ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠤᠰᠤ ᠵᠢ ᠠᠷᠪᠢᠯᠠᠵᠤ ᠬᠡᠷᠡᠭᠯᠡᠬᠦ ᠭᠤᠤᠯᠳᠠᠯᠭ᠎ᠠ᠎ᠲᠠᠢ ᠠᠵᠢᠯ᠎ᠢ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2024-04-22

   ᠰᠢ ᠵᠢᠨ ᠫᠢᠩ ᠶᠡᠷᠦᠩᠬᠡᠶ ᠱᠦᠵᠢ ᠵᠢᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠪᠠ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ 2024 ᠣᠨ᠎ᠤ ᠪᠥᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠤᠨ᠂ ᠪᠥᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠤᠰᠤ ᠵᠢ ᠠᠷᠪᠢᠯᠠᠵᠤ ᠬᠡᠷᠡᠭᠯᠡᠬᠦ ᠠᠵᠢᠯ᠎ᠢ ᠯᠠᠪᠳᠠᠭᠤᠨ ᠪᠠᠲᠤᠲᠠᠶ ᠪᠦᠲᠦᠮᠵᠢᠲᠡᠶ ᠰᠠᠶ᠋ᠢᠲᠤᠷ ᠬᠢᠬᠦ ᠵᠢᠨ ᠲᠥᠯᠥᠭᠡ᠂ ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠤᠰᠤ ᠠᠷᠪᠢᠯᠠᠵᠤ ᠬᠡᠷᠡᠭᠯᠡᠬᠦ ᠠᠵᠢᠯ᠎ᠤᠨ ᠭᠤᠤᠯᠳᠠᠯᠭ᠎ᠠ》 (ᠳᠣᠷᠣᠭᠰᠢ 《ᠭᠤᠤᠯᠳᠠᠯᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠪᠠ᠃

  《ᠭᠤᠤᠯᠳᠠᠯᠭ᠎ᠠ》᠎ᠳᠤ 2024 ᠣᠨ᠎ᠤ ᠤᠰᠤ ᠠᠷᠪᠢᠯᠠᠬᠤ ᠠᠵᠢᠯ᠎ᠤᠨ ᠵᠢᠱ᠌ᠢᠭᠰᠡᠨ ᠬᠠᠷᠠᠯᠲᠠ ᠵᠢ ᠲᠣᠳᠣᠷᠬᠠᠶ᠋ᠢᠯᠠᠪᠠ᠄ ᠪᠥᠬᠦ ᠣᠷᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠎ᠤᠨ ᠳᠣᠲᠣᠷ᠎ᠠ ᠬᠢᠵᠠᠭ᠋ᠠᠷᠯᠠᠵᠤ᠂ ᠲᠦᠮᠡᠨ ᠲᠥᠭᠦᠷᠢᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ ᠲᠣᠰ ᠲᠣᠰ 2020 ᠣᠨ᠎ᠤ᠎ᠬᠢ᠎ᠠᠴᠠ 9% ᠪᠠ 10%᠎ᠪᠠᠷ ᠪᠠᠭᠤᠷᠠᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠵᠢ 0.587%᠎ᠳᠤ ᠬᠦᠷᠦᠭᠦᠯᠵᠦ᠂ ᠪᠥᠬᠦ ᠣᠷᠣᠨ᠎ᠤ ᠡᠩ᠎ᠤᠨ ᠪᠤᠰᠤ ᠤᠰᠤᠨ ᠰᠤᠷᠪᠤᠯᠵᠢ ᠵᠢᠨ ᠠᠰᠢᠭᠯᠠᠯᠲᠠ ᠵᠢᠨ ᠬᠡᠮᠵᠢᠶ᠎ᠡ ᠵᠢ 6.6 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ᠂ ᠬᠠᠲᠤᠨ ᠭᠤᠤᠯ᠎ᠤᠨ ᠰᠠᠪᠠ ᠭᠠᠵᠠᠷ᠎ᠤᠨ ᠡᠯ᠎ᠡ ᠠᠶ᠋ᠢᠮᠠᠭ ᠬᠤᠲᠠ ᠵᠢᠨ 80%᠎ᠠᠴᠠ ᠳᠡᠭᠡᠭᠰᠢ᠂ ᠪᠤᠰᠤᠳ ᠠᠶ᠋ᠢᠮᠠᠭ ᠬᠤᠲᠠ ᠵᠢᠨ 65%᠎ᠠᠴᠠ ᠳᠡᠭᠡᠭᠰᠢᠬᠢ ᠬᠤᠰᠢᠭᠤ ᠰᠢᠶᠠᠨ (ᠬᠤᠲᠠ᠂ ᠲᠣᠭᠤᠷᠢᠭ)᠎ᠢ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠦᠨ᠎ᠡ ᠭᠡᠵᠦ ᠲᠣᠳᠣᠷᠬᠠᠶ ᠲᠣᠭᠲᠠᠭ᠋ᠠᠵᠠᠶ᠃

  《ᠭᠤᠣᠯᠳᠠᠯᠭ᠎ᠠ》᠎ᠳᠤ 2024 ᠣᠨ᠎ᠤ ᠤᠰᠤ ᠠᠷᠪᠢᠯᠠᠬᠤ ᠠᠵᠢᠯ᠎ᠤᠨ ᠶᠢᠰᠦᠨ ᠲᠠᠯ᠎ᠠ ᠵᠢᠨ ᠭᠤᠣᠯᠳᠠᠯᠭ᠎ᠠ᠎ᠲᠠᠢ ᠡᠭᠦᠷᠭᠡ ᠵᠢ ᠳᠤᠷᠠᠳᠪᠠ᠃ ᠨᠢᠭᠡ᠎ᠳᠤ᠂ ᠤᠰᠤ ᠠᠷᠪᠢᠯᠠᠬᠤ ᠲᠦᠷᠢᠮ ᠲᠥᠷᠥ ᠵᠢᠨ ᠪᠣᠳᠣᠯᠭ᠎ᠠ ᠵᠢ ᠲᠦᠷᠭᠡᠪᠴᠢᠯᠡᠨ ᠲᠡᠭᠦᠯᠳᠡᠷᠵᠢᠭᠦᠯᠵᠦ᠂ 《ᠥᠪᠡᠷᠲᠡᠭᠡᠨ ᠵᠠᠰᠠᠬᠤ ᠣᠷᠣᠨ᠎ᠤ ᠤᠰᠤ ᠵᠢ ᠠᠷᠪᠢᠯᠠᠵᠤ ᠬᠡᠷᠡᠭᠯᠡᠬᠦ        ᠲᠦᠷᠢᠮ》᠂ 《ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》᠎ᠳᠤ ᠵᠠᠰᠠᠪᠤᠷᠢ ᠣᠷᠣᠭᠤᠯᠬᠤ ᠠᠵᠢᠯ᠎ᠢ ᠠᠬᠢᠭᠤᠯᠵᠤ᠂ ᠤᠰᠤ ᠠᠷᠪᠢᠯᠠᠬᠤ ᠲᠥᠯᠥᠪᠵᠢᠭᠦᠯᠭᠡ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠂ ᠤᠰᠤ ᠬᠡᠷᠡᠭᠯᠡᠬᠦ ᠲᠥᠰᠦᠪ᠎ᠤᠨ ᠬᠠᠮᠢᠶᠠᠷᠤᠯᠲᠠ ᠵᠢᠨ ᠲᠤᠷᠰᠢᠯᠲᠠ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠤᠰᠤ ᠠᠷᠪᠢᠯᠠᠬᠤ ᠵᠢ ᠪᠦᠷᠢᠳᠬᠡᠨ ᠪᠠᠶ᠋ᠢᠴᠠᠭ᠋ᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠨ᠎ᠠ;  ᠬᠤᠶᠠᠷ᠎ᠲᠤ᠂ ᠶᠡᠷᠦᠩᠬᠡᠶ ᠬᠡᠮᠵᠢᠶ᠎ᠡ ᠵᠢᠨ ᠡᠷᠴᠢᠮ᠎ᠤᠨ ᠬᠤᠤᠰ ᠡᠵᠡᠮᠳᠡᠯ᠎ᠤᠨ ᠬᠠᠮᠢᠶᠠᠷᠤᠯᠲᠠ ᠵᠢ ᠴᠢᠩᠳᠠᠯᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ᠎ᠤ ᠶᠡᠷᠦᠩᠬᠡᠶ ᠬᠡᠮᠵᠢᠶ᠎ᠡ ᠵᠢᠨ ᠬᠦᠴᠦᠯᠡᠴᠡ ᠵᠢᠨ ᠬᠢᠵᠠᠭ᠋ᠠᠷᠯᠠᠬᠤ ᠲᠤᠭ᠎ᠠ ᠵᠢᠨ ᠬᠠᠲᠠᠭᠤ ᠬᠢᠵᠠᠭ᠋ᠠᠷᠯᠠᠯ᠎ᠢ ᠴᠢᠩᠭ᠋ᠠᠷᠠᠭᠤᠯᠤᠨ᠂ ᠲᠥᠯᠥᠪᠯᠡᠭᠡᠲᠦ ᠤᠰᠤ ᠬᠡᠷᠡᠭᠯᠡᠬᠦ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠤᠰᠤ ᠬᠡᠷᠡᠭᠯᠡᠬᠦ ᠨᠣᠷᠮ᠎ᠠ ᠵᠢ ᠴᠢᠩᠭ᠎ᠠ ᠬᠡᠷᠡᠭᠵᠢᠭᠦᠯᠦᠨ᠂ ᠤᠰᠤ ᠠᠷᠪᠢᠯᠠᠬᠤ ᠵᠢ ᠦᠨᠡᠯᠡᠬᠦ ᠲᠦᠷᠢᠮ᠎ᠢ ᠨᠠᠶ᠋ᠢᠳᠠᠪᠤᠷᠢᠵᠢᠭᠤᠯᠤᠨ᠎ᠠ;  ᠭᠤᠷᠪᠠ᠎ᠳᠤ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠤᠰᠤ ᠠᠷᠪᠢᠯᠠᠬᠤ ᠠᠵᠢᠯᠯᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠲᠠᠷᠢᠶᠠᠯᠠᠩ᠂ ᠠᠵᠤ ᠦᠢ᠍ᠯᠡᠳᠪᠦᠷᠢ᠂ ᠬᠤᠲᠠ ᠪᠠᠯᠭ᠋ᠠᠰᠤ ᠵᠡᠷᠭᠡ ᠬᠦᠷᠢᠶ᠎ᠡ ᠴᠠᠷᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠤᠰᠤ ᠠᠷᠪᠢᠯᠠᠬᠤ ᠭᠤᠣᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠤᠰᠤ ᠠᠷᠪᠢᠯᠠᠵᠤ ᠤᠰᠤ ᠵᠢ ᠡᠵᠡᠮᠳᠡᠬᠦ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠡᠩ᠎ᠤᠨ ᠪᠤᠰᠤ ᠤᠰᠤᠨ ᠰᠤᠷᠪᠤᠯᠵᠢ ᠵᠢ ᠲᠤᠬᠢᠷᠠᠭᠤᠯᠤᠨ ᠠᠰᠢᠭᠯᠠᠬᠤ ᠡᠷᠴᠢᠮ᠎ᠢ ᠴᠢᠩᠭ᠋ᠠᠷᠠᠭᠤᠯᠤᠨ᠎ᠠ;  ᠳᠥᠷᠪᠡ᠎ᠳᠤ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠵᠤ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠤᠰᠤ ᠠᠷᠪᠢᠯᠠᠬᠤ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠲᠤᠨ ᠭᠤᠤᠯ᠎ᠤᠨ ᠰᠠᠪᠠ ᠭᠠᠵᠠᠷ᠎ᠤᠨ 80%᠎ᠠᠴᠠ ᠳᠡᠭᠡᠭᠰᠢ᠂ ᠪᠤᠰᠤᠳ ᠠᠶ᠋ᠢᠮᠠᠭ ᠬᠤᠲᠠ ᠵᠢᠨ 65%᠎ᠠᠴᠠ ᠳᠡᠭᠡᠭᠰᠢᠬᠢ ᠬᠤᠰᠢᠭᠤ ᠰᠢᠶᠠᠨ᠎ᠢ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠵᠢ ᠦᠨᠡᠨᠬᠦ ᠪᠠᠲᠤᠯᠠᠵᠤ᠂ ᠪᠥᠬᠦ ᠣᠷᠣᠨ᠎ᠤ 80% ᠵᠢᠨ ᠶᠡᠭᠡ ᠳᠡᠭᠡᠳᠦ ᠰᠤᠷᠭ᠋ᠠᠭᠤᠯᠢ ᠵᠢ ᠤᠰᠤ ᠠᠷᠪᠢᠯᠠᠬᠤ ᠬᠡᠯᠪᠡᠷᠢ ᠵᠢᠨ ᠶᠡᠭᠡ ᠳᠡᠭᠡᠳᠦ ᠰᠤᠷᠭ᠋ᠠᠭᠤᠯᠢ ᠪᠣᠯᠭ᠋ᠠᠨ ᠪᠥᠲᠥᠭᠡᠨ ᠪᠠᠶ᠋ᠢᠭᠤᠯᠤᠨ᠎ᠠ;  ᠲᠠᠪᠤ᠎ᠳᠤ᠂ ᠤᠰᠤ ᠠᠷᠪᠢᠯᠠᠬᠤ ᠠᠵᠤ ᠦᠢ᠍ᠯᠡᠰ ᠪᠠ ᠰᠢᠨᠵᠢᠯᠡᠬᠦ ᠤᠬᠠᠭ᠋ᠠᠨ ᠮᠡᠷᠭᠡᠵᠢᠯ᠎ᠢ ᠬᠦᠴᠦᠯᠡᠨ ᠬᠥᠭᠵᠢᠭᠦᠯᠵᠦ᠂ ᠤᠰᠤ ᠠᠷᠪᠢᠯᠠᠬᠤ ᠮᠡᠷᠭᠡᠵᠢᠯ᠂ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠨ᠂ ᠭᠡᠷ᠎ᠡ ᠵᠢᠨ ᠤᠰᠤ ᠠᠷᠪᠢᠯᠠᠬᠤ ᠪᠠ 《ᠤᠰᠤ ᠠᠷᠪᠢᠯᠠᠬᠤ ᠵᠢᠭᠡᠯᠡᠯᠭᠡ》 ᠵᠢᠨ ᠪᠡᠯᠡ ᠲᠣᠬᠢᠷᠠᠭᠤᠯᠬᠤ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ ᠳᠡᠯᠭᠡᠷᠡᠭᠦᠯᠵᠦ᠂ ᠤᠰᠤ ᠠᠷᠪᠢᠯᠠᠬᠤ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃  ᠵᠢᠷᠭᠤᠭ᠎ᠠ᠎ᠳᠤ᠂ ᠤᠰᠤ ᠠᠷᠪᠢᠯᠠᠬᠤ ᠲᠣᠭ᠋ᠠᠴᠢᠯᠠᠭᠰᠠᠨ ᠤᠶᠤᠨᠴᠢᠯᠠᠯᠲᠠ ᠵᠢᠨ ᠪᠠᠶ᠋ᠢᠭᠤᠯᠤᠯᠲᠠ ᠵᠢ ᠲᠦᠷᠭᠡᠳᠬᠡᠵᠦ᠂ ᠤᠰᠤ ᠠᠷᠪᠢᠯᠠᠬᠤ ᠲᠤᠬᠠᠶ᠋ᠢᠯᠠᠭᠰᠠᠨ ᠠᠵᠢᠯ᠎ᠤᠨ ᠲᠣᠭ᠋ᠠᠴᠢᠯᠠᠯᠲᠠ ᠵᠢ ᠠᠬᠢᠭᠤᠯᠵᠤ᠂ ᠤᠰᠤ ᠠᠷᠪᠢᠯᠠᠬᠤ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ;  ᠳᠣᠯᠤᠭ᠎ᠠ᠎ᠳᠤ᠂ ᠤᠰᠤ ᠠᠷᠪᠢᠯᠠᠬᠤ᠎ᠳᠤ ᠬᠢᠨᠠᠯᠲᠠ ᠲᠠᠯᠪᠢᠵᠤ ᠬᠢᠨᠠᠨ ᠰᠢᠯᠭ᠋ᠠᠵᠤ ᠤᠷᠮᠠᠰᠢᠭᠤᠯᠬᠤ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠤᠨ᠂ ᠤᠰᠤ ᠠᠷᠪᠢᠯᠠᠬᠤ ᠬᠢᠨᠠᠯᠲᠠ ᠪᠠᠶ᠋ᠢᠴᠠᠭ᠋ᠠᠯᠲᠠ ᠵᠢ ᠴᠢᠩᠭ᠋ᠠᠳᠬᠠᠨ᠎ᠠ; ᠨᠠᠢ᠍ᠮᠠ᠎ᠳᠤ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ᠎ᠤᠨ ᠦᠢ᠍ᠯᠡᠳᠦᠯ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠣᠷᠣᠯᠴᠠᠭᠰᠠᠨ ᠤᠬᠠᠭᠤᠯᠭ᠎ᠠ ᠬᠥᠮᠦᠵᠢᠯ᠎ᠤᠨ ᠠᠵᠢᠯ᠎ᠤᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠤᠬᠠᠭᠤᠯᠭ᠎ᠠ ᠬᠥᠮᠦᠵᠢᠯ᠎ᠤᠨ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ ᠵᠢ ᠪᠣᠶ ᠪᠣᠯᠭ᠋ᠠᠨ᠎ᠠ᠃  ᠶᠢᠰᠦ᠎ᠳᠤ᠂ ᠴᠢᠨᠠᠷ ᠰᠠᠶ᠋ᠢᠲᠠᠢ ᠨᠠᠮ᠎ᠤᠨ ᠪᠠᠶ᠋ᠢᠭᠤᠯᠤᠯᠲᠠ ᠵᠢᠨ ᠬᠦᠳᠦᠯᠦᠨ ᠳᠠᠭ᠋ᠠᠭᠤᠯᠬᠤ ᠪᠠᠲᠤᠯᠠᠭ᠎ᠠ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠴᠢᠩᠭ᠎ᠠ ᠪᠠᠶ᠋ᠢᠬᠤ ᠬᠦᠭ ᠠᠶᠠᠰ᠎ᠢ ᠭᠤᠶ᠋ᠢᠪᠢᠰᠢ ᠦᠭᠡᠢ ᠪᠠᠷᠢᠮᠲᠠᠯᠠᠵᠤ᠂ ᠤᠰᠤ ᠠᠷᠪᠢᠯᠠᠬᠤ ᠬᠦᠷᠢᠶᠡᠨ᠎ᠳᠠᠬᠢ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
《5 · 1》᠎ᠠᠴᠠ ᠡᠮᠦᠨ᠎ᠡ ᠳᠡᠭᠡᠳᠦ ᠬᠤᠷᠳᠤᠨ ᠲᠡᠷᠭᠡᠨ᠎ᠤ ᠵᠠᠮ᠎ᠤᠨ ᠬᠤᠷᠳᠤᠴᠠ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ᠎ᠳᠤ ᠳᠠᠬᠢᠨᠲᠠ ᠲᠤᠬᠢᠷᠠᠭᠤᠯᠤᠯᠤᠲᠠ ᠬᠢᠪᠡ    ᠮᠠᠨ᠎ᠤ ᠣᠷᠣᠨ᠎ᠤ 120 ᠺᠢᠯᠤᠮᠸᠲᠷ/ ᠴᠠᠭ᠎ᠤᠨ ᠳᠡᠭᠡᠳᠦ ᠬᠣᠷᠳᠤ 4600 ᠺᠢᠯᠤᠮᠸᠲᠷ᠎ᠢ ᠳᠠᠪᠠᠬᠤ ᠪᠣᠯᠤᠨ᠎ᠠ
ᠨᠢᠭᠡᠳᠦᠭᠡᠷ ᠤᠯᠠᠷᠢᠯ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ ᠰᠠᠶ᠋ᠢᠵᠢᠷᠠᠬᠤ ᠬᠠᠨᠳᠤᠰᠢ᠎ᠲᠠᠢ ᠪᠣᠯᠵᠣ ᠪᠥᠬᠦ ᠣᠷᠣᠨ᠎ᠤ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 11.2 % ᠵᠶ᠋ᠠᠷ ᠨᠡᠮᠡᠭᠳᠡᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠲᠠᠶ᠋ᠢᠯᠤᠮᠵᠢ ᠵᠢᠴᠢ ᠭᠠᠯ ᠤᠨᠲᠠᠷᠠᠭ᠋ᠠᠬᠤ ᠰᠣᠷᠢᠯᠲᠠ ᠬᠢᠪᠡ
ᠮᠠᠨ᠎ᠤ ᠣᠷᠣᠨ 《ᠲᠠᠰ ᠳᠡᠪᠰᠢᠭᠰᠡᠨ ᠬᠡᠪ》᠎ᠤᠨ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ ᠠᠬᠢᠭᠤᠯᠪᠠ
 
            