲᠤᠷ ᠬᠢᠵᠦ᠂ ᠵᠢᠷᠤᠭ ᠲᠥᠯᠥᠪᠯᠡᠭᠡ ᠵᠢᠨ ᠭᠦᠨᠴᠡ᠂ ᠢᠨᠵᠧᠨᠧᠷᠢᠩ᠎ᠢ ᠬᠠᠶ᠋ᠢᠨ ᠰᠢᠨᠵᠢᠬᠦ ᠵᠡᠷᠭᠡ ᠵᠢ ᠡᠷᠬᠡᠪᠰᠢ ᠲᠦᠷᠢᠮ ᠲᠣᠭᠲᠠᠭ᠋ᠠᠯ᠎ᠤᠨ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠦᠯᠵᠦ᠂ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠯᠲᠠ ᠵᠢ ᠥᠩᠭᠡᠷᠡᠭᠡᠬᠦ᠎ᠪᠠᠷ ᠴᠢᠷᠮᠠᠶ᠋ᠢᠵᠤ᠂ 8 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠴᠣᠬᠤᠯᠠᠪᠤᠷᠢ ᠵᠢ ᠤᠯᠬᠤ ᠬᠡᠷᠡᠭᠲᠡᠶ᠃ ᠡᠭᠦᠨ᠎ᠤ ᠬᠠᠮᠲᠤ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭ᠋ᠠᠮᠵᠢ ᠬᠠᠶ᠋ᠢᠨ ᠬᠡᠮᠵᠢᠬᠦ᠂ ᠵᠢᠷᠤᠵᠤ ᠲᠥᠯᠥᠪᠯᠡᠬᠦ ᠠᠵᠢᠯ᠎ᠢ ᠠᠯᠬᠤᠮ ᠠᠯᠬᠤᠮ ᠵᠶ᠋ᠠᠷ ᠠᠬᠢᠭᠤᠯᠵᠤ᠂ ᠢᠨᠵᠧᠨᠧᠷᠢᠩ᠎ᠤᠨ ᠡᠷᠲᠡᠬᠡᠨ ᠪᠦᠲᠦᠭᠡᠨ ᠪᠠᠶ᠋ᠢᠭᠤᠯᠵᠤ ᠬᠡᠷᠡᠭᠵᠢᠭᠦᠯᠬᠦ᠎ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠳᠥᠷᠪᠡ᠎ᠳᠤ᠂ ᠬᠥᠬᠡᠬᠤᠲᠠ ᠵᠢᠨ᠎ᠬᠢᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ 《ᠤᠰᠤ᠎ᠪᠠᠷ ᠲᠦᠷᠪᠡ ᠵᠢ ᠲᠣᠭᠲᠠᠭ᠋ᠠᠬᠤ》 ᠵᠠᠷᠴᠢᠮ᠎ᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠤᠷᠢᠳ ᠵᠶ᠋ᠠᠷ ᠤᠰᠤ ᠠᠷᠪᠢᠯᠠᠵᠤ ᠳᠠᠷᠠᠭ᠎ᠠ᠎ᠨᠢ ᠤᠰᠤ ᠲᠠᠲᠠᠬᠤ᠂ ᠤᠷᠢᠳ ᠵᠶ᠋ᠠᠷ ᠪᠣᠬᠢᠷᠲᠤᠯ᠎ᠢ ᠵᠠᠰᠠᠵᠤ ᠳᠠᠷᠠᠭ᠎ᠠ᠎ᠨᠢ ᠤᠰᠤ ᠨᠡᠪᠲᠡᠷᠡᠭᠦᠯᠬᠦ᠂ ᠤᠷᠢᠳ ᠵᠶ᠋ᠠᠷ ᠣᠷᠴᠢᠨ ᠲᠣᠭᠤᠷᠢᠨ᠎ᠢ ᠬᠠᠮᠠᠭ᠋ᠠᠯᠠᠵᠤ ᠳᠠᠷᠠᠭ᠎ᠠ᠎ᠨᠢ ᠤᠰᠤ ᠬᠡᠷᠡᠭᠯᠡᠬᠦ ᠵᠢ ᠪᠠᠷᠢᠮᠲᠠᠯᠠᠵᠤ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ ᠵᠠᠰᠠᠯᠲᠠ ᠵᠢ ᠲᠦᠷᠭᠡᠳᠬᠡᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠨᠠᠷᠢᠨ ᠨᠢᠮᠪᠠᠶ ᠲᠥᠯᠥᠪᠯᠡᠨ ᠰᠠᠶ᠋ᠢᠲᠤᠷ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠶ ᠰᠠᠶ᠋ᠢᠲᠤᠷ ᠬᠠᠮᠢᠶᠠᠷᠴᠤ᠂ ᠬᠥᠬᠡᠬᠤᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠡᠢ᠃
ᠤᠰᠤᠨ ᠠᠰᠢᠭᠯᠠᠯᠲᠠ ᠵᠢᠨ ᠲᠢᠩᠬᠢᠮ᠎ᠤᠨ ᠬᠤᠯᠪᠣᠭᠳᠠᠯ ᠪᠦᠬᠦᠢ ᠭᠠᠵᠠᠷ ᠠᠯᠪᠠᠨ ᠲᠠᠰᠤᠭ᠂ ᠬᠥᠬᠡᠬᠤᠲᠠ ᠵᠢᠨ ᠬᠤᠯᠪᠣᠭᠳᠠᠯ ᠪᠦᠬᠦᠢ ᠨᠢᠭᠡᠴᠢ ᠵᠢᠨ ᠬᠠᠷᠢᠭᠤᠴᠠᠯᠭ᠋ᠠᠲᠠᠨ ᠨᠥᠬᠦᠳ ᠶᠠᠷᠢᠯᠴᠠᠬᠤ ᠬᠤᠷᠠᠯ᠎ᠳᠤ ᠣᠷᠣᠯᠴᠠᠪᠠ᠃