ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠡ ᠵᠢ ᠦᠨᠳᠦᠰᠦᠯᠡᠪᠡᠯ᠂ ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ ᠰᠠᠶ᠋ᠢᠵᠢᠷᠠᠬᠤ ᠬᠠᠨᠳᠤᠰᠢ᠎ᠲᠠᠢ ᠪᠣᠯᠵᠣ᠂ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠬᠦ ᠵᠢ ᠪᠠᠲᠤᠯᠠᠵᠤ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠦᠭᠡᠳ ᠪᠣᠳᠠᠲᠤ ᠦᠷ᠎ᠡ ᠪᠦᠲᠦᠮᠵᠢ ᠤᠯᠪᠠ᠃
ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠳᠤ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 5.8 ᠳ᠋ᠦᠩᠰᠢᠭᠤᠷ ᠲᠣᠨ᠂ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ 1339.9 ᠳ᠋ᠦᠩᠰᠢᠭᠤᠷ ᠲᠣᠨ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 11.2% ᠪᠠ 4.2% ᠵᠶ᠋ᠠᠷ ᠨᠡᠮᠡᠭᠳᠡᠵᠦ᠂ 2019 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 34.2% ᠪᠠ 29% ᠨᠡᠮᠡᠭᠳᠡᠪᠡ᠃ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ 2219.1 ᠲᠦᠮᠡᠨ ᠬᠥᠮᠥᠨ ᠤᠳᠠᠭ᠎ᠠ᠎ᠳᠤ ᠬᠦᠷᠴᠦ᠂ ᠠᠶᠠᠨᠴᠢᠳ᠎ᠤᠨ ᠡᠷᠭᠢᠯᠲᠡ ᠵᠢᠨ ᠬᠡᠮᠵᠢᠶ᠎ᠡ 52.3 ᠳ᠋ᠦᠩᠰᠢᠭᠤᠷ ᠬᠥᠮᠥᠨ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 39% ᠪᠠ 31% ᠨᠡᠮᠡᠭᠳᠡᠪᠡ᠃
ᠶᠡᠷᠦᠩᠬᠡᠢ ᠵᠠᠮ ᠬᠠᠷᠢᠯᠴᠠᠭ᠋ᠠᠨ᠎ᠤ ᠰᠠᠭᠤᠷᠢ ᠲᠥᠬᠥᠭᠡᠷᠦᠮᠵᠢ ᠵᠢᠨ ᠪᠡᠯᠡ ᠣᠷᠣᠭᠤᠯᠤᠯᠲᠠ 34.7 ᠳ᠋ᠦᠩᠰᠢᠭᠤᠷ ᠲᠥᠭᠥᠷᠢᠭ᠎ᠲᠤ ᠬᠦᠷᠴᠡᠢ᠃ ᠡᠭᠦᠨ᠎ᠳᠤ᠂ ᠵᠠᠰᠠᠮᠠᠯ ᠵᠠᠮ ᠤᠰᠤᠨ ᠵᠠᠮ 20.5 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ 21 ᠭᠤᠤᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢ᠍ᠯ᠎ᠤᠨ 1470 ᠺᠢᠯᠤᠮᠸᠲᠷ᠎ᠤᠨ ᠢᠨᠵᠸᠨ᠋ᠸᠷᠢᠩ ᠠᠵᠢᠯ ᠰᠡᠷᠭᠦᠭᠡᠵᠦ᠂ ᠬᠥᠳᠡᠭᠡ ᠲᠣᠰᠬᠤᠨ᠎ᠤ ᠵᠠᠰᠠᠮᠠᠯ ᠵᠠᠮ᠎ᠢ 371 ᠺᠢᠯᠤᠮᠸᠲᠷ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠵᠤ᠂ ᠵᠢᠭᠤᠯᠴᠢᠯᠠᠯ᠎ᠤᠨ ᠵᠠᠮ᠂ ᠠᠵᠤ ᠦᠢ᠍ᠯᠡᠰ᠎ᠤᠨ ᠵᠠᠮ᠎ᠢ 296 ᠺᠢᠯᠤᠮᠸᠲᠷ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠵᠤ᠂ ᠲᠡᠮᠦᠷ ᠵᠠᠮ 12.1 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠤᠯᠠᠭ᠋ᠠᠨᠴᠠᠪ᠎ᠠᠴᠠ ᠳ᠋ᠠᠲ᠋ᠦ᠋ᠩ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠂ ᠪᠤᠭᠤᠲᠤ᠎ᠠᠴᠠ ᠶᠢᠨᠴᠣᠸᠠᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠂ ᠲᠠᠢ᠌ᠽᠢ ᠬᠤᠲᠠ᠎ᠠᠴᠠ ᠰᠢᠯᠢ ᠵᠢᠨ ᠬᠤᠲᠠ ᠬᠦᠷᠬᠦ ᠲᠡᠮᠦᠷ ᠵᠠᠮ ᠪᠠ ᠵᠢᠨᠢᠩ᠎ᠠᠴᠠ ᠲᠦᠩᠯᠢᠶᠤᠤ ᠬᠦᠷᠬᠦ ᠲᠡᠮᠦᠷ ᠵᠠᠮ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠠᠵᠢᠯ ᠵᠶ᠋ᠠᠨ ᠰᠡᠷᠭᠦᠭᠡᠪᠡ; ᠠᠷᠠᠳ᠎ᠤᠨ ᠠᠭ᠋ᠠᠷ᠎ᠤᠨ ᠲᠡᠭᠡᠭᠡᠪᠦᠷᠢ 2.2 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠬᠥᠬᠡᠬᠤᠲᠠ ᠵᠢᠨ ᠰᠢᠨ᠎ᠡ ᠨᠢᠰᠬᠡᠯ᠎ᠤᠨ ᠪᠠᠭᠤᠳᠠᠯ᠂ ᠤᠯᠠᠭ᠋ᠠᠨᠴᠠᠪ᠎ᠤᠨ ᠨᠢᠰᠬᠡᠯ᠎ᠤᠨ ᠪᠠᠭᠤᠳᠠᠯ᠎ᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠪᠠᠷᠢᠯᠭ᠎ᠠ ᠵᠡᠷᠭᠡ 4 ᠲᠥᠷᠥᠯ ᠵᠦᠢ᠍ᠯ᠎ᠤᠨ ᠠᠵᠢᠯ ᠵᠶ᠋ᠠᠨ ᠰᠡᠷᠭᠦᠭᠡᠪᠡ᠃
ᠵᠠᠮ ᠬᠠᠷᠢᠯᠴᠠᠭ᠎ᠠ ᠲᠡᠭᠡᠭᠡᠪᠤᠷᠢ ᠵᠢᠨ ᠪᠤᠬᠢᠷᠳᠤᠯ ᠦᠭᠡᠢ᠎ᠪᠠᠷ ᠲᠡᠰ ᠲᠡᠪᠰᠢᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠭᠡᠵᠤ᠂ ᠲᠦᠷᠢᠶᠠᠰᠤᠨ ᠮᠠᠰᠢᠨ᠎ᠤ ᠴᠡᠨᠡᠭᠯᠡᠬᠦ ᠴᠠᠬᠢᠯᠭ᠋ᠠᠨ ᠦᠷᠳᠡᠭᠡ 2᠂ ᠬᠦᠳᠡᠭᠡ ᠲᠤᠰᠬᠤᠨ ᠮᠠᠯᠵᠢᠬᠤ ᠤᠷᠤᠨ᠎ᠤ ᠴᠠᠬᠢᠯᠭ᠋ᠠᠨ ᠴᠡᠨᠡᠭᠯᠡᠬᠦ ᠫᠤᠤ 305 ᠵᠢ ᠰᠢᠨ᠎ᠡ᠎ᠪᠠᠷ ᠪᠠᠶ᠋ᠢᠭᠤᠯᠵᠤ᠂ ᠠᠶ᠋ᠢᠮᠠᠭ ᠬᠤᠳᠠ ᠵᠢᠨ ᠭᠤᠤᠯ ᠬᠤᠳᠠ ᠵᠢᠨ ᠲᠤᠭᠤᠷᠢᠭ᠎ᠠᠴᠠ ᠭᠠᠳᠠᠨ᠎ᠠ ᠨᠡᠶ᠋ᠢᠳᠡ 10490 ᠴᠠᠬᠢᠯᠭ᠋ᠠᠨ ᠴᠡᠨᠡᠭᠯᠡᠬᠦ ᠫᠤᠤ ᠵᠢ ᠪᠠᠶ᠋ᠢᠭᠤᠯᠵᠠᠢ᠃ ᠪᠦᠬᠦ ᠤᠯᠤᠰ᠎ᠤᠨ ᠠᠩᠬᠠᠳᠠᠭᠴᠢ ᠬᠦᠮᠦᠨ ᠥᠬᠡᠢ ᠬᠢᠯᠢ ᠠᠯᠤᠰᠯᠠᠨ ᠪᠣᠭᠣᠮᠲᠠ ᠥᠩᠭᠡᠷᠡᠬᠦ ᠵᠠᠭᠪᠤᠷ — ᠭᠠᠭᠴᠠᠮᠤᠳᠤ᠂ ᠴᠢᠬᠡ ᠪᠣᠭᠣᠮᠲᠠ ᠵᠢᠨ AGV ᠲᠥᠷᠥᠯ ᠵᠦᠢ᠍ᠯ᠎ᠨᠢ ᠲᠡᠭᠡᠭᠡᠪᠦᠷᠢ ᠵᠢᠨ ᠠᠵᠢᠯ ᠵᠶ᠋ᠠᠨ ᠳᠠᠭᠤᠰᠭ᠋ᠠᠪᠠ᠃