ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠶ᠋ᠢᠯᠡᠭᠰᠡᠨ ᠠᠯᠪᠠᠨ ᠠᠰᠠᠷ᠎ᠤᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠥᠬᠦ ᠠᠵᠢᠯᠲᠠᠨ ᠠᠵᠢᠯᠴᠢᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠦᠵᠡᠯ ᠤᠬᠠᠮᠰᠠᠷ᠎ᠢ ᠴᠢᠩᠭ᠋ᠠᠷᠠᠭᠤᠯᠤᠨ᠂ ᠭᠠᠯ᠎ᠤᠨ ᠠᠶᠤᠯ ᠭᠠᠷᠪᠠᠯ ᠠᠮᠢ ᠵᠢᠭᠤᠲᠠᠵᠤ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂ 4 ᠳ᠋ᠦ᠍ᠭᠡᠷ ᠰᠠᠷ᠎ᠠ ᠵᠢᠨ 25᠎ᠤ ᠡᠳᠦᠷ᠂ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠲᠠᠶ᠋ᠢᠯᠤᠮᠵᠢ ᠵᠢᠴᠢ ᠭᠠᠯ ᠤᠨᠲᠠᠷᠠᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠡᠷᠭᠢᠯᠡᠪᠡ᠃
ᠲᠠᠶ᠋ᠢᠯᠤᠮᠵᠢ ᠵᠢᠨ ᠳᠤᠮᠳᠠ᠂ ᠬᠥᠬᠡᠬᠤᠲᠠ ᠵᠢᠨ ᠭᠠᠯ ᠤᠨᠲᠠᠷᠠᠭ᠋ᠠᠬᠤ ᠤᠬᠠᠭᠤᠯᠭ᠎ᠠ ᠵᠢᠨ ᠲᠥᠪ᠎ᠤᠨ ᠰᠤᠷᠭ᠋ᠠᠭᠴᠢ ᠪᠣᠳᠠᠲᠤ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠬᠡᠷᠡᠯ ᠵᠢᠷᠤᠭ᠂ ᠸᠢᠳᠢᠤ᠋᠂ ᠲᠤᠬᠠᠶ ᠵᠢᠨ ᠲᠠᠯᠠᠪᠤᠷ᠎ᠤᠨ ᠦᠵᠡᠭᠦᠯᠭᠡ ᠵᠡᠷᠭᠡ ᠵᠢ ᠶᠡᠷᠦᠩᠬᠡᠶ᠋ᠢᠯᠡᠨ ᠬᠡᠷᠡᠭᠯᠡᠵᠦ᠂ ᠭᠠᠯ᠎ᠤᠨ ᠭᠠᠮᠰᠢᠭ᠎ᠤᠨ ᠣᠨᠴᠠᠯᠢᠭ᠂ ᠭᠠᠯ᠎ᠤᠨ ᠭᠠᠮᠰᠢᠭ᠎ᠢ ᠰᠡᠷᠭᠡᠶ᠋ᠢᠯᠡᠬᠦ ᠦᠨᠳᠦᠰᠦᠨ ᠶᠡᠷᠦ ᠵᠢᠨ ᠮᠡᠳᠡᠯᠭᠡ᠂ ᠠᠮᠤᠷ ᠲᠦᠪᠰᠢᠨ᠎ᠤ ᠳᠠᠯᠳᠠ ᠬᠡᠮ᠎ᠢ ᠬᠡᠷᠬᠢᠨ ᠪᠦᠲᠦᠮᠵᠢᠲᠡᠶ ᠵᠢᠭᠰᠠᠭ᠋ᠠᠨ ᠪᠠᠶ᠋ᠢᠴᠠᠭ᠋ᠠᠬᠤ᠂ ᠡᠳᠦᠷ ᠲᠤᠲᠤᠮ᠎ᠤᠨ ᠴᠠᠬᠢᠯᠭ᠋ᠠᠨ ᠬᠡᠷᠡᠭᠯᠡᠬᠦ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ᠂ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠱᠠᠲᠤ ᠦᠶ᠎ᠡ ᠵᠢᠨ ᠭᠠᠯ᠎ᠤᠨ ᠪᠠᠶ᠋ᠢᠳᠠᠯ᠎ᠢ ᠰᠢᠢ᠍ᠳᠪᠦᠷᠢᠯᠡᠬᠦ ᠠᠷᠭ᠎ᠠ ᠮᠠᠶᠢᠭ ᠵᠡᠷᠭᠡ ᠵᠢᠨ ᠲᠣᠭᠤᠷᠢᠨ᠎ᠳᠤ ᠭᠦᠨᠵᠡᠭᠡᠶ ᠲᠠᠶ᠋ᠢᠯᠤᠮᠵᠢ ᠬᠢᠪᠠ᠃ ᠡᠭᠦᠨ᠎ᠤ ᠬᠠᠮᠲᠤ᠂ ᠠᠯᠪᠠᠨ ᠠᠰᠠᠷ᠎ᠤᠨ ᠬᠥᠮᠦᠨ ᠬᠠᠷ᠎ᠠ ᠲᠥᠪᠯᠡᠷᠡᠭᠰᠡᠨ ᠣᠨᠴᠠᠯᠢᠭ᠎ᠲᠠᠢ ᠤᠶᠠᠯᠳᠤᠭᠤᠯᠤᠨ᠂ ᠬᠥᠮᠦᠰ᠎ᠢ ᠲᠠᠷᠬᠠᠭ᠋ᠠᠬᠤ᠂ ᠥᠪᠡᠷ᠎ᠢ᠎ᠪᠠᠨ ᠠᠪᠤᠷᠠᠵᠤ ᠠᠮᠢ ᠵᠢᠭᠤᠲᠠᠬᠤ᠂ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠢ ᠵᠥᠪ ᠬᠡᠷᠡᠭᠯᠡᠬᠦ ᠠᠷᠭ᠎ᠠ ᠵᠢᠴᠢ ᠭᠠᠯ ᠤᠨᠲᠠᠷᠠᠭ᠋ᠠᠬᠤ ᠲᠤᠬᠠᠶ ᠵᠢᠨ ᠲᠠᠯᠠᠪᠤᠷ᠎ᠤᠨ ᠥᠪᠡᠷ᠎ᠢ᠎ᠪᠠᠨ ᠠᠪᠤᠷᠠᠬᠤ ᠠᠮᠢ ᠵᠢᠭᠤᠲᠠᠬᠤ ᠮᠡᠷᠭᠡᠵᠢᠯ ᠴᠢᠳᠠᠪᠤᠷᠢ ᠵᠡᠷᠭᠡ ᠵᠢ ᠨᠠᠷᠢᠨ ᠲᠠᠨᠢᠯᠴᠠᠭᠤᠯᠵᠤ᠂ ᠣᠯᠠᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠠᠵᠠ ᠵᠠᠪᠰᠢᠶᠠᠨ᠎ᠢ ᠡᠷᠢᠬᠦ ᠪᠣᠳᠣᠯ᠎ᠢ᠎ᠨᠢ ᠲᠠᠶᠠᠭᠳᠠᠭᠤᠯᠵᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠠᠮᠤᠷ ᠲᠦᠪᠰᠢᠨ᠎ᠤ ᠳᠠᠯᠳᠠ ᠬᠡᠮ᠎ᠢ ᠡᠷᠲᠡ ᠢᠯᠡᠷᠡᠭᠦᠯᠵᠦ᠂ ᠡᠷᠲᠡ ᠰᠢᠢ᠍ᠳᠪᠦᠷᠢᠯᠡᠵᠦ᠂ ᠭᠠᠵᠠᠷ ᠪᠣᠯᠭ᠋ᠠᠨ᠎ᠳᠤ ᠠᠩᠬᠠᠷᠤᠨ᠂ ᠴᠠᠭ ᠢᠮᠠᠭᠲᠠ ᠰᠡᠷᠡᠮᠵᠢᠯᠡᠬᠦ ᠬᠡᠷᠡᠭᠲᠡᠢ᠃
