ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ ᠡᠨᠧᠷᠭᠢ ᠵᠢᠨ ᠬᠤᠷᠣᠭᠳᠠᠯ᠎ᠤᠨ ᠬᠤᠣᠰ ᠡᠵᠡᠮᠳᠡᠯ᠎ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠪᠣᠯᠭ᠋ᠠᠨ ᠬᠤᠪᠢᠷᠠᠭᠤᠯᠬᠤ ᠵᠢ ᠤᠷᠢᠳᠠᠪᠠᠷ ᠠᠬᠢᠭᠤᠯᠵᠤ ᠪᠠᠶ᠋ᠢᠨ᠎ᠠ
ᠨᠡᠶ᠋ᠢᠲᠡᠯᠡᠭᠰᠡᠨ ᠴᠠᠭ᠄ 2024-04-01

   ᠮᠠᠨ᠎ᠤ ᠣᠷᠣᠨ ᠪᠣᠯ ᠤᠯᠤᠰ᠎ᠠᠴᠠ ᠲᠣᠭᠲᠠᠭ᠋ᠠᠭᠰᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ᠎ᠢ ᠤᠷᠢᠳᠠᠪᠠᠷ ᠬᠡᠷᠡᠭᠵᠢᠭᠦᠯᠵᠦ ᠬᠠᠶ᠋ᠢᠨ ᠰᠦᠪᠡᠭᠴᠢᠯᠡᠬᠦ 8 ᠭᠠᠵᠠᠷ ᠣᠷᠣᠨ᠎ᠤ ᠨᠢᠭᠡ ᠪᠣᠯᠣᠨ᠎ᠠ᠂ ᠤᠯᠤᠰ᠎ᠠᠴᠠ ᠮᠠᠨ᠎ᠤ ᠣᠷᠣᠨ᠎ᠳᠤ ᠲᠤᠰᠢᠶᠠᠨ ᠥᠭᠴᠦ ᠤᠷᠢᠳᠠᠪᠠᠷ ᠲᠤᠷᠰᠢᠵᠤ ᠡᠨᠧᠷᠭᠢ ᠵᠢᠨ ᠬᠤᠷᠣᠭᠳᠠᠯ᠎ᠤᠨ ᠬᠤᠣᠰ ᠡᠵᠡᠮᠳᠡᠯ᠎ᠢ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ᠎ᠤᠨ ᠠᠵᠢᠯ᠎ᠤᠨ ᠡᠭᠦᠷᠭᠡ ᠪᠣᠯᠭ᠋ᠠᠨ ᠬᠤᠪᠢᠷᠠᠭᠤᠯᠬᠤ ᠵᠢ ᠰᠠᠶ᠋ᠢᠲᠤᠷ ᠪᠡᠶᠡᠯᠡᠭᠦᠯᠬᠦ ᠵᠢᠨ ᠲᠤᠰᠠᠳᠠ᠂ ᠨᠠᠮ᠎ᠤᠨ ᠲᠥᠪ       ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠡᠨᠧᠷᠭᠢ ᠵᠢᠨ ᠬᠤᠷᠣᠭᠳᠠᠯ᠎ᠤᠨ ᠬᠤᠣᠰ ᠡᠵᠡᠮᠳᠡᠯ᠎ᠢ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠪᠣᠯᠭ᠋ᠠᠨ ᠬᠤᠪᠢᠷᠠᠭᠤᠯᠬᠤ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂ ᠪᠥᠬᠦ ᠤᠯᠤᠰ᠎ᠲᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠠᠵᠢᠯ᠎ᠤᠨ ᠦᠷ᠎ᠡ ᠪᠦᠲᠦᠭᠡᠯ᠎ᠢ ᠰᠦᠪᠡᠭᠴᠢᠯᠡᠨ ᠥᠭᠬᠦ᠎ᠪᠠᠷ ᠴᠢᠷᠮᠠᠶ᠋ᠢᠪᠠ᠂ ᠣᠶ᠋ᠢᠷ᠎ᠠ᠎ᠳᠤ᠂ ᠥᠪᠥᠷ ᠮᠣᠩᠭᠤᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠤᠷᠣᠭᠳᠠᠯ᠎ᠤᠨ ᠬᠤᠣᠰ ᠡᠵᠡᠮᠳᠡᠯ᠎ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠲᠡᠶ᠋ᠢᠰᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠠᠵᠢᠯ᠎ᠤᠨ ᠠᠬᠢᠭᠤᠯᠬᠤ ᠲᠣᠭᠲᠠᠴᠠ ᠵᠢ ᠳᠠᠷᠤᠮᠠᠯᠯᠠᠨ ᠲᠠᠷᠬᠠᠭ᠋ᠠᠬᠤ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃

  《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠮᠠᠨ᠎ᠤ ᠲᠤᠭᠤᠷᠢᠭ᠎ᠤᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ ᠡᠨᠧᠷᠭᠢ ᠵᠢᠨ ᠬᠤᠷᠣᠭᠳᠠᠯ᠎ᠤᠨ ᠬᠤᠤᠰ ᠡᠵᠡᠮᠳᠡᠯ᠎ᠢ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠶᠠᠷ᠎ᠢ ᠡᠵᠡᠮᠳᠡᠬᠦ ᠠᠵᠢᠯ᠎ᠤᠨ ᠡᠮᠬᠢ ᠵᠢᠷᠤᠮ᠎ᠲᠠᠢ ᠥᠷᠨᠢᠬᠦ ᠵᠢ ᠤᠯᠠᠮ ᠨᠢᠭᠡ ᠠᠯᠬᠤᠮ ᠪᠠᠲᠤᠯᠠᠪᠠ᠃  ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠳᠤᠮᠳᠠ ᠠᠵᠢᠯ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠴᠢᠬᠤᠯᠠ ᠵᠦᠢ᠍ᠯᠡᠰ᠎ᠢ ᠵᠥᠪᠳᠡᠯᠴᠡᠨ ᠰᠤᠳᠤᠯᠬᠤ ᠲᠠᠯ᠎ᠠ᠎ᠪᠠᠷ ᠵᠥᠪᠳᠡᠯᠴᠡᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠭᠤᠣᠯᠳᠠᠯᠭ᠎ᠠ᠎ᠲᠠᠢ ᠡᠭᠦᠷᠭᠡ ᠵᠢ ᠬᠢᠨᠠᠨ ᠵᠢᠯᠣᠭᠤᠳᠴᠤ ᠠᠬᠢᠭᠤᠯᠬᠤ ᠲᠠᠯ᠎ᠠ᠎ᠪᠠᠷ ᠡᠭᠦᠷᠭᠡ ᠵᠢᠨ ᠬᠢᠨᠠᠨ ᠵᠢᠯᠣᠭᠤᠳᠬᠤ ᠲᠣᠭᠲᠠᠴᠠ ᠵᠢ ᠪᠠᠶ᠋ᠢᠭᠤᠯᠵᠤ᠂ ᠴᠢᠬᠤᠯᠠ ᠶᠡᠭᠡ        ᠵᠦᠢ᠍ᠯᠡᠰ᠂ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠵᠢᠭ᠋ᠠᠪᠤᠷᠢ ᠠᠪᠴᠤ ᠮᠡᠳᠡᠭᠦᠯᠬᠦ ᠲᠣᠭᠲᠠᠴᠠ ᠵᠢ ᠪᠠᠶ᠋ᠢᠭᠤᠯᠤᠨ᠎ᠠ》 ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠵᠠᠢ᠃

