ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠢᠳᠡᠪᠬᠢᠲᠡᠶ ᠠᠬᠢᠭᠤᠯᠵᠤ 17 ᠵᠤᠷᠪᠤᠰ ᠠᠷᠭ᠎ᠠ ᠬᠡᠮᠵᠢᠶ᠎ᠡ ᠠᠪᠴᠤ ᠨᠡᠶ᠋ᠢᠲᠡ ᠵᠢᠨ ᠠᠰᠠᠷᠠᠮᠵᠢ ᠵᠢᠨ ᠬᠦᠴᠦᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ᠎ᠳᠤ ᠣᠷᠣᠯᠴᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠪᠡ
ᠨᠡᠶ᠋ᠢᠲᠡᠯᠡᠭᠰᠡᠨ ᠴᠠᠭ᠄ 2024-04-01

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ 7 ᠰᠠᠯᠠᠭ᠎ᠠ ᠮᠥᠴᠢᠷ ᠬᠠᠮᠲᠤᠷᠠᠨ 《ᠵᠠᠰᠠᠭ᠎ᠤᠨ ᠣᠷᠳᠣᠨ᠎ᠤ ᠠᠪᠤᠷᠠᠨ ᠲᠤᠰᠠᠯᠠᠬᠤ ᠪᠠ ᠨᠢᠭᠦᠯᠡᠰᠦᠩᠭᠦᠶ ᠵᠢᠨ ᠬᠠᠪᠰᠤᠷᠤᠨ ᠲᠡᠳᠬᠦᠬᠦ ᠵᠢ ᠪᠦᠲᠦᠮᠵᠢᠲᠡᠶ ᠵᠣᠯᠭ᠋ᠠᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》 (ᠳᠣᠷᠣᠭᠰᠢ 《ᠠᠷᠭ᠎ᠠ ᠬᠡᠮᠵᠢᠶ᠎ᠡ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠵᠠᠰᠠᠭ᠎ᠤᠨ ᠣᠷᠳᠣᠨ᠎ᠤ ᠠᠪᠤᠷᠠᠨ ᠲᠤᠰᠠᠯᠠᠬᠤ ᠪᠠ ᠨᠢᠭᠦᠯᠡᠰᠦᠩᠭᠦᠶ ᠵᠢᠨ ᠬᠠᠪᠰᠤᠷᠤᠨ ᠲᠡᠳᠬᠦᠬᠦ ᠠᠵᠢᠯ᠎ᠢ ᠵᠣᠯᠭ᠋ᠠᠭᠤᠯᠬᠤ ᠲᠣᠭᠲᠠᠴᠠ ᠵᠢ ᠪᠠᠶ᠋ᠢᠭᠤᠯᠬᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠠᠪᠴᠠᠩ᠎ᠢ ᠪᠠᠶ᠋ᠢᠭᠤᠯᠬᠤ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠬᠦᠴᠦᠨ ᠪᠠ ᠨᠡᠶ᠋ᠢᠭᠡᠮ᠎ᠤᠨ ᠠᠪᠤᠷᠠᠨ ᠲᠤᠰᠠᠯᠠᠬᠤ ᠵᠢᠨ ᠠᠷᠭ᠎ᠠ ᠵᠠᠮ᠎ᠤᠨ ᠰᠢᠨ᠎ᠡ ᠵᠢ ᠡᠭᠦᠳᠬᠦ᠂ ᠣᠨᠴᠠᠯᠢᠭᠲᠤ ᠨᠢᠭᠦᠯᠡᠰᠦᠩᠭᠦᠶ ᠵᠢᠨ ᠠᠵᠢᠯᠯᠠᠭ᠎ᠠ ᠪᠠ ᠨᠠᠷᠠᠲᠤ ᠲᠥᠷᠥᠯ ᠲᠡᠮᠳᠡᠭᠲᠦ ᠵᠢᠨ ᠲᠥᠷᠥᠯ ᠵᠦᠢ᠍ᠯ᠎ᠢ ᠪᠤᠶ᠋ᠢᠵᠢᠭᠤᠯᠤᠨ ᠪᠣᠶ ᠪᠣᠯᠭ᠋ᠠᠬᠤ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠬᠦᠴᠦᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ᠎ᠳᠤ ᠣᠷᠣᠯᠴᠠᠬᠤ ᠵᠢ ᠤᠷᠮᠠᠰᠢᠭᠤᠯᠤᠨ ᠳᠡᠮᠵᠢᠬᠦ ᠵᠢ ᠴᠢᠩᠭ᠋ᠠᠳᠬᠠᠬᠤ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ 6 ᠲᠠᠯ᠎ᠠ᠎ᠪᠠᠷ 17 ᠵᠤᠷᠪᠤᠰ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠬᠦᠴᠦᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ᠎ᠳᠤ ᠣᠷᠣᠯᠴᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠲᠤ ᠰᠠᠬᠢᠪᠠ᠃

   ᠠᠷᠭ᠎ᠠ ᠬᠡᠮᠵᠢᠶ᠎ᠡ᠎ᠳᠤ ᠳᠤᠷᠠᠳᠤᠭᠰᠠᠨ᠎ᠨᠢ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠶ ᠵᠢᠨ ᠬᠦᠴᠦᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ᠎ᠳᠤ ᠣᠷᠣᠯᠴᠠᠬᠤ ᠠᠷᠭ᠎ᠠ ᠵᠠᠮ᠎ᠢ ᠰᠢᠨᠡᠴᠢᠯᠡᠨ᠎ᠡ᠃ ᠠᠷᠠᠳ ᠢᠷᠭᠡᠨ᠂ ᠬᠠᠤᠯᠢ ᠵᠢᠨ ᠡᠷᠬᠡᠲᠡᠨ ᠵᠢᠴᠢ ᠪᠤᠰᠤᠳ ᠵᠣᠬᠢᠶᠠᠨ ᠪᠠᠶ᠋ᠢᠭᠤᠯᠤᠯᠲᠠ ᠵᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶ᠋ᠢᠭ᠋ᠠᠳ ᠨᠡᠶ᠋ᠢᠭᠡᠮ᠎ᠤᠨ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ᠂ ᠨᠢᠭᠦᠯᠡᠰᠦᠩᠭᠦᠶ ᠵᠢᠨ ᠮᠠᠩᠯᠠᠶ ᠨᠡᠷᠡᠳᠤ ᠰᠠᠭᠤᠷᠢ ᠮᠥᠩᠭᠦ ᠵᠡᠷᠭᠡ ᠵᠢ ᠪᠠᠶ᠋ᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠬᠦᠴᠦᠨ᠎ᠤ ᠬᠥᠭᠵᠢᠯᠲᠡ᠎ᠳᠤ ᠢᠳᠡᠪᠬᠢᠲᠡᠶ᠎ᠪᠠᠷ ᠨᠥᠬᠦᠴᠡᠯ ᠪᠦᠷᠢᠯᠳᠦᠭᠦᠯᠵᠦ ᠥᠭᠭᠦᠨ᠎ᠡ᠃  ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠵᠢ ᠳᠠᠶ᠋ᠢᠴᠢᠯᠠᠨ ᠬᠥᠲᠥᠯᠦᠨ ᠵᠢᠯᠣᠭᠤᠳᠴᠤ ᠪᠠᠶ᠋ᠢᠭ᠋ᠠᠳ ᠲᠦᠷᠢᠮ᠂ ᠲᠤᠬᠠᠶ᠋ᠢᠯᠠᠭᠰᠠᠨ ᠠᠵᠢᠯ᠎ᠤᠨ ᠬᠡᠪᠴᠢᠶ᠎ᠡ ᠪᠠ ᠲᠣᠰ ᠪᠡᠶ᠎ᠡ ᠵᠢᠨ ᠲᠤᠰᠬᠠᠶ ᠴᠢᠳᠠᠪᠤᠷᠢ ᠵᠢᠨ ᠳᠠᠪᠠᠭᠤᠯᠢᠭ ᠵᠶ᠋ᠠᠨ ᠦᠨᠳᠦᠰᠦᠯᠡᠨ᠂ ᠬᠦᠴᠢᠷᠳᠡᠯᠲᠡᠶ ᠣᠯᠠᠨ ᠲᠦᠮᠡᠨ᠎ᠤ ᠪᠣᠳᠠᠲᠠᠶ ᠬᠡᠷᠡᠭᠴᠡᠭᠡ᠎ᠳᠤ ᠴᠢᠭᠯᠡᠭᠦᠯᠦᠨ ᠨᠢᠭᠦᠯᠡᠰᠦᠩᠭᠦᠶ ᠵᠢᠨ ᠲᠥᠷᠥᠯ ᠵᠦᠢ᠍ᠯ᠎ᠢ ᠪᠠᠶ᠋ᠢᠭᠤᠯᠤᠨ᠎ᠠ᠃ ᠣᠷᠣᠯᠭ᠎ᠠ ᠪᠠᠭ᠎ᠠ ᠭᠡᠷ ᠪᠦᠯᠢ ᠵᠢᠨ ᠠᠮᠢᠳᠤᠷᠠᠯ ᠵᠶ᠋ᠠᠨ ᠥᠪᠡᠷ ᠵᠶ᠋ᠠᠨ ᠠᠷᠭ᠋ᠠᠴᠠᠵᠤ ᠳᠡᠶ᠋ᠢᠯᠬᠦ ᠦᠭᠡᠶ ᠨᠠᠰᠤᠲᠠᠶ᠋ᠢᠴᠤᠳ᠂ ᠨᠠᠰᠤᠨ᠎ᠳᠤ ᠦᠯᠦ ᠬᠦᠷᠦᠭᠰᠡᠳ᠂ ᠵᠡᠮᠳᠡᠭᠴᠦᠳ ᠵᠡᠷᠭᠡ ᠬᠦᠴᠢᠷᠳᠡᠯᠲᠡᠶ ᠬᠥᠮᠦᠰ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ ᠴᠢᠭᠯᠡᠭᠦᠯᠬᠦ ᠴᠢᠨᠠᠷᠲᠠᠶ᠎ᠪᠠᠷ ᠦᠢ᠍ᠯᠡᠴᠢᠯᠡᠭᠡᠨ᠎ᠤ ᠲᠥᠷᠥᠯ᠎ᠤᠨ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠬᠦ ᠬᠡᠷᠡᠭᠲᠡᠶ᠃  ᠣᠷᠣᠨ ᠨᠤᠲᠤᠭ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠬᠦᠴᠦᠨ᠎ᠢ ᠪᠣᠶ᠋ᠢᠵᠢᠭᠤᠯᠵᠤ᠂ ᠢᠨᠲ᠋ᠧᠷ ᠰᠦᠯᠵᠢᠶ᠎ᠡ ᠵᠢᠨ ᠨᠢᠭᠦᠯᠡᠰᠦᠩᠭᠦᠶ ᠵᠢ ᠬᠥᠭᠵᠢᠭᠦᠯᠦᠨ᠂ ᠪᠡᠯᠡ ᠮᠥᠩᠭᠥ ᠬᠤᠷᠠᠮᠳᠤᠭᠤᠯᠬᠤ ᠠᠷᠭ᠎ᠠ ᠵᠠᠮ᠎ᠢ ᠲᠠᠰᠤᠷᠠᠯᠲᠠ ᠤᠢ᠍ᠭᠡᠢ ᠥᠷᠭᠡᠳᠬᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠤᠬᠠᠭ᠋ᠠᠯᠠᠨ ᠰᠡᠳᠦᠵᠦ ᠣᠨᠴᠠᠯᠢᠭᠲᠤ ᠨᠢᠭᠦᠯᠡᠰᠦᠩᠭᠦᠶ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠢᠭᠦᠯᠡᠰᠦᠩᠭᠦᠶ ᠵᠢᠨ ᠨᠡᠷᠡᠲᠦ ᠲᠥᠷᠥᠯ ᠲᠡᠮᠳᠡᠭᠲᠦ ᠵᠢ ᠪᠤᠢ ᠪᠣᠯᠭ᠋ᠠᠵᠤ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃

  《ᠠᠷᠭ᠎ᠠ ᠬᠡᠮᠵᠢᠶ᠎ᠡ》᠎ᠳᠤ ᠲᠣᠭᠲᠠᠭ᠋ᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠣᠷᠣᠯᠭ᠎ᠠ ᠪᠠᠭ᠎ᠠ ᠬᠥᠮᠦᠨ ᠠᠮᠠ ᠵᠢᠨ ᠬᠥᠳᠡᠯᠦᠩᠭᠦᠶ ᠬᠢᠨᠠᠨ ᠬᠡᠮᠵᠢᠯᠲᠡ ᠵᠢᠨ ᠮᠡᠳᠡᠭᠡ ᠵᠠᠩᠭᠢ ᠵᠢᠨ ᠲᠠᠪᠴᠠᠩ᠂ 《ᠥᠪᠥᠷ ᠮᠣᠩᠭᠤᠯ᠎ᠤᠨ ᠠᠪᠤᠷᠠᠨ ᠲᠤᠰᠠᠯᠠᠯᠲᠠ ᠵᠢ ