ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
《5 · 1》᠎ᠠᠴᠠ ᠡᠮᠦᠨ᠎ᠡ ᠳᠡᠭᠡᠳᠦ ᠬᠤᠷᠳᠤᠨ ᠲᠡᠷᠭᠡᠨ᠎ᠤ ᠵᠠᠮ᠎ᠤᠨ ᠬᠤᠷᠳᠤᠴᠠ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ᠎ᠳᠤ ᠳᠠᠬᠢᠨᠲᠠ ᠲᠤᠬᠢᠷᠠᠭᠤᠯᠤᠯᠤᠲᠠ ᠬᠢᠪᠡ    ᠮᠠᠨ᠎ᠤ ᠣᠷᠣᠨ᠎ᠤ 120 ᠺᠢᠯᠤᠮᠸᠲᠷ/ ᠴᠠᠭ᠎ᠤᠨ ᠳᠡᠭᠡᠳᠦ ᠬᠣᠷᠳᠤ 4600 ᠺᠢᠯᠤᠮᠸᠲᠷ᠎ᠢ ᠳᠠᠪᠠᠬᠤ ᠪᠣᠯᠤᠨ᠎ᠠ
ᠨᠡᠶ᠋ᠢᠲᠡᠯᠡᠭᠰᠡᠨ ᠴᠠᠭ᠄ 2024-04-24

   ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠡ ᠵᠢ ᠦᠨᠳᠦᠰᠦᠯᠡᠪᠡᠯ᠂ 4 ᠳ᠋ᠦ᠍ᠭᠡᠷ ᠰᠠᠷ᠎ᠠ ᠵᠢᠨ ᠰᠢᠨᠡᠳ ᠵᠶ᠋ᠠᠷ ᠳᠡᠭᠡᠳᠦ ᠬᠤᠷᠳᠤᠨ ᠲᠡᠷᠭᠡᠨ᠎ᠤ ᠵᠠᠮ᠎ᠤᠨ ᠬᠤᠷᠳᠤᠴᠠ ᠵᠢ ᠬᠢᠵᠠᠭ᠋ᠠᠷᠯᠠᠬᠤ ᠲᠣᠬᠢᠷᠠᠭᠤᠯᠤᠯᠲᠠ ᠵᠢ ᠪᠥᠬᠦ ᠲᠠᠯ᠎ᠠ᠎ᠪᠠᠷ ᠡᠬᠢᠯᠡᠭᠦᠯᠦᠭᠰᠡᠨ᠎ᠠᠴᠠ ᠨᠠᠭ᠋ᠠᠰᠢ᠂ ᠮᠠᠨ᠎ᠤ ᠣᠷᠣᠨ ᠨᠢᠭᠡᠨᠲᠡ 6 ᠪᠦᠯᠦᠭ 22 ᠬᠡᠰᠡᠭ᠎ᠤᠨ 3200 ᠭᠠᠷᠤᠶ ᠺᠢᠯᠤᠮᠸᠲᠷ᠎ᠤᠨ ᠳᠡᠭᠡᠳᠦ ᠬᠤᠷᠳᠤᠨ ᠲᠡᠷᠭᠡᠨ᠎ᠤ ᠵᠠᠮ᠎ᠤᠨ ᠬᠤᠷᠳᠤᠴᠠ ᠵᠢ ᠬᠢᠵᠠᠭ᠋ᠠᠷᠯᠠᠬᠤ ᠠᠯᠪᠠᠨ ᠵᠠᠷ᠎ᠢ ᠨᠡᠶ᠋ᠢᠲᠡᠯᠡᠵᠦ᠂ ᠵᠢᠱ᠌ᠢᠯᠲᠡ᠎ᠪᠠᠷ 《5 · 1》᠎ᠠᠴᠠ ᠡᠮᠦᠨ᠎ᠡ ᠮᠠᠨ᠎ᠤ ᠣᠷᠣᠨ ᠴᠠᠭ᠎ᠤᠨ ᠳᠡᠭᠡᠳᠦ ᠬᠣᠷᠳᠤ ᠵᠢ ᠬᠢᠵᠠᠭ᠋ᠠᠷᠯᠠᠨ ᠠᠵᠢᠯᠯᠠᠵᠤ ᠬᠠᠮᠢᠶᠠᠷᠬᠤ ᠳᠡᠭᠡᠳᠦ ᠬᠤᠷᠳᠤ 4600 ᠺᠢᠯᠤᠮᠸᠲᠷ᠎ᠢ ᠳᠠᠪᠠᠵᠤ᠂ ᠪᠥᠬᠦ ᠣᠷᠣᠨ᠎ᠤ ᠳᠡᠭᠡᠳᠦ ᠬᠤᠷᠳᠤᠨ ᠲᠡᠷᠭᠡᠨ᠎ᠤ ᠵᠠᠮ᠎ᠤᠨ ᠲᠡᠷᠭᠡ ᠨᠡᠪᠲᠡᠷᠡᠬᠦ ᠵᠠᠮ᠎ᠤᠨ 58% ᠵᠢ ᠡᠵᠡᠯᠡᠬᠦ       ᠪᠣᠯᠤᠨ᠎ᠠ᠃

  《ᠳᠡᠭᠡᠳᠦ ᠬᠤᠷᠳᠤᠨ ᠲᠡᠷᠭᠡᠨ᠎ᠤ ᠵᠠᠮ᠎ᠤᠨ ᠬᠤᠷᠳᠤᠴᠠ ᠵᠢ ᠲᠦᠷᠭᠡᠳᠬᠡᠬᠦ᠎ᠨᠢ ᠬᠤᠷᠳᠤᠴᠠ ᠵᠢ ᠬᠢᠵᠠᠭ᠋ᠠᠷᠯᠠᠬᠤ ᠲᠡᠮᠳᠡᠭ᠎ᠢ ᠳᠥᠭᠦᠮᠬᠡᠨ ᠵᠶ᠋ᠠᠷ ᠠᠳᠬᠤᠵᠤ ᠪᠠᠶ᠋ᠢᠭ᠎ᠠ ᠪᠢᠰᠢ᠂ ᠲᠤᠰᠬᠠᠶ ᠮᠡᠷᠭᠡᠵᠢᠯ᠎ᠤᠨ ᠦᠨᠡᠯᠡᠨ ᠵᠢᠱ᠌ᠢᠯᠲᠡ᠂ ᠳᠤᠲᠠᠭᠳᠠᠯ᠎ᠢ ᠢᠯᠠᠨ ᠳᠠᠪᠠᠭ᠍ᠤ᠂ ᠲᠥᠬᠦᠭᠡᠷᠦᠮᠵᠢ ᠵᠢ ᠲᠡᠭᠦᠯᠳᠡᠷᠵᠢᠭᠦᠯᠬᠦ᠂ ᠲᠤᠬᠠᠶ ᠵᠢᠨ ᠲᠠᠯᠠᠪᠤᠷ᠎ᠲᠤ ᠨᠤᠲᠠᠯᠠᠬᠤ᠂ ᠵᠠᠷᠯᠠᠨ ᠨᠡᠶ᠋ᠢᠲᠡᠯᠡᠬᠦ ᠴᠢᠬᠤᠯᠠᠲᠠᠶ》 ᠭᠡᠵᠦ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠤᠤ ᠱ᠌ᠢ ᠴᠢᠨ ᠲᠠᠨᠢᠯᠴᠠᠭᠤᠯᠤᠭᠰᠠᠨ᠎ᠨᠢ᠂ 6 ᠪᠦᠯᠦᠭ ᠬᠤᠷᠳᠤᠴᠠ ᠵᠢ ᠲᠦᠷᠭᠡᠳᠬᠡᠵᠦ ᠪᠠᠶ᠋ᠢᠭ᠎ᠠ ᠵᠠᠮ᠎ᠤᠨ ᠬᠡᠰᠡᠭ᠎ᠢ ᠬᠠᠷᠭᠤᠭᠤᠯᠵᠤ᠂ ᠭᠤᠤᠯ ᠪᠣᠯᠵᠣᠯᠲᠤ ᠲᠤᠭ᠎ᠠ ᠵᠢ ᠨᠡᠶ᠋ᠢᠲᠡ 2.3 ᠲᠦᠮᠡ ᠬᠠᠷᠭᠤᠭᠤᠯᠵᠤ᠂ ᠠᠳᠡᠯ᠎ᠤᠨ ᠪᠦᠷᠢᠳᠬᠡᠯ᠎ᠤᠨ ᠮᠠᠲ᠋ᠧᠷᠢᠶᠠᠯ ᠪᠠ ᠵᠠᠮ ᠬᠠᠷᠢᠯᠴᠠᠭ᠋ᠠᠨ᠎ᠤ ᠤᠷᠤᠰᠬᠠᠯ᠎ᠤᠨ ᠲᠤᠭ᠎ᠠ ᠪᠠᠷᠢᠮᠲᠠ ᠵᠢ 2000 ᠭᠠᠷᠤᠶ ᠬᠠᠷᠭᠤᠭᠤᠯᠤᠨ ᠪᠠᠶ᠋ᠢᠴᠠᠭ᠋ᠠᠵᠤ᠂ ᠵᠠᠮ᠎ᠤᠨ ᠭᠠᠳᠠᠷᠭᠤ ᠵᠢ 317 ᠲᠦᠮᠡᠨ ᠮᠸᠲᠷ ᠤᠷᠲᠤᠳᠬᠠᠵᠤ᠂ ᠴᠥᠮᠥᠷᠡᠬᠦ᠂ 1.5 ᠲᠦᠮᠡᠨ ᠲᠡᠭᠰᠢ ᠳᠥᠷᠪᠡᠯᠵᠢᠨ ᠮᠸᠲᠷ ᠬᠤᠩᠭᠢᠯ᠂ 39 ᠬᠤᠩᠭᠢᠯ ᠣᠩᠭᠤᠴᠠ ᠵᠢ ᠰᠢᠢ᠍ᠳᠪᠦᠷᠢᠯᠡᠵᠦ᠂ 3250 ᠵᠠᠮ ᠬᠠᠷᠠᠶ᠋ᠢᠯᠲᠠ ᠵᠢᠨ ᠲᠥᠬᠦᠭᠡᠷᠦᠮᠵᠢ ᠵᠢ ᠲᠡᠭᠦᠯᠳᠡᠷᠵᠢᠭᠦᠯᠵᠦ᠂ 3067 ᠲᠡᠮᠳᠡᠭ ᠰᠢᠨ᠎ᠡ᠎ᠪᠠᠷ ᠨᠡᠮᠡᠵᠦ ᠰᠡᠯᠪᠢᠨ ᠵᠠᠰᠠᠵᠤ᠂ 1.07 ᠲᠦᠮᠡᠨ ᠲᠡᠭᠰᠢ ᠳᠥᠷᠪᠡᠯᠵᠢᠨ ᠮᠸᠲᠷ ᠪᠠᠷᠢᠮᠵᠢᠶ᠎ᠠ ᠱᠤᠭᠤᠮ ᠵᠠᠭ᠋ᠠᠭᠯᠠᠨ ᠲᠣᠭᠲᠠᠭ᠋ᠠᠪᠠ᠃ 《ᠲᠠᠷᠠᠭ᠋ᠠᠴᠢ ᠵᠢᠨ ᠠᠯᠬᠤᠮ᠎ᠳᠤ᠂ ᠪᠢᠳᠡ ᠭᠤᠤᠯᠳᠠᠯᠭ᠎ᠠ᠎ᠲᠠᠢ᠎ᠪᠠᠷ ᠠᠮᠤᠷ ᠲᠦᠪᠰᠢᠨ᠎ᠤ ᠲᠠᠯ᠎ᠠ᠎ᠠᠴᠠ ᠲᠤᠬᠠᠶ ᠵᠢᠨ ᠲᠠᠯᠠᠪᠤᠷ᠎ᠲᠤ ᠬᠠᠷᠭᠤᠭᠤᠯᠤᠨ ᠪᠠᠶ᠋ᠢᠴᠠᠭ᠋ᠠᠬᠤ ᠪᠠ ᠳᠠᠷᠠᠭ᠋ᠠᠬᠢ ᠦᠨᠡᠯᠡᠨ ᠵᠢᠱ᠌ᠢᠯᠲᠡ ᠵᠢ ᠥᠷᠨᠢᠭᠦᠯᠵᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠲᠥᠬᠦᠭᠡᠷᠦᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠯᠪᠠᠰᠤᠷᠠᠩᠭᠤᠶ ᠪᠣᠯᠵᠣ᠂ ᠠᠯᠪᠠᠨ ᠵᠠᠷ ᠨᠡᠶ᠋ᠢᠲᠡᠯᠡᠵᠦ᠂ ᠠᠯᠪᠠᠨ ᠵᠠᠷ᠎ᠢ ᠬᠡᠷᠡᠭᠵᠢᠭᠦᠯᠵᠦ᠂ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ》 ᠭᠡᠵᠤ ᠭᠣᠣ ᠱ᠌ᠢ ᠴᠢᠨ ᠬᠡᠯᠡᠵᠡᠢ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠨᠢᠭᠡᠳᠦᠭᠡᠷ ᠤᠯᠠᠷᠢᠯ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ ᠰᠠᠶ᠋ᠢᠵᠢᠷᠠᠬᠤ ᠬᠠᠨᠳᠤᠰᠢ᠎ᠲᠠᠢ ᠪᠣᠯᠵᠣ ᠪᠥᠬᠦ ᠣᠷᠣᠨ᠎ᠤ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 11.2 % ᠵᠶ᠋ᠠᠷ ᠨᠡᠮᠡᠭᠳᠡᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠲᠠᠶ᠋ᠢᠯᠤᠮᠵᠢ ᠵᠢᠴᠢ ᠭᠠᠯ ᠤᠨᠲᠠᠷᠠᠭ᠋ᠠᠬᠤ ᠰᠣᠷᠢᠯᠲᠠ ᠬᠢᠪᠡ
ᠮᠠᠨ᠎ᠤ ᠣᠷᠣᠨ 《ᠲᠠᠰ ᠳᠡᠪᠰᠢᠭᠰᠡᠨ ᠬᠡᠪ》᠎ᠤᠨ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ ᠠᠬᠢᠭᠤᠯᠪᠠ
2024 ᠣᠨ᠎ᠤ ᠬᠤᠸᠠᠢ ᠾᠧ ᠭᠤᠤᠯ᠎ᠤᠨ ᠰᠠᠪᠠ ᠭᠠᠵᠠᠷ᠎ᠤᠨ ᠮᠤᠵᠢ ᠵᠢᠨ ᠲᠠᠰ᠎ᠤᠨ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠬᠠᠮᠲᠤᠷᠠᠭᠰᠠᠨ ᠬᠤᠷᠠᠯ᠎ᠤᠨ ᠪᠥᠬᠦᠳᠡ ᠬᠤᠷᠠᠯ ᠬᠤᠷᠠᠯᠳᠤᠪᠠ
 
            