ᠨᠠᠮ᠎ᠤᠨ ᠲᠥᠪ ᠬᠤᠷᠢᠶᠠᠨ᠎ᠤ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠬᠤᠯᠪᠣᠭᠳᠠᠯ ᠪᠥᠬᠦᠶ ᠱᠠᠭ᠋ᠠᠷᠳᠠᠯᠭ᠎ᠠ ᠪᠠ ᠨᠠᠮ᠎ᠤᠨ ᠪᠠᠶ᠋ᠢᠭᠤᠯᠤᠯᠲᠠ ᠵᠢᠨ ᠬᠠᠷᠢᠯᠴᠠᠬᠤ ᠴᠡᠭ᠎ᠤᠨ ᠠᠵᠢᠯ᠎ᠤᠨ ᠲᠦᠷᠢᠮ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠵᠢᠨ ᠲᠥᠯᠥᠭᠡ᠂ 4 ᠳ᠋ᠦ᠍ᠭᠡᠷ ᠰᠠᠷ᠎ᠠ ᠵᠢᠨ 1᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ᠎ᠢ ᠵᠢᠯᠣᠭᠤᠳᠬᠤ ᠵᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠤᠨ ᠳᠡᠳ᠋ ᠳᠠᠷᠤᠭ᠎ᠠ ᠯᠢ ᠪᠢᠨ ᠶᠠᠷᠢᠯᠴᠠᠬᠤ ᠬᠤᠷᠠᠯ᠎ᠳᠤ ᠣᠷᠣᠯᠴᠠᠪᠠ᠃

ᠬᠥᠭᠵᠢᠯᠲᠡ ᠵᠢᠨ ᠲᠥᠪ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠱᠧᠩ ᠰᠢᠶᠣᠣ ᠶᠢᠤ ᠨᠢᠳᠤᠨᠤᠨ᠎ᠠᠴᠠ ᠨᠠᠰᠢᠬᠢ ᠬᠥᠭᠵᠢᠯᠲᠡ ᠵᠢᠨ ᠲᠥᠪ᠎ᠤᠨ ᠡᠯ᠎ᠡ ᠵᠦᠢ᠍ᠯ᠎ᠤᠨ ᠠᠵᠢᠯ᠎ᠤᠨ ᠣᠯᠤᠭᠰᠠᠨ ᠢᠳᠡᠪᠬᠢᠲᠡᠢ ᠠᠬᠢᠴᠠ ᠵᠢ ᠭᠦᠢ᠍ᠴᠡᠳ ᠨᠤᠲᠠᠯᠠᠬᠤ ᠵᠢᠨ ᠬᠠᠮᠲᠤ᠂ ᠬᠥᠭᠵᠢᠯᠲᠡ ᠵᠢᠨ ᠲᠥᠪ ᠪᠣᠯ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠤᠭ᠎ᠤᠨ ᠭᠤᠣᠯ ᠮᠡᠷᠭᠡᠵᠢᠯ᠎ᠤᠨ ᠲᠤᠯᠭ᠋ᠠᠭᠤᠷᠢᠯᠠᠬᠤ ᠨᠢᠭᠡᠴᠢ ᠵᠢᠨ ᠨᠢᠭᠡ ᠮᠥᠨ᠂ ᠪᠠᠰᠠ ᠴᠤ᠌ ᠲᠢᠩᠬᠢᠮ᠎ᠤᠨ ᠬᠠᠷᠢᠶ᠎ᠠ ᠬᠠᠮᠤᠭ᠎ᠤᠨ ᠶᠡᠭᠡ ᠠᠵᠢᠯ ᠦᠢ᠍ᠯᠡᠰ᠎ᠤᠨ ᠨᠢᠭᠡᠴᠢ ᠮᠥᠨ᠂ ᠪᠠᠶ᠋ᠢᠷᠢ ᠰᠠᠭᠤᠷᠢ ᠴᠢᠬᠤᠯᠠ᠂ ᠦᠢ᠍ᠯᠡᠳᠦᠯ ᠣᠨᠴᠠᠭ᠋ᠠᠶ ᠪᠣᠯᠬᠤᠷ ᠡᠷᠬᠡᠪᠰᠢ 《ᠲᠤᠮᠤ ᠨᠢᠭᠡᠴᠢ》 ᠵᠢᠨ ᠤᠬᠠᠮᠰᠠᠷ᠎ᠢ ᠴᠢᠩᠭ᠋ᠠᠳᠬᠠᠵᠤ᠂ 《ᠲᠤᠮᠤ ᠨᠢᠭᠡᠴᠢ》 ᠵᠢᠨ ᠬᠠᠷᠢᠭᠤᠴᠠᠯᠭ᠎ᠠ ᠵᠢ ᠡᠭᠦᠷᠭᠡᠯᠡᠵᠦ᠂ 《ᠲᠤᠮᠤ ᠨᠢᠭᠡᠴᠢ》 ᠵᠢᠨ ᠬᠠᠷᠢᠭᠤᠴᠠᠯᠭ᠎ᠠ ᠵᠢ ᠢᠯᠡᠷᠡᠭᠦᠯᠵᠦ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠭᠤᠣᠯᠳᠠᠯᠭ᠎ᠠ ᠵᠢᠨ ᠲᠣᠭᠤᠷᠢᠨ᠎ᠳᠤ᠂ ᠶᠡᠭᠡ ᠲᠠᠯ᠎ᠠ᠎ᠳᠤ ᠦᠢ᠍ᠯᠡᠴᠢᠯᠡᠵᠦ᠂ ᠨᠡᠩ ᠥᠨᠳᠥᠷ᠂ ᠨᠡᠩ ᠥᠷᠭᠡᠨ ᠬᠠᠷᠠᠭ᠋ᠠᠰᠤ ᠳᠡᠭᠡᠷ᠎ᠡ ᠨᠡᠩ ᠶᠡᠭᠡ ᠦᠢ᠍ᠯᠡᠳᠦᠯ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠱᠧᠩ ᠰᠢᠶᠣᠣ ᠶᠢᠦ ᠴᠢᠬᠤᠯᠠᠴᠢᠯᠠᠭᠰᠠᠨ᠎ᠨᠢ᠂ ᠬᠥᠭᠵᠢᠯᠲᠡ ᠵᠢᠨ ᠲᠥᠪ᠎ᠨᠢ ᠤᠰᠤᠨ ᠠᠰᠢᠭᠯᠠᠯᠲᠠ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠤᠰᠤᠨ ᠠᠰᠢᠭᠯᠠᠯᠲᠠ ᠵᠢᠨ ᠪᠠᠷᠢᠮᠵᠢᠶ᠎ᠠ ᠵᠢ ᠲᠣᠭᠲᠠᠭ᠋ᠠᠬᠤ ᠪᠠ ᠴᠢᠬᠤᠯᠠ ᠶᠡᠭᠡ ᠲᠥᠷᠥ ᠵᠢᠨ ᠪᠣᠳᠣᠯᠭ᠎ᠠ ᠵᠢ ᠰᠤᠳᠤᠯᠬᠤ ᠵᠡᠷᠭᠡ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠪᠠᠷᠠᠯᠠᠯᠲᠤ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ᠂ ᠰᠢᠰᠲ᠋ᠧᠮᠲᠦ ᠴᠢᠨᠠᠷᠲᠠᠢ᠂ ᠰᠢᠨᠵᠢᠯᠡᠬᠦ ᠤᠬᠠᠭ᠋ᠠᠨᠴᠢ ᠴᠢᠨᠠᠷᠲᠠᠢ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠳᠤᠷᠠᠳᠴᠤ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠵᠢᠭᠦᠯᠦᠭᠴᠢ᠂ ᠠᠵᠢᠯᠯᠠᠭ᠋ᠠᠨ᠎ᠤ ᠪᠦᠯᠦᠭᠲᠡᠨ ᠪᠠ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠨᠢᠭᠡ᠎ᠳᠤ᠂ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠬᠤ ᠵᠢ ᠪᠡᠶᠡᠯᠡᠭᠦᠯᠦᠨ᠎ᠡ᠃ ᠭᠤᠣᠯ ᠺᠠᠳ᠋ᠷ ᠠᠵᠢᠯᠲᠠᠨ ᠠᠵᠢᠯᠴᠢᠨ ᠣᠳᠣᠬᠠᠨ᠎ᠤ ᠤᠰᠤᠨ ᠠᠰᠢᠭᠯᠠᠯᠲᠠ ᠵᠢᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ ᠵᠢ ᠭᠦᠢ᠍ᠴᠡᠳ ᠲᠠᠨᠢᠵᠤ᠂ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠠᠲᠤ ᠪᠠᠬᠢ ᠪᠣᠶ ᠪᠣᠯᠭ᠋ᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠲᠠᠢ ᠢᠮᠠᠭᠲᠠ 《ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠬᠤ》 ᠰᠡᠳᠬᠢᠴᠡ ᠵᠢᠨ ᠪᠠᠶ᠋ᠢᠳᠠᠯ ᠵᠶ᠋ᠠᠨ ᠪᠠᠲᠤᠯᠠᠵᠤ᠂ ᠶᠡᠭᠡ ᠬᠠᠨᠳᠤᠰᠢ ᠵᠢ ᠠᠵᠢᠭᠯᠠᠵᠤ᠂ ᠶᠡᠭᠡ ᠲᠠᠯ᠎ᠠ ᠵᠢ ᠲᠠᠨᠢᠵᠤ᠂ ᠦᠢ᠍ᠯᠡᠴᠢᠯᠡᠭᠡᠨ᠎ᠤ ᠲᠥᠪ᠎ᠤᠨ ᠠᠵᠢᠯ᠎ᠤᠨ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠴᠢᠩᠭ᠋ᠠᠳᠬᠠᠵᠤ᠂ 《ᠨᠠᠶ᠋ᠢᠳᠠᠪᠤᠷᠢᠵᠢᠭᠤᠯᠤᠯᠲᠠ ᠵᠢ ᠠᠳᠬᠤᠬᠤ》 ᠢᠯᠡ ᠲᠣᠳᠣ ᠤᠳᠤᠷᠢᠳᠤᠮᠵᠢ ᠵᠢ ᠪᠠᠲᠤ ᠪᠠᠬᠢ ᠪᠣᠶ ᠪᠣᠯᠭ᠋ᠠᠵᠤ᠂ ᠰᠡᠳᠦᠪ᠎ᠢ ᠰᠢᠢ᠍ᠳᠪᠦᠷᠢᠯᠡᠬᠦ ᠲᠠᠯ᠎ᠠ᠎ᠪᠠᠷ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠪᠠᠶ᠋ᠢᠷᠢᠯᠠᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠲᠠᠢ ᠰᠡᠳᠬᠢᠯ ᠨᠢᠭᠡᠳᠦᠨ ᠴᠢᠭᠯᠡᠯ ᠵᠶ᠋ᠠᠨ ᠨᠢᠭᠡᠳᠬᠡᠵᠦ᠂ ᠭᠤᠤᠯᠳᠠᠯᠭ᠎ᠠ᠎ᠲᠠᠢ ᠠᠵᠢᠯ ᠨᠢᠭᠡᠪᠦᠷᠢ ᠵᠢ ᠴᠢᠨᠠᠷ ᠰᠠᠶ᠋ᠢᠲᠠᠶ ᠰᠠᠶ᠋ᠢᠲᠤᠷ ᠠᠳᠬᠤᠵᠤ᠂ ᠭᠤᠤᠯᠳᠠᠯᠭ᠎ᠠ᠎ᠲᠠᠢ ᠲᠤᠰᠬᠠᠶ ᠠᠵᠢᠯ᠎ᠢ ᠴᠢᠨᠠᠷ ᠰᠠᠶ᠋ᠢᠲᠠᠶ ᠪᠡᠶᠡᠯᠡᠭᠦᠯᠬᠦ᠂ ᠴᠢᠨᠠᠷ ᠰᠠᠶ᠋ᠢᠲᠠᠶ ᠪᠡᠶᠡᠯᠡᠭᠦᠯᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠶ᠃ ᠬᠤᠶᠠᠷ᠎ᠲᠤ᠂ ᠢᠵᠢᠯᠢ ᠳᠠᠪᠲᠠᠮᠵᠢ ᠳᠡᠷᠪᠢᠯᠲᠠ ᠵᠢ ᠪᠡᠶᠡᠯᠡᠭᠦᠯᠦᠨ᠎ᠡ᠃ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠪᠠ ᠰᠢᠨ᠎ᠡ ᠵᠠᠮ᠎ᠢ ᠨᠡᠬᠡᠬᠡᠵᠤ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ ᠵᠢᠨ ᠲᠣᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠰᠤᠷᠲᠠᠯ ᠵᠶ᠋ᠠᠨ ᠬᠤᠪᠢᠷᠠᠭᠤᠯᠤᠨ ᠲᠦᠷᠢ ᠲᠥᠷᠬᠦ ᠵᠢ ᠪᠤᠢ ᠪᠣᠯᠭ᠋ᠠᠵᠤ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠲᠤᠬᠠᠢ ᠠᠯᠢ ᠤᠯᠠᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢᠨ ᠲᠣᠭᠤᠷᠢᠨ᠎ᠳᠤ᠂ ᠠᠵᠢᠯ ᠬᠢᠵᠦ ᠦᠢ᠍ᠯᠡᠰ ᠪᠤᠰᠬᠠᠬᠤ ᠰᠠᠨᠠᠭ᠋ᠠᠴᠢᠯᠠᠭ᠋ᠠᠲᠤ ᠴᠢᠨᠠᠷ ᠪᠣᠯᠤᠨ ᠴᠢᠳᠠᠮᠠᠭ᠋ᠠᠢ ᠴᠢᠨᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠤᠳᠤᠷᠢᠳᠬᠤ ᠪᠠᠭ᠎ᠤᠨ ᠲᠤᠰ ᠪᠡᠶ᠎ᠡ ᠵᠢᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠬᠠᠷᠢᠯᠴᠠᠨ ᠨᠥᠬᠦᠪᠦᠷᠢᠯᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠰᠠᠶ᠋ᠢᠨ ᠰᠠᠶ᠋ᠢᠬᠠᠨ ᠪᠠᠶ᠋ᠢᠳᠠᠯ᠎ᠢ ᠪᠦᠷᠢᠯᠳᠦᠭᠦᠯᠬᠦ ᠬᠡᠷᠡᠭᠲᠡᠢ; ᠦᠵᠡᠯᠲᠡ᠎ᠪᠠᠨ ᠰᠢᠨᠡᠳᠬᠡᠵᠦ᠂ ᠰᠤᠷᠲᠠᠯ ᠵᠶ᠋ᠠᠨ ᠬᠤᠪᠢᠷᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠴᠢᠩᠭ᠎ᠠ ᠠᠳᠬᠤᠨ ᠲᠦᠷᠭᠡᠨ ᠠᠵᠢᠯᠯᠠᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠲᠠᠢ ᠵᠡᠷᠭᠡ᠎ᠪᠡᠷ ᠤᠷᠤᠭᠰᠢᠯᠠᠵᠤ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠬᠤᠷᠳᠤᠴᠠ ᠵᠢ ᠲᠦᠷᠭᠡᠳᠬᠡᠬᠦ ᠬᠡᠷᠡᠭᠲᠡᠢ᠃ ᠭᠤᠷᠪᠠ᠎ᠳᠤ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠵᠢ ᠪᠡᠶᠡᠯᠡᠭᠦᠯᠦᠨ᠎ᠡ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠬᠠᠷᠠᠭ᠋ᠠᠰᠤ᠎ᠠᠴᠠ ᠪᠦᠬᠦ ᠣᠷᠣᠨ᠎ᠳᠤ ᠦᠢ᠍ᠯᠡᠴᠢᠯᠡᠬᠦ ᠥᠨᠳᠥᠷᠴᠡ᠎ᠳᠤ ᠵᠣᠭᠰᠣᠵᠤ᠂ ᠥᠭᠡᠷᠡᠴᠢᠯᠡᠯᠲᠡ᠎ᠠᠴᠠ ᠪᠣᠯᠤᠭᠰᠠᠨ 《ᠡᠪᠡᠷᠰᠢᠶᠡᠯ》᠎ᠢ ᠰᠢᠢ᠍ᠳᠪᠦᠷᠢᠯᠡᠬᠦ ᠪᠠ ᠢᠯᠠᠨ ᠳᠠᠪᠠᠵᠤ᠂ ᠬᠦᠰᠡᠯᠡᠩ᠎ᠲᠠᠢ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠎ᠳᠤ ᠬᠦᠴᠢᠷ ᠬᠠᠲᠠᠭᠤᠵᠢᠯᠲᠠᠢ ᠪᠥᠭᠡᠳ ᠲᠡᠰ ᠳᠠᠷᠠᠭ᠋ᠠᠯᠠᠯ᠎ᠲᠠᠢ ᠺᠠᠳ᠋ᠷ᠎ᠤᠨ ᠡᠩᠨᠡᠭᠡ ᠵᠢ ᠲᠥᠯᠥᠪᠯᠡᠭᠡ᠎ᠲᠠᠢ᠎ᠪᠠᠷ ᠬᠥᠮᠥᠵᠢᠭᠦᠯᠬᠦ ᠬᠡᠷᠡᠭᠲᠡᠢ; ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ; ᠺᠠᠳ᠋ᠷ ᠠᠵᠢᠯᠲᠠᠨ ᠠᠵᠢᠯᠴᠢᠨ᠎ᠤ ᠲᠤᠰᠬᠠᠢ ᠮᠡᠷᠭᠡᠵᠢᠯ᠎ᠤᠨ ᠬᠠᠨᠳᠤᠯᠭ᠋ᠠᠲᠤ ᠴᠢᠨᠠᠷ᠎ᠢ ᠴᠢᠩᠭ᠋ᠠᠳᠬᠠᠵᠤ᠂ ᠬᠥᠮᠥᠨ ᠪᠠ ᠠᠵᠢᠯ᠎ᠤᠨ ᠪᠠᠶ᠋ᠢᠷᠢ ᠵᠢ ᠬᠠᠷᠢᠯᠴᠠᠨ ᠵᠣᠬᠢᠴᠠᠭᠤᠯᠬᠤ ᠬᠡᠷᠡᠭᠲᠡᠢ; ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠲᠦᠷᠢᠮ᠎ᠢ ᠲᠡᠭᠦᠯᠳᠡᠷᠵᠢᠭᠦᠯᠵᠦ᠂ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠤᠷᠮᠠᠰᠢᠭᠤᠯᠬᠤ ᠲᠣᠭᠲᠠᠴᠠ ᠵᠢ ᠴᠢᠩᠭ᠋ᠠᠷᠠᠭᠤᠯᠤᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠲᠠᠢ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠠᠰᠠᠭᠤᠳᠠᠯ᠎ᠢ ᠰᠢᠢ᠍ᠳᠪᠦᠷᠢᠯᠡᠬᠦ ᠵᠢ ᠬᠠᠮᠲᠤ᠎ᠪᠠᠷ ᠲᠦᠯᠬᠢᠨ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠵᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃ ᠲᠦᠷᠪᠡ᠎ᠳᠤ᠂ ᠠᠳᠠᠯᠢ ᠵᠢᠨ ᠳᠤᠮᠳᠠ᠎ᠠᠴᠠ ᠢᠯᠭ᠋ᠠᠭ᠎ᠠ᠎ᠲᠠᠢ ᠪᠠᠶ᠋ᠢᠬᠤ ᠵᠢ ᠪᠡᠶᠡᠯᠡᠭᠦᠯᠦᠨ᠎ᠡ᠃ ᠲᠣᠰ ᠨᠢᠭᠡᠴᠢ᠂ ᠲᠣᠰ ᠰᠠᠯᠠᠭ᠎ᠠ ᠮᠥᠴᠢᠷ᠂ ᠲᠣᠰ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ᠎ᠪᠠᠨ ᠦᠨᠡᠨ ᠬᠦ᠌ ᠣᠨᠣᠪᠴᠢᠲᠠᠶ ᠣᠯᠵᠤ᠂ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠥᠨᠳᠥᠷ ᠪᠦᠲᠦᠮᠵᠢᠲᠡᠶ᠎ᠪᠠᠷ ᠵᠣᠯᠭ᠋ᠠᠭᠤᠯᠵᠤ᠂ ᠬᠦᠴᠦ᠎ᠪᠠᠨ ᠬᠠᠮᠲᠤᠳᠬᠠᠨ ᠠᠵᠢᠯᠯᠠᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠪᠣᠶ ᠪᠣᠯᠭ᠋ᠠᠬᠤ ᠬᠡᠷᠡᠭᠲᠡᠶ᠃ ᠭᠤᠣᠯ ᠬᠠᠷᠢᠭᠤᠴᠠᠯᠭ᠎ᠠ ᠭᠤᠣᠯ ᠠᠵᠢᠯ᠎ᠤᠨ ᠲᠣᠭᠤᠷᠢᠨ᠎ᠳᠤ ᠮᠡᠷᠭᠡᠵᠢᠯ᠎ᠤᠨ ᠲᠤᠯᠭ᠋ᠠᠭᠤᠷᠢᠯᠠᠯ ᠪᠠᠲᠤᠯᠠᠭ᠎ᠠ ᠵᠢᠨ ᠦᠢ᠍ᠯᠡᠳᠦᠯ᠎ᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ; ᠤᠰᠤᠨ ᠠᠰᠢᠭᠯᠠᠯᠲᠠ ᠵᠢᠨ ᠲᠥᠯᠥᠪᠵᠢᠭᠦᠯᠭᠡ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠴᠢᠩᠭ᠋ᠠᠳᠬᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠤᠷᠢᠳᠴᠢᠯᠠᠨ ᠲᠥᠯᠥᠪᠯᠡᠬᠦ ᠬᠡᠷᠡᠭᠲᠡᠢ; ᠤᠰᠤᠨ ᠠᠰᠢᠭᠯᠠᠯᠲᠠ ᠵᠢᠨ ᠡᠯ᠎ᠡ ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠤᠨ ᠲᠤᠯᠭ᠋ᠠᠭᠤᠷᠢᠯᠠᠯ ᠪᠠᠲᠤᠯᠠᠭ᠎ᠠ ᠵᠢ ᠴᠢᠩᠭ᠋ᠠᠳᠬᠠᠵᠤ᠂ 《ᠬᠤᠶᠠᠷ ᠰᠢᠯᠢᠳᠡᠭ》᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠵᠦ᠂ ᠤᠰᠤᠨ ᠠᠰᠢᠭᠯᠠᠯᠲᠠ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠦᠨ᠂ ᠦᠨᠡᠨᠴᠢ ᠢᠲᠡᠭᠡᠮᠵᠢ ᠵᠢᠨ ᠢᠨᠵᠧᠨᠧᠷᠢᠩ᠎ᠤᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ; ᠲᠠᠩᠰᠠ ᠡᠪᠬᠡᠮᠡᠯ ᠪᠠ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠵᠢᠯ᠎ᠢ ᠲᠠᠰᠤᠷᠠᠯᠲᠠ ᠥᠬᠡᠶ ᠴᠢᠩᠭ᠋ᠠᠳᠬᠠᠵᠤ᠂ ᠲᠥᠪ᠎ᠤᠨ ᠦᠷᠭᠦᠯᠵᠢᠯᠡᠬᠦ ᠬᠥᠭᠵᠢᠯᠲᠡ᠎ᠳᠤ ᠰᠠᠭᠤᠷᠢ ᠵᠢ ᠪᠠᠬᠢᠵᠢᠭᠦᠯᠬᠦ ᠬᠡᠷᠡᠭᠲᠡᠢ᠃
ᠶᠠᠷᠢᠯᠴᠠᠬᠤ ᠬᠤᠷᠠᠯ ᠳᠡᠭᠡᠷ᠎ᠡ᠂ ᠱᠧᠩ ᠰᠢᠶᠣᠣ ᠶᠢᠦ ᠪᠠᠰᠠ ᠬᠥᠭᠵᠢᠯᠲᠡ ᠵᠢᠨ ᠲᠥᠪ᠎ᠤᠨ ᠳᠤᠷᠠᠳᠤᠭᠰᠠᠨ ᠰᠠᠨᠠᠯ ᠰᠠᠨᠠᠭᠤᠯᠭ᠎ᠠ ᠵᠢᠨ ᠲᠤᠬᠠᠢ ᠬᠠᠷᠢᠭᠤᠯᠲᠠ ᠥᠭᠴᠦ᠂ ᠤᠯᠠᠨ᠎ᠲᠠᠢ ᠭᠦᠨᠵᠡᠭᠡᠢ ᠰᠤᠳᠤᠯᠤᠨ ᠶᠠᠷᠢᠯᠴᠠᠪᠠ᠃
ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠦᠳ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠤᠳᠤᠷᠢᠳᠬᠤ ᠪᠠᠭ᠎ᠤᠨ ᠪᠦᠷᠢᠯᠳᠦᠬᠦᠨ ᠪᠣᠯᠤᠨ ᠳᠡᠳ᠋ ᠭᠠᠵᠠᠷ᠎ᠤᠨ ᠲᠡᠰ ᠵᠢᠴᠢ ᠲᠡᠭᠦᠨ᠎ᠠᠴᠠ ᠳᠡᠭᠡᠭᠰᠢᠬᠢ ᠺᠠᠳ᠋ᠷ ᠶᠠᠷᠢᠯᠴᠠᠬᠤ ᠬᠤᠷᠠᠯ᠎ᠳᠤ ᠣᠷᠣᠯᠴᠠᠪᠠ᠃