  《ᠮᠡᠳᠡᠭᠳᠡᠯ》᠎ᠨᠢ ᠠᠵᠢᠯ᠎ᠢ ᠠᠬᠢᠭᠤᠯᠬᠤ ᠲᠣᠭᠲᠠᠴᠠ ᠵᠢ ᠪᠠᠶ᠋ᠢᠭᠤᠯᠤᠭᠰᠠᠨ ᠰᠠᠭᠤᠷᠢᠨ ᠳᠡᠭᠡᠷ᠎ᠡ ᠬᠤᠶᠠᠷ ᠡᠭᠦᠷᠭᠡ ᠵᠢᠨ ᠨᠠᠷᠢᠨ ᠬᠠᠭᠤᠳᠠᠰᠤ ᠵᠢ ᠲᠣᠭᠲᠠᠭ᠋ᠠᠵᠤ᠂ ᠲᠤᠬᠠᠶ᠋ᠢᠯᠠᠪᠠᠯ ᠠᠵᠢᠯ᠎ᠤᠨ ᠴᠢᠬᠤᠯᠠ ᠡᠭᠦᠷᠭᠡ ᠵᠢᠨ ᠨᠠᠷᠢᠨ ᠬᠠᠭᠤᠳᠠᠰᠤ ᠪᠠ ᠠᠵᠢᠯ᠎ᠤᠨ ᠲᠥᠰᠦᠯ᠎ᠤᠨ ᠡᠭᠦᠷᠭᠡ ᠵᠢᠨ ᠨᠠᠷᠢᠨ ᠬᠠᠭᠤᠳᠠᠰᠤ ᠵᠢ ᠲᠣᠭᠲᠠᠭ᠋ᠠᠪᠠ᠃  ᠠᠵᠢᠯ᠎ᠤᠨ ᠭᠤᠤᠯᠳᠠᠯᠭ᠎ᠠ᠎ᠲᠠᠢ ᠡᠭᠦᠷᠭᠡ ᠵᠢᠨ ᠨᠠᠷᠢᠨ ᠬᠠᠭᠤᠳᠠᠰᠤ᠎ᠳᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠦᠷᠢᠳᠬᠡᠯ᠎ᠤᠨ ᠲᠣᠭ᠋ᠠᠴᠠᠭ᠎ᠠ ᠬᠢᠬᠦ ᠰᠠᠭᠤᠷᠢ ᠵᠢ ᠪᠠᠬᠢᠵᠢᠭᠦᠯᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠤᠰ ᠡᠵᠡᠮᠳᠡᠯ᠎ᠤᠨ ᠭᠤᠤᠯ ᠲᠦᠷᠢᠮ᠎ᠤᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠤᠰ ᠡᠵᠡᠮᠳᠡᠯ᠎ᠤᠨ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠦᠷᠢᠨᠰᠢᠬᠦᠯᠬᠦ᠂ ᠡᠨᠧᠷᠭᠢ ᠵᠢᠨ ᠬᠤᠷᠣᠭᠳᠠᠯ᠎ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠵᠢᠨ ᠲᠣᠬᠢᠷᠠᠭᠤᠯᠤᠯ ᠡᠵᠡᠮᠳᠡᠯ᠎ᠢ ᠲᠡᠭᠦᠯᠳᠡᠷᠵᠢᠭᠦᠯᠬᠦ᠂ ᠭᠤᠤᠯᠳᠠᠯᠭ᠎ᠠ᠎ᠲᠠᠢ ᠠᠵᠢᠯᠯᠠᠭ᠎ᠠ ᠪᠠ ᠵᠢᠱ᠌ᠢᠶ᠎ᠡ ᠦᠵᠡᠭᠦᠯᠬᠦ ᠢᠨᠵᠧᠨᠧᠷᠢᠩ ᠵᠡᠷᠭᠡ ᠲᠠᠪᠤᠨ ᠶᠡᠭᠡ ᠠᠭᠤᠯᠭ᠎ᠠ ᠵᠢᠨ ᠲᠣᠭᠤᠷᠢᠨ᠎ᠳᠤ 44 ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠨᠠᠷᠢᠯᠢᠬ᠍ᠵᠢᠭᠤᠯᠪᠠ᠃  ᠠᠵᠢᠯ᠎ᠤᠨ ᠲᠥᠰᠦᠯ᠎ᠤᠨ ᠡᠭᠦᠷᠭᠡ ᠵᠢᠨ ᠨᠠᠷᠢᠨ ᠲᠠᠩᠰᠠ᠎ᠨᠢ ᠡᠨᠧᠷᠭᠢ ᠵᠢᠨ ᠬᠤᠷᠣᠭᠳᠠᠯ᠎ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠵᠢᠨ ᠲᠣᠬᠢᠷᠠᠭᠤᠯᠤᠯ ᠡᠵᠡᠮᠳᠡᠯ᠎ᠢ ᠲᠡᠭᠦᠯᠳᠡᠷᠵᠢᠭᠦᠯᠬᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠤᠤᠰ ᠡᠵᠡᠮᠳᠡᠯ᠎ᠤᠨ ᠭᠤᠤᠯᠯᠠᠬᠤ ᠲᠦᠷᠢᠮ᠎ᠤᠨ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠬᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠤᠤᠰ ᠡᠵᠡᠮᠳᠡᠯ᠎ᠤᠨ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠦᠷᠢᠨᠰᠢᠬᠦᠯᠬᠦ ᠭᠤᠷᠪᠠᠨ ᠶᠡᠭᠡ ᠠᠭᠤᠯᠭ᠎ᠠ ᠵᠢᠨ ᠲᠣᠭᠤᠷᠢᠨ᠎ᠳᠤ 6 ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠲᠣᠭᠲᠠᠭ᠋ᠠᠪᠠ᠃ ᠡᠭᠦᠨ᠎ᠤ ᠬᠠᠮᠲᠤ ᠪᠠᠰᠠ ᠲᠣᠭᠲᠠᠴᠠ ᠵᠢᠨ ᠬᠤᠯᠪᠣᠭ᠋ᠠᠴᠢᠨ᠎ᠢ ᠲᠣᠳᠣᠷᠬᠠᠶ᠋ᠢᠯᠠᠵᠤ᠂ ᠳᠡᠭᠡᠳᠦ ᠲᠤᠤᠷᠠᠳᠤ ᠱᠠᠳᠤ ᠬᠤᠯᠪᠣᠭ᠋ᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠬᠤ ᠵᠢ ᠴᠢᠩᠭ᠋ᠠᠳᠬᠠᠵᠤ᠂ ᠠᠵᠢᠯ᠎ᠤᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠦ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠪᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠢᠳᠡᠪᠬᠢᠲᠡᠶ ᠠᠬᠢᠭᠤᠯᠵᠤ 17 ᠵᠤᠷᠪᠤᠰ ᠠᠷᠭ᠎ᠠ ᠬᠡᠮᠵᠢᠶ᠎ᠡ ᠠᠪᠴᠤ ᠨᠡᠶ᠋ᠢᠲᠡ ᠵᠢᠨ ᠠᠰᠠᠷᠠᠮᠵᠢ ᠵᠢᠨ ᠬᠦᠴᠦᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ᠎ᠳᠤ ᠣᠷᠣᠯᠴᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠪᠡ
ᠪᠥᠬᠦ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭᠴᠢ ᠵᠢ ᠤᠷᠢᠳ ᠵᠶ᠋ᠠᠷ ᠬᠡᠷᠡᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠥᠬᠦ ᠬᠦᠴᠦᠨ ᠵᠶ᠋ᠠᠷ ᠵᠶ᠋ᠠᠨ ᠴᠣᠭᠴᠠᠯᠠᠨ᠎ᠠ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
ᠬᠠᠨᠵᠢᠶᠠᠩ ᠮᠦᠷᠡᠨ᠎ᠳᠤ 2024 ᠣᠨ᠎ᠤ 1 ᠳ᠋ᠦ᠍ᠭᠡᠷ ᠦᠶᠡᠷ ᠡᠭᠦᠰᠪᠡ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠦᠶᠡᠷ ᠤᠰᠤᠲᠤᠯ᠎ᠢ ᠠᠷᠭ᠋ᠠᠴᠠᠬᠤ ᠶᠠᠪᠤᠴᠠ ᠵᠢ ᠲᠦᠷᠭᠡᠨ ᠪᠠᠢ᠌ᠷᠢᠯᠠᠭᠤᠯᠵᠠᠶ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ
 
            