ᠭᠠᠯ ᠤᠨᠲᠠᠷᠠᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠲᠤᠬᠠᠶ ᠵᠢᠨ ᠲᠠᠯᠠᠪᠤᠷ᠎ᠲᠤ᠂ ᠰᠤᠷᠭ᠋ᠠᠭᠴᠢ ᠲᠤᠬᠠᠶ ᠵᠢᠨ ᠲᠠᠯᠠᠪᠤᠷ᠎ᠲᠤ ᠠᠵᠢᠯᠲᠠᠨ᠎ᠢ ᠵᠢᠯᠣᠭᠤᠳᠤᠨ ᠭᠠᠯ ᠤᠨᠲᠠᠷᠠᠭ᠋ᠠᠭᠤᠷ᠎ᠢ ᠵᠥᠪ ᠬᠡᠷᠡᠭᠯᠡᠨ ᠭᠠᠯ ᠤᠨᠲᠠᠷᠠᠭ᠋ᠠᠬᠤ ᠪᠣᠳᠠᠲᠠᠶ ᠪᠣᠯᠪᠠᠰᠤᠷᠠᠯ᠎ᠤᠨ ᠰᠣᠷᠢᠯᠲᠠ ᠬᠢᠯᠭᠡᠪᠡ᠃ ᠲᠤᠬᠠᠢ ᠵᠢᠨ ᠲᠠᠯᠠᠪᠤᠷ᠎ᠲᠤ 《ᠵᠠᠢ ᠦᠭᠡᠢ》 ᠭᠠᠯ ᠤᠨᠲᠠᠷᠠᠭ᠋ᠠᠬᠤ ᠰᠤᠷᠤᠯᠴᠠᠯᠭ᠎ᠠ᠎ᠪᠠᠷ ᠳᠠᠮᠵᠢᠭᠤᠯᠤᠨ᠂ ᠪᠣᠳᠠᠲᠠᠢ ᠪᠣᠯᠪᠠᠰᠤᠷᠠᠬᠤ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ᠂ ᠤᠯᠠᠨ᠎ᠢ ᠬᠠᠪᠰᠤᠷᠤᠨ ᠭᠠᠯ᠎ᠤᠨ ᠭᠠᠮᠰᠢᠭ᠎ᠤᠨ ᠠᠳᠡᠯ᠎ᠢ ᠰᠢᠢ᠍ᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠪᠡᠯᠡ ᠤᠷᠤᠭᠤᠯᠤᠯᠲᠠ ᠵᠢᠨ ᠪᠦᠯᠦᠭᠯᠡᠯ᠂ ᠢ ᠹᠧᠩ ᠶᠤᠸᠠᠨ ᠲᠠᠷᠢᠶᠠᠯᠠᠩ ᠤᠰᠤᠨ᠎ᠤ ᠨᠡᠭᠡᠭᠡᠨ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ᠂ ᠳ᠋ᠢᠩ ᠹᠧᠩ ᠠᠳᠠᠯ ᠠᠬᠤᠢ ᠵᠢᠨ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ ᠵᠢᠴᠢ ᠰᠠᠶ᠋ᠢᠬᠠᠨ ᠲᠣᠭᠤᠷᠢᠭ᠎ᠤᠨ ᠭᠠᠯ ᠤᠨᠲᠠᠷᠠᠭ᠋ᠠᠬᠤ ᠶᠡᠭᠡ ᠠᠩᠭᠢ᠂ ᠠᠷᠠᠳ᠎ᠤᠨ ᠵᠠᠮ᠎ᠤᠨ ᠬᠡᠷᠡᠭ ᠡᠷᠬᠢᠯᠡᠬᠦ ᠭᠠᠵᠠᠷ᠂ ᠠᠷᠠᠳ᠎ᠤᠨ ᠵᠠᠮ᠎ᠤᠨ ᠲᠣᠮᠢᠯᠠᠭᠰᠠᠨ ᠰᠠᠯᠪᠤᠷᠢ᠂ ᠭᠠᠵᠠᠷ ᠰᠢᠨᠵᠢᠯᠡᠭᠡᠨ᠎ᠤ ᠲᠣᠪᠴᠢᠶ᠎ᠠ ᠵᠢᠨ ᠬᠤᠶ᠋ᠢᠲᠤ ᠵᠡᠭᠡᠯᠢ ᠵᠢᠨ ᠨᠡᠶ᠋ᠢᠭᠡᠮ ᠲᠣᠭᠤᠷᠢᠭ᠎ᠤᠨ ᠬᠠᠮᠢᠶ᠎ᠠ ᠪᠦᠬᠦᠢ ᠠᠵᠢᠯᠲᠠᠨ 200 ᠭᠠᠷᠤᠢ ᠬᠥᠮᠥᠨ ᠲᠤᠰ ᠤᠳᠠᠭ᠋ᠠᠨ᠎ᠤ ᠲᠠᠶ᠋ᠢᠯᠤᠮᠵᠢ ᠪᠠ ᠰᠣᠷᠢᠯᠲᠠ ᠵᠢᠨ ᠠᠵᠢᠯᠯᠠᠭ᠎ᠠ᠎ᠳᠤ ᠣᠷᠣᠯᠴᠠᠵᠠᠢ᠃
(ᠡᠬᠡ ᠪᠢᠴᠢᠭ᠎ᠢ ᠶᠡᠷᠦᠩᠬᠡᠢ ᠪᠠᠲᠤᠯᠠᠭ᠎ᠠ ᠵᠢᠨ ᠲᠥᠪ᠎ᠠᠴᠠ ᠬᠠᠩᠭ᠋ᠠᠪᠠ)