ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠪᠥᠬᠦ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭᠴᠢ ᠵᠢ ᠤᠷᠢᠳ ᠵᠶ᠋ᠠᠷ ᠬᠡᠷᠡᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠥᠬᠦ ᠬᠦᠴᠦᠨ ᠵᠶ᠋ᠠᠷ ᠵᠶ᠋ᠠᠨ ᠴᠣᠭᠴᠠᠯᠠᠨ᠎ᠠ
ᠨᠡᠶ᠋ᠢᠲᠡᠯᠡᠭᠰᠡᠨ ᠴᠠᠭ᠄ 2024-04-03

   ᠦᠪᠡᠷᠳᠡᠬᠡᠨ ᠵᠠᠰᠠᠬᠤ ᠤᠷᠤᠨ᠎ᠤ ᠡᠨᠧᠷᠬᠢ ᠵᠢᠨ ᠳᠤᠪᠴᠢᠶ᠎ᠠ᠎ᠠᠴᠠ ᠤᠶ᠋ᠢᠯᠠᠭ᠋ᠠᠭᠰᠠᠨ ᠵᠶ᠋ᠠᠷ᠂ ᠦᠪᠡᠷᠳᠡᠬᠡᠨ ᠵᠠᠰᠠᠬᠤ ᠤᠷᠤᠨ᠎ᠤ ᠠᠩᠬᠠᠳᠠᠭᠴᠢ ᠪᠦᠯᠦᠭ ᠰᠠᠯᠬᠢᠨ ᠬᠦᠴᠤ ᠨᠠᠷᠠᠨ ᠡᠨᠧᠷᠬᠢ᠎ᠪᠠᠷ ᠤᠰᠤᠳᠦ᠋ᠷᠦᠭᠴᠢ ᠤᠶ᠋ᠢᠯᠡᠤᠨᠬᠦ ᠳᠠᠭᠤᠷᠢᠶᠠᠯ ᠲᠦᠷᠤᠯ ᠵᠦᠢ᠍ᠯ᠎ᠤᠨ ᠨᠢᠬᠡ — ᠤᠳᠤᠭ᠎ᠤᠨ ᠡᠮᠤᠨᠡᠳᠤ ᠬᠤᠰᠢᠭᠤᠨ᠎ᠤ ᠱᠠᠩᠬᠠᠢ ᠵᠢᠨ ᠰᠦᠮ᠎ᠠ ᠠᠵᠤ ᠠᠬᠤᠢ ᠵᠢᠨ ᠨᠡᠬᠡᠬᠡᠯᠳᠠ ᠵᠢᠨ ᠤᠷᠤᠨ᠎ᠤ ᠭᠡᠷᠡᠯ ᠴᠡᠨᠡᠭ ᠵᠶ᠋ᠡᠷ ᠤᠰᠤᠳᠦ᠋ᠷᠦᠭᠴᠢ ᠤᠶ᠋ᠢᠯᠡᠤᠨᠬᠦ ᠲᠦᠷᠤᠯ ᠵᠦᠢ᠍ᠯ᠎ᠨᠢ ᠨᠢᠬᠡᠳᠦᠬᠡᠷ ᠪᠤᠰᠤᠭ᠎ᠠ ᠲᠦᠷᠪᠡᠯᠵᠢᠨ ᠤᠰᠤᠳᠦ᠋ᠷᠦᠭᠴᠢ ᠬᠡᠢ ᠵᠢ ᠠᠮᠵᠢᠯᠲᠠ᠎ᠲᠠᠢ ᠤᠶ᠋ᠢᠯᠡᠳᠪᠤᠷᠢᠯᠡᠵᠤ᠂ ᠵᠢᠩᠬᠢᠨᠢ᠎ᠪᠠᠷ ᠳᠤᠷᠰᠢᠯᠳᠠ ᠵᠢᠨ ᠱᠠᠳᠤᠨ᠎ᠳᠤ ᠤᠷᠤᠪᠠ᠃

   ᠣᠶ᠋ᠢᠯᠠᠭ᠋ᠠᠭᠰᠠᠨ ᠵᠶ᠋ᠠᠷ᠂ ᠲᠣᠰ ᠲᠥᠷᠥᠯ ᠵᠦᠢ᠍ᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 16.2 ᠳ᠋ᠦᠩᠰᠢᠭᠤᠷ ᠲᠥᠭᠦᠷᠢᠭ᠎ᠲᠤ ᠬᠦᠷᠴᠦ᠂ ᠪᠥᠲᠥᠭᠡᠨ ᠪᠠᠶ᠋ᠢᠭᠤᠯᠬᠤ ᠠᠭᠤᠯᠭ᠎ᠠ᠎ᠳᠤ 250 ᠰᠠᠶ᠎ᠠ ᠸᠠᠲ ᠬᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠥᠷᠲᠡᠭᠡ᠂ ᠵᠢᠯ᠎ᠳᠤ ᠪᠠᠷᠤᠭ 6000 ᠲᠣᠨ ᠴᠠᠬᠢᠯᠭ᠋ᠠᠨ ᠵᠠᠳᠠᠯᠤᠯ᠎ᠤᠨ ᠤᠰᠤ ᠵᠢᠴᠢ ᠢᠵᠢ ᠪᠥᠷᠢᠳᠦᠭᠰᠡᠨ ᠲᠥᠬᠦᠭᠡᠷᠦᠮᠵᠢ ᠪᠠᠭᠲᠠᠨ᠎ᠠ᠃  ᠲᠥᠷᠥᠯ ᠵᠦᠢ᠍ᠯ᠎ᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠵᠢᠯ᠎ᠤᠨ ᠳᠤᠮᠳᠠᠴᠢ ᠴᠠᠬᠢᠯᠭ᠋ᠠᠨ ᠭᠠᠷᠭ᠋ᠠᠬᠤ ᠬᠡᠮᠵᠢᠶ᠎ᠡ ᠪᠠᠷᠤᠭ 4.7 ᠳ᠋ᠦᠩᠰᠢᠭᠤᠷ ᠭ᠋ᠷᠠᠳᠦ᠋ᠰ᠂ ᠣᠷᠣᠯᠠᠵᠤ ᠪᠣᠯᠬᠤ ᠪᠠᠷᠢᠮᠵᠢᠶ᠎ᠠ ᠨᠡᠭᠦᠷᠡᠰᠦ ᠪᠠᠷᠤᠭ 14.6 ᠲᠦᠮᠡᠨ ᠲᠣᠨ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ 39 ᠲᠦᠮᠡᠨ ᠲᠣᠨ ᠭᠠᠳᠠᠭᠰᠢᠯᠠᠭᠤᠯᠵᠤ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠦᠷ᠎ᠡ ᠪᠦᠲᠦᠮᠵᠢ ᠢᠯᠡᠳᠲᠡ ᠪᠣᠯᠪᠠ᠃ ᠡᠭᠦᠨ᠎ᠠᠴᠠ ᠭᠠᠳᠠᠨ᠎ᠠ᠂ ᠲᠣᠰ ᠲᠥᠷᠥᠯ ᠵᠦᠢ᠍ᠯ᠎ᠳᠤ ᠬᠡᠷᠡᠭᠯᠡᠭᠰᠡᠨ ᠬᠡᠷᠡᠯ ᠴᠡᠨᠡᠭ᠎ᠤᠨ ᠰᠡᠯᠪᠢᠭ ᠲᠣᠨᠤᠭ᠂ ᠴᠠᠬᠢᠯᠭ᠋ᠠᠨ ᠵᠠᠳᠠᠯᠤᠯ᠎ᠤᠨ ᠣᠩᠭᠤᠴᠠ᠂ ᠤᠰᠤᠲᠥ᠋ᠷᠥᠭᠴᠢ ᠬᠠᠳᠠᠭ᠋ᠠᠯᠠᠬᠤ ᠰᠠᠪᠠ᠂ ᠤᠰᠤᠲᠥ᠋ᠷᠥᠭᠴᠢ ᠳᠠᠮᠵᠢᠭᠤᠯᠬᠤ ᠬᠤᠭᠤᠯᠠᠶ ᠵᠡᠷᠭᠡ ᠴᠢᠬᠤᠯᠠ ᠶᠡᠭᠡ ᠲᠥᠬᠦᠭᠡᠷᠦᠮᠵᠢ ᠵᠢᠴᠢ ᠭᠤᠣᠯ ᠮᠠᠲ᠋ᠧᠷᠢᠶᠠᠯ᠎ᠨᠢ ᠴᠥᠮ ᠤᠯᠤᠰᠴᠢᠯᠠᠬᠤ ᠵᠢ ᠪᠡᠶᠡᠯᠡᠭᠦᠯᠵᠦ᠂ ᠤᠰᠤᠲᠥ᠋ᠷᠥᠭᠴᠢ ᠡᠨᠧᠷᠭᠢ ᠵᠢᠨ ᠲᠣᠨᠤᠭ ᠲᠥᠬᠦᠭᠡᠷᠦᠮᠵᠢ ᠪᠠ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠪᠦᠲᠦᠮᠵᠢᠲᠡᠶ ᠠᠬᠢᠭᠤᠯᠬᠤ ᠪᠣᠯᠤᠨ᠎ᠠ᠃

   ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ ᠡᠨᠧᠷᠭᠢ ᠵᠢᠨ ᠡᠬᠢ ᠪᠠᠶᠠᠯᠢᠭ ᠡᠯᠪᠡᠭ ᠳᠡᠯᠪᠡᠭ᠂ ᠤᠰᠤᠲᠥ᠋ᠷᠥᠭᠴᠢ ᠡᠨᠧᠷᠭᠢ ᠵᠢᠨ ᠢᠷᠡᠯᠳᠡ ᠥᠷᠭᠡᠨ᠂ ᠬᠡᠷᠡᠭᠯᠡᠭᠡᠨ᠎ᠤ ᠠᠬᠤᠢ ᠪᠠᠶ᠋ᠢᠳᠠᠯ ᠡᠯᠪᠡᠭ ᠪᠠᠶᠠᠯᠢᠭ᠂ ᠤᠰᠤᠲᠥ᠋ᠷᠥᠭᠴᠢ ᠦᠢ᠍ᠯᠡᠳᠬᠦ ᠲᠠᠯᠳᠠ ᠬᠦᠴᠦᠨ ᠯᠤᠲᠤ ᠶᠡᠭᠡ ᠪᠠᠶ᠋ᠢᠨ᠎ᠠ᠃  ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠤᠯ ᠣᠷᠳᠣᠰ ᠬᠤᠲᠠ᠎ᠪᠠᠷ ᠲᠥᠪ ᠪᠣᠯᠭ᠋ᠠᠨ᠂ ᠬᠥᠬᠡᠬᠤᠲᠠ᠂ ᠪᠤᠭᠤᠲᠤ ᠬᠤᠲᠠ ᠪᠠ ᠦᠬᠠᠶ ᠬᠤᠲᠠ ᠵᠡᠷᠭᠡ ᠬᠤᠲᠠ ᠵᠢᠨ ᠪᠥᠭᠡᠮᠨᠡᠷᠡᠯ᠎ᠢ ᠨᠥᠯᠥᠭᠡᠯᠡᠨ᠂ ᠣᠷᠳᠣᠰ ᠬᠥᠬᠡᠬᠤᠲᠠ ᠪᠤᠭᠤᠲᠤ ᠤᠯᠠᠭ᠋ᠠᠨᠴᠠᠪ᠎ᠤᠨ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠤᠷᠢᠳᠠᠪᠠᠷ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠵᠤ᠂ ᠪᠥᠬᠦ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭᠴᠢ ᠵᠢ ᠦᠢ᠍ᠯᠡᠳᠪᠦᠷᠢᠯᠡᠵᠦ ᠭᠠᠷᠭ᠋ᠠᠬᠤ ᠴᠢᠬᠤᠯᠠ ᠰᠠᠭᠤᠷᠢᠨ ᠭᠠᠵᠠᠷ᠂ ᠤᠰᠤᠲᠥ᠋ᠷᠥᠭᠴᠢ ᠡᠨᠧᠷᠭᠢ ᠵᠢᠨ ᠲᠣᠨᠤᠭ ᠲᠥᠬᠦᠭᠡᠷᠦᠮᠵᠢ ᠵᠢ ᠦᠢ᠍ᠯᠡᠳᠪᠦᠷᠢᠯᠡᠵᠦ ᠦᠢ᠍ᠯᠡᠳᠬᠦ ᠰᠠᠭᠤᠷᠢᠨ ᠭᠠᠵᠠᠷ᠂ ᠲᠦᠯᠡᠰᠢᠨ ᠳ᠋ᠢᠶᠠᠨ ᡂᠢ ᠵᠢᠨ ᠬᠦᠨᠳᠦ ᠠᠴᠢᠶᠠᠨ᠎ᠤ ᠮᠠᠰᠢᠨ᠎ᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠨᠣᠭᠤᠭ᠋ᠠᠨ ᠤᠰᠤᠲᠥ᠋ᠷᠥᠭᠴᠢ ᠵᠢᠨ ᠣᠯᠠᠨ ᠡᠰᠢᠲᠦ ᠬᠡᠷᠡᠭᠯᠡᠭᠡᠨ᠎ᠤ ᠰᠠᠭᠤᠷᠢᠨ ᠭᠠᠵᠠᠷ᠂ ᠤᠰᠤᠲᠥ᠋ᠷᠥᠭᠴᠢ ᠡᠨᠧᠷᠭᠢ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠰᠠᠭᠤᠷᠢᠨ ᠭᠠᠵᠠᠷ᠎ᠢ ᠴᠢᠷᠮᠠᠶ᠋ᠢᠨ ᠪᠥᠲᠥᠭᠡᠨ ᠪᠠᠶ᠋ᠢᠭᠤᠯᠪᠠ᠃  ᠥᠩᠭᠡ ᠦᠵᠡᠮᠵᠢ ᠵᠢᠨ ᠤᠰᠤᠲᠥ᠋ᠷᠥᠭᠴᠢ ᠵᠢ ᠬᠡᠷᠡᠭᠯᠡᠬᠦ ᠵᠢ ᠨᠢᠭᠡ ᠴᠣᠠᠠᠴᠠᠵᠢᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠢᠭᠡ ᠪᠦᠯᠦᠭ 《ᠰᠠᠯᠬᠢ ᠭᠡᠷᠡᠯ ᠤᠰᠤᠲᠥ᠋ᠷᠥᠭᠴᠢ ᠵᠢ ᠨᠥᠭᠡᠴᠡᠯᠡᠬᠦ》᠂ 《ᠡᠬᠢ ᠲᠣᠤᠷ᠎ᠤᠨ ᠳᠠᠭ᠋ᠠᠭ᠋ᠠᠴᠠ ᠵᠢᠨ ᠤᠰᠤᠲᠥ᠋ᠷᠥᠭᠴᠢ ᠵᠢ ᠨᠥᠭᠡᠴᠡᠯᠡᠬᠦ》 ᠵᠡᠷᠭᠡ ᠪᠣᠬᠢᠷᠲᠤᠯ ᠥᠬᠡᠶ ᠤᠰᠤᠲᠥ᠋ᠷᠥᠭᠴᠢ ᠵᠢ ᠦᠢ᠍ᠯᠡᠳᠬᠦ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠡᠩ ᠲᠡᠷᠢᠭᠦᠨ᠎ᠳᠤ ᠥᠷᠨᠢᠭᠦᠯᠵᠦ᠂ ᠰᠠᠯᠬᠢ ᠭᠡᠷᠡᠯ ᠴᠡᠨᠡᠭ ᠵᠶ᠋ᠠᠷ ᠤᠰᠤᠲᠥ᠋ᠷᠥᠭᠴᠢ ᠵᠢ ᠦᠢ᠍ᠯᠡᠳᠬᠦ ᠵᠢ ᠬᠡᠪᠴᠢᠶᠡᠵᠢᠭᠦᠯᠦᠨ ᠬᠥᠭᠵᠢᠭᠦᠯᠬᠦ ᠵᠢ ᠳᠥᠯᠭᠢᠨ ᠠᠬᠢᠭᠤᠯᠵᠤ᠂ ᠤᠰᠤᠲᠥ᠋ᠷᠥᠭᠴᠢ ᠵᠢᠨ ᠡᠨᠧᠷᠭᠢ᠎ᠪᠠᠷ ᠴᠠᠬᠢᠯᠭ᠋ᠠᠨ ᠬᠠᠩᠭ᠋ᠠᠵᠤ ᠢᠯᠴᠢ ᠬᠠᠩᠭ᠋ᠠᠬᠤ ᠬᠤᠳᠠᠯᠳᠤᠭ᠋ᠠᠨ᠎ᠤ ᠵᠠᠭᠪᠤᠷ᠎ᠢ ᠬᠠᠶ᠋ᠢᠨ ᠰᠦᠪᠡᠭᠴᠢᠯᠡᠨ᠎ᠡ᠃  ᠣᠳᠣᠬᠠᠨ᠎ᠳᠤ ᠪᠦᠬᠦ ᠣᠷᠣᠨ᠎ᠳᠤ ᠰᠠᠯᠬᠢᠨ ᠬᠦᠴᠦ ᠭᠡᠷᠡᠯ ᠴᠡᠨᠡᠭ ᠵᠶ᠋ᠠᠷ ᠤᠰᠤᠲᠥ᠋ᠷᠥᠭᠴᠢ ᠦᠢ᠍ᠯᠡᠳᠬᠦ ᠵᠢ ᠨᠢᠭᠡ ᠴᠣᠭᠴᠠᠵᠢᠭᠤᠯᠤᠭᠰᠠᠨ 39 ᠲᠥᠷᠥᠯ ᠵᠦᠢ᠍ᠯ᠎ᠢ ᠨᠢᠭᠡᠨᠲᠡ ᠴᠣᠬᠤᠯᠠᠪᠤᠷᠢᠯᠠᠨ ᠬᠡᠷᠡᠭᠵᠢᠭᠦᠯᠵᠦ᠂ ᠰᠢᠨ᠎ᠡ ᠡᠨᠧᠷᠭᠢ ᠵᠢᠨ ᠬᠡᠪᠴᠢᠶ᠎ᠡ 2136 ᠲᠦᠮᠡᠨ ᠺᠢᠯᠣᠸᠠᠲ᠎ᠲᠤ ᠬᠦᠷᠴᠦ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠪᠴᠢᠶ᠎ᠡ 85.5 ᠲᠦᠮᠡᠨ ᠲᠣᠨ᠎ᠳᠤ ᠬᠦᠷᠴᠡᠢ᠃ ᠮᠠᠨ᠎ᠤ ᠣᠷᠣᠨ ᠤᠯᠤᠰ᠎ᠤᠨ ᠳᠣᠲᠣᠭ᠋ᠠᠳᠤ᠎ᠳᠤ ᠲᠡᠷᠢᠭᠦᠯᠡᠭᠰᠡᠨ ᠨᠣᠭᠤᠭ᠋ᠠᠨ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠠᠶ᠋ᠢᠭᠤᠯᠬᠤ᠎ᠪᠠᠷ ᠬᠠᠷᠠᠯᠲᠠ ᠪᠣᠯᠭ᠋ᠠᠵᠤ᠂ ᠣᠳᠣᠬᠠᠨ᠎ᠳᠤ ᠨᠢᠭᠡᠨᠲᠡ ᠨᠣᠭᠤᠭ᠋ᠠᠨ ᠤᠰᠤᠲᠥ᠋ᠷᠥᠭᠴᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠂ ᠶᠢᠩ ᠪᠥᠸᠧ ᠱᠧᠩ ᠶᠤᠸᠠᠨ ᠵᠡᠷᠭᠡ ᠲᠡᠷᠢᠭᠦᠨ᠎ᠤ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ᠂ ᠵᠢᠯ᠎ᠳᠤ 450 ᠤᠰᠤᠲᠥ᠋ᠷᠥᠭᠴᠢ ᠵᠢ ᠢᠵᠢ ᠪᠦᠷᠢᠳᠦᠭᠦᠯᠬᠦ ᠲᠥᠬᠦᠭᠡᠷᠦᠮᠵᠢ ᠵᠢ ᠦᠢ᠍ᠯᠡᠳᠪᠦᠷᠢᠯᠡᠬᠦ ᠴᠢᠳᠠᠪᠤᠷᠢ ᠵᠢ ᠪᠡᠶᠡᠯᠡᠭᠦᠯᠪᠡ᠃

  《ᠡᠨᠡ ᠵᠢᠯ᠂ ᠥᠪᠥᠷ ᠮᠣᠩᠭᠤᠯ ᠪᠣᠬᠢᠷᠲᠤᠯ ᠦᠭᠡᠢ ᠤᠰᠤᠲᠥ᠋ᠷᠥᠭᠴᠢ ᠵᠢ 〈ᠵᠤᠬᠢᠶᠠᠬᠤ ᠨᠥᠭᠡᠴᠡᠯᠡᠬᠦ ᠳᠠᠮᠵᠢᠭᠤᠯᠬᠤ ᠬᠡᠷᠡᠭᠯᠡᠬᠦ〉 ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠪᠦᠬᠦ ᠤᠯᠤᠰ᠎ᠤᠨ ᠪᠣᠬᠢᠷᠲᠤᠯ ᠦᠭᠡᠢ ᠤᠰᠤᠲᠥ᠋ᠷᠥᠭᠴᠢ ᠵᠢ ᠤᠷᠢᠳ ᠵᠶ᠋ᠠᠷ ᠬᠡᠷᠡᠭᠵᠢᠭᠦᠯᠵᠦ ᠵᠢᠱ᠌ᠢᠶ᠎ᠡ ᠦᠵᠡᠭᠦᠯᠬᠦ ᠣᠷᠣᠨ᠎ᠢ ᠪᠦᠬᠦ ᠬᠦᠴᠦᠨ ᠵᠶ᠋ᠠᠷ ᠵᠶ᠋ᠠᠨ ᠪᠠᠶ᠋ᠢᠭᠤᠯᠵᠤ᠂ 2025 ᠣᠨ ᠪᠣᠯᠬᠤ᠎ᠳᠤ᠂ ᠤᠯᠤᠰ᠎ᠤᠨ ᠳᠣᠲᠣᠭ᠋ᠠᠳᠤ᠎ᠳᠤ ᠲᠡᠷᠢᠭᠦᠯᠡᠭᠰᠡᠨ ᠤᠰᠤᠲᠥ᠋ᠷᠥᠭᠴᠢ ᠡᠨᠧᠷᠭᠢ ᠵᠢ ᠦᠢ᠍ᠯᠡᠳᠬᠦ᠂ ᠬᠠᠳᠠᠭ᠋ᠠᠯᠠᠵᠤ ᠵᠥᠭᠡᠭᠡᠪᠦᠷᠢᠯᠡᠬᠦ ᠪᠠ ᠬᠡᠷᠡᠭᠯᠡᠬᠦ ᠵᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠪᠦᠯᠦᠭᠵᠢᠯ᠎ᠢ ᠠᠩᠬ᠎ᠠ ᠠᠯᠬᠤᠮ ᠪᠦᠷᠢᠯᠳᠦᠭᠦᠯᠬᠦ᠎ᠪᠠᠷ ᠴᠢᠷᠮᠠᠶ᠋ᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶᠠᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠬᠡᠯᠡᠪᠡ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
ᠬᠠᠨᠵᠢᠶᠠᠩ ᠮᠦᠷᠡᠨ᠎ᠳᠤ 2024 ᠣᠨ᠎ᠤ 1 ᠳ᠋ᠦ᠍ᠭᠡᠷ ᠦᠶᠡᠷ ᠡᠭᠦᠰᠪᠡ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠦᠶᠡᠷ ᠤᠰᠤᠲᠤᠯ᠎ᠢ ᠠᠷᠭ᠋ᠠᠴᠠᠬᠤ ᠶᠠᠪᠤᠴᠠ ᠵᠢ ᠲᠦᠷᠭᠡᠨ ᠪᠠᠢ᠌ᠷᠢᠯᠠᠭᠤᠯᠵᠠᠶ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ
ᠱᠸᠩ ᠰᠢᠶᠤᠤ ᠶᠢᠦ ᠤᠯᠠᠭ᠋ᠠᠨᠬᠠᠳᠠ ᠬᠣᠲᠠ ᠵᠢᠨ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠭᠰᠠᠨ ᠤᠰᠤᠨ ᠠᠰᠢᠭᠯᠠᠯᠲᠠ ᠵᠢᠨ ᠲᠥᠷᠥᠯ ᠵᠦᠢᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ ᠶᠡᠷᠦᠩᠬᠡᠶ ᠱᠦᠵᠢ ᠰᠢ ᠵᠢᠨ ᠫᠢᠩ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠵᠢ ᠰᠤᠷᠤᠯᠴᠠᠪᠠ
 
            