ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ 《ᠲᠠᠰ ᠳᠡᠪᠰᠢᠭᠰᠡᠨ ᠬᠡᠪ》᠎ᠤᠨ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ ᠠᠬᠢᠭᠤᠯᠪᠠ
ᠨᠡᠶ᠋ᠢᠲᠡᠯᠡᠭᠰᠡᠨ ᠴᠠᠭ᠄ 2024-04-26

   ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ 4 ᠳ᠋ᠦ᠍ᠭᠡᠷ ᠰᠠᠷ᠎ᠠ ᠵᠢᠨ 24᠎ᠤ ᠡᠳᠦᠷ᠂ ᠮᠠᠨ᠎ᠤ ᠣᠷᠣᠨ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ ᠠᠬᠢᠭᠤᠯᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ 《ᠮᠢᠩᠭ᠋ᠠᠨ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠬᠦᠴᠦᠯᠡᠨ ᠰᠤᠷᠤᠯᠴᠠᠨ ᠬᠡᠷᠡᠭᠯᠡᠵᠦ ᠪᠥᠬᠦ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠤᠭ᠎ᠠ ᠬᠡᠮᠵᠢᠶ᠎ᠡ᠂ ᠶᠠᠰᠤ ᠴᠢᠨᠠᠷ᠎ᠤᠨ ᠬᠤᠤᠰ ᠳᠡᠭᠡᠭᠰᠢᠯᠡᠯᠲᠡ ᠵᠢ ᠬᠦᠴᠦᠯᠡᠨ ᠠᠬᠢᠭᠤᠯᠵᠤ᠂ 2032 ᠣᠨ ᠪᠣᠯᠬᠤ᠎ᠳᠤ ᠤᠷᠢᠳ ᠵᠶ᠋ᠠᠷ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠥᠲᠥᠭᠡᠨ ᠪᠠᠶ᠋ᠢᠭᠤᠯᠬᠤ ᠵᠢ ᠦᠨᠡᠨ ᠬᠦ᠌ ᠪᠠᠲᠤᠯᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠪᠠ᠃

  《ᠮᠡᠳᠡᠭᠳᠡᠯ》᠎ᠳᠤ ᠨᠥᠬᠦᠪᠦᠷᠢ ᠥᠭᠬᠦ ᠪᠠᠷᠢᠮᠵᠢᠶ᠎ᠠ ᠵᠢ ᠵᠣᠬᠢᠰᠲᠠᠢ ᠲᠣᠭᠲᠠᠭ᠋ᠠᠬᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠰᠢᠯᠢᠳᠡᠭᠵᠢᠭᠦᠯᠬᠦ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠬᠤ᠂ ᠪᠡᠯᠡ ᠮᠥᠩᠭᠦ ᠵᠢᠨ ᠬᠠᠮᠢᠶᠠᠷᠤᠯᠲᠠ ᠵᠢ ᠴᠢᠩᠭ᠋ᠠᠳᠬᠠᠬᠤ᠂ ᠭᠠᠵᠠᠷ ᠰᠢᠷᠣᠢ ᠵᠢᠨ ᠳᠠᠯᠳᠠ ᠬᠦᠴᠦᠨ᠎ᠢ ᠨᠡᠮᠡᠭᠳᠡᠭᠦᠯᠬᠦ᠂ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠪᠠᠲᠤᠯᠠᠬᠤ᠂ ᠰᠢᠯᠭ᠋ᠠᠨ ᠠᠪᠴᠤ ᠬᠥᠮᠥᠷᠭᠡ᠎ᠳᠤ ᠣᠷᠣᠭᠤᠯᠬᠤ ᠵᠢ ᠵᠢᠷᠤᠮᠵᠢᠭᠤᠯᠬᠤ᠂ ᠪᠠᠶ᠋ᠢᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠬᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠬᠦ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠱᠠᠩᠨᠠᠯ᠎ᠤᠨ ᠲᠣᠭᠲᠠᠴᠠ ᠵᠢ ᠪᠠᠶ᠋ᠢᠭᠤᠯᠬᠤ 11 ᠲᠠᠯ᠎ᠠ᠎ᠠᠴᠠ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠵᠢ ᠳᠤᠷᠠᠳᠴᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠪᠠᠷ ᠰᠠᠭᠤᠷᠢ ᠪᠣᠯᠭ᠋ᠠᠬᠤ᠎ᠪᠠᠷ ᠬᠦᠴᠦᠯᠡᠵᠦ᠂ 《ᠡᠷᠭᠢᠯᠳᠦᠭᠦᠯᠬᠦ — ᠲᠠᠷᠢᠬᠤ — ᠡᠳ᠋ᠰᠢᠭᠦᠯᠬᠦ — ᠦᠢ᠍ᠯᠡᠴᠢᠯᠡᠬᠦ — ᠡᠵᠡᠩᠨᠡᠨ ᠪᠣᠷᠣᠯᠠᠭᠤᠯᠬᠤ》 ᠪᠦᠬᠦ ᠬᠡᠯᠬᠢᠶ᠎ᠡ ᠵᠢ ᠨᠡᠪᠲᠡᠷᠡᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠵᠢᠨ ᠬᠤᠪᠢᠰᠤᠯᠲᠠ ᠵᠢ ᠠᠬᠢᠭᠤᠯᠪᠠ᠃

   ᠣᠶ᠋ᠢᠯᠠᠭ᠋ᠠᠭᠰᠠᠨ ᠵᠶ᠋ᠠᠷ᠂ 2022 ᠣᠨ᠎ᠳᠤ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠳᠣᠷᠣᠭᠰᠢ 《ᠲᠠᠷᠢᠶᠠᠨ ᠭᠠᠵᠠᠷ᠎ᠤᠨ ᠠᠷᠪᠠᠨ ᠨᠢᠭᠡᠨ ᠵᠦᠢ᠍ᠯ》 ᠭᠡᠵᠦ ᠲᠣᠪᠴᠢᠯᠠᠨ᠎ᠠ)᠎ᠢ ᠨᠡᠶ᠋ᠢᠲᠡᠯᠡᠭᠰᠡᠨ᠎ᠤ ᠳᠠᠷᠠᠭ᠎ᠠ᠂ ᠮᠠᠨ᠎ᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠪᠥᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠭᠤᠯᠵᠤ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠭᠦᠢ᠍ᠴᠡᠳ ᠨᠤᠲᠠᠯᠠᠯᠲᠠ ᠵᠢ ᠤᠯᠪᠠ᠃  ᠡᠭᠦᠨ᠎ᠤ ᠬᠠᠮᠲᠤ᠂ ᠮᠠᠨ᠎ᠤ ᠲᠤᠭᠤᠷᠢᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ᠎ᠢ ᠳ᠋ᠦᠩᠨᠡᠨ ᠭᠠᠷᠭ᠋ᠠᠵᠤ᠂ ᠵᠠᠷᠢᠮ ᠰᠢᠨ᠎ᠡ ᠠᠰᠠᠭᠤᠳᠠᠯ᠎ᠢ ᠢᠯᠡᠷᠡᠭᠦᠯᠪᠡ᠃ ᠮᠠᠨ᠎ᠤ ᠣᠷᠣᠨ 《ᠲᠠᠷᠢᠶᠠᠨ ᠭᠠᠵᠠᠷ᠎ᠤᠨ ᠠᠷᠪᠠᠨ ᠨᠢᠭᠡᠨ ᠵᠦᠢ᠍ᠯ》᠎ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《ᠤᠷᠢᠳᠠᠪᠠᠷ ᠪᠠᠶ᠋ᠢᠭᠤᠯᠵᠤ ᠳᠠᠷᠠᠭ᠎ᠠ᠎ᠨᠢ ᠬᠦᠴᠦᠨ ᠥᠬᠡᠶ ᠪᠣᠯᠭ᠋ᠠᠬᠤ》 ᠵᠠᠷᠴᠢᠮ ᠶᠣᠰᠣᠭ᠋ᠠᠷ᠂ 《ᠮᠡᠳᠡᠭᠳᠡᠯ》᠎ᠢ ᠰᠤᠳᠤᠯᠤᠨ ᠲᠣᠭᠲᠠᠭ᠋ᠠᠵᠤ᠂ 《ᠲᠠᠷᠢᠶᠠᠨ ᠭᠠᠵᠠᠷ᠎ᠤᠨ ᠠᠷᠪᠠᠨ ᠨᠢᠭᠡᠨ ᠵᠦᠢ᠍ᠯ》᠎ᠢ ᠰᠢᠨᠡᠳᠬᠡᠨ ᠲᠡᠭᠦᠯᠳᠡᠷᠵᠢᠭᠦᠯᠪᠡ᠃

  《ᠮᠡᠳᠡᠭᠳᠡᠯ》᠎ᠳᠤ 11 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠲᠤᠭ᠎ᠠ ᠬᠡᠮᠵᠢᠶ᠎ᠡ ᠵᠢ ᠬᠤᠪᠢᠷᠠᠭᠤᠯᠬᠤ ᠥᠬᠡᠶ ᠪᠠᠶ᠋ᠢᠬᠤ ᠵᠢ ᠪᠠᠲᠤᠯᠠᠵᠤ᠂ ᠭᠤᠤᠯᠳᠠᠭᠤ ᠲᠥᠷᠥ ᠵᠢᠨ ᠪᠣᠳᠣᠯᠭ᠎ᠠ ᠵᠢᠨ ᠵᠢᠷᠤᠭ ᠲᠥᠯᠥᠪᠯᠡᠭᠡ ᠵᠢᠨ ᠲᠠᠯ᠎ᠠ᠎ᠪᠠᠷ ᠰᠢᠯᠢᠳᠡᠭᠵᠢᠭᠦᠯᠪᠡ᠃  ᠨᠢᠭᠡ᠎ᠳᠤ᠂ ᠦᠨᠡᠯᠡᠨ ᠵᠢᠱ᠌ᠢᠬᠦ᠎ᠳᠤ ᠣᠷᠣᠰᠢᠵᠤ ᠪᠠᠶ᠋ᠢᠭ᠎ᠠ 30 ᠵᠦᠢ᠍ᠯ᠎ᠤᠨ ᠠᠰᠠᠭᠤᠳᠠᠯ᠎ᠢ ᠦᠨᠳᠦᠰᠦᠯᠡᠨ᠂ 34 ᠵᠦᠢ᠍ᠯ᠎ᠤᠨ ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ ᠵᠢ ᠰᠢᠨ᠎ᠡ᠎ᠪᠠᠷ ᠨᠡᠮᠡᠭᠳᠡᠭᠦᠯᠪᠡ᠃ ᠬᠤᠶᠠᠷ᠎ᠲᠤ᠂ ᠡᠯ᠎ᠡ ᠭᠠᠵᠠᠷ᠎ᠤᠨ ᠨᠡᠶ᠋ᠢᠲᠡᠯᠢᠭ ᠲᠤᠷᠰᠢᠯᠭ᠎ᠠ᠎ᠲᠠᠢ ᠤᠶᠠᠯᠳᠤᠭᠤᠯᠤᠨ᠂ ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ᠂ ᠪᠥᠲᠥᠭᠡᠨ ᠪᠠᠶ᠋ᠢᠭᠤᠯᠬᠤ ᠬᠠᠮᠢᠶᠠᠷᠬᠤ ᠲᠡᠭᠡᠭᠡᠪᠦᠷᠢᠯᠡᠬᠦ ᠵᠢ ᠨᠢᠭᠡ ᠴᠤᠭᠴᠠᠵᠢᠭᠤᠯᠬᠤ ᠵᠡᠷᠭᠡ ᠨᠡᠶ᠋ᠢᠲᠡᠯᠢᠭ ᠵᠠᠭᠪᠤᠷ᠎ᠢ ᠳᠡᠯᠭᠡᠷᠡᠭᠦᠯᠦᠨ᠎ᠡ᠃ ᠭᠤᠷᠪᠠ᠎ᠳᠤ᠂ ᠲᠦᠷᠦ ᠵᠢᠨ ᠪᠤᠳᠤᠯᠭ᠎ᠠ ᠵᠢᠨ ᠬᠤᠭᠤᠴᠠᠭ᠋ᠠᠲᠤ ᠴᠢᠨᠠᠷ᠎ᠢ ᠳᠡᠭᠡᠭᠰᠢᠯᠡᠭᠦᠯᠵᠦ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠢᠴᠢᠭ ᠮᠠᠲ᠋ᠧᠷᠢᠶᠠᠯ᠎ᠤᠨ ᠬᠢᠵᠠᠭ᠋ᠠᠷᠯᠠᠬᠤ ᠠᠵᠢᠯ᠎ᠤᠨ ᠰᠢᠨ᠎ᠡ ᠵᠢ ᠡᠭᠦᠳᠬᠦ ᠵᠦᠢ᠍ᠯ ᠵᠤᠷᠪᠤᠰ᠎ᠢ ᠬᠠᠰᠤᠪᠠ᠃ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ 《ᠲᠠᠷᠢᠶᠠᠨ ᠭᠠᠵᠠᠷ᠎ᠤᠨ ᠠᠷᠪᠠᠨ ᠨᠢᠭᠡᠨ ᠵᠦᠢ᠍ᠯ》᠎ᠢ ᠬᠠᠮᠲᠤ᠎ᠳᠤᠨᠢ ᠬᠦᠴᠦᠨ ᠦᠭᠡᠢ ᠪᠣᠯᠭ᠋ᠠᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
2024 ᠣᠨ᠎ᠤ ᠬᠤᠸᠠᠢ ᠾᠧ ᠭᠤᠤᠯ᠎ᠤᠨ ᠰᠠᠪᠠ ᠭᠠᠵᠠᠷ᠎ᠤᠨ ᠮᠤᠵᠢ ᠵᠢᠨ ᠲᠠᠰ᠎ᠤᠨ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠬᠠᠮᠲᠤᠷᠠᠭᠰᠠᠨ ᠬᠤᠷᠠᠯ᠎ᠤᠨ ᠪᠥᠬᠦᠳᠡ ᠬᠤᠷᠠᠯ ᠬᠤᠷᠠᠯᠳᠤᠪᠠ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠰᠤᠷᠭ᠋ᠠᠭᠤᠯᠢ 2024 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠲᠣᠪᠴᠢᠶ᠎ᠠ ᠵᠢᠨ ᠭᠠᠵᠠᠷ᠎ᠤᠨ ᠲᠠᠰ᠎ᠤᠨ ᠺᠠᠳ᠋ᠷ᠎ᠤᠨ ᠳᠠᠪᠲᠠᠨ ᠪᠤᠯᠪᠠᠰᠤᠷᠠᠬᠤ ᠠᠩᠭᠢ ᠬᠢᠴᠢᠶᠡᠯ ᠡᠬᠢᠯᠡᠪᠡ
ᠤᠰᠤᠨ ᠠᠰᠢᠭᠯᠠᠯᠲᠠ ᠵᠢᠨ ᠲᠢᠩᠬᠢᠮ ᠶᠡᠷᠦᠩᠬᠡᠶ᠋ᠢᠯᠡᠭᠰᠡᠨ ᠠᠯᠪᠠᠨ ᠠᠰᠠᠷ᠎ᠤᠨ ᠲᠠᠪᠤᠨ ᠰᠠᠷ᠎ᠠ ᠵᠢᠨ ᠨᠢᠭᠡᠨ᠎ᠤ ᠪᠠᠶᠠᠷ᠎ᠤᠨ ᠡᠳᠦᠷ᠎ᠠᠴᠠ ᠡᠮᠦᠨᠡᠬᠢ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠥᠷᠨᠢᠭᠦᠯᠪᠡ
ᠱᠧᠩ ᠰᠢᠶᠣᠣ ᠶᠢᠥ ᠣᠯᠠᠭ᠋ᠠᠢ ᠬᠠᠮᠢᠶᠠᠷᠣᠯᠳᠠ ᠵᠢᠨ ᠣᠷᠣᠨ᠎ᠳᠤ ᠣᠰᠣᠨ᠎ᠤ ᠡᠬᠢ ᠰᠣᠷᠪᠣᠯᠵᠢ ᠵᠢ ᠶᠡᠷᠣᠩᠬᠡᠶ᠋ᠢᠯᠡᠨ ᠠᠰᠢᠭᠯᠠᠬᠤ ᠠᠵᠢᠯ᠎ᠢ ᠰᠣᠳᠣᠯᠣᠨ ᠪᠠᠶ᠋ᠢᠴᠠᠭ᠋ᠠᠪᠠ
 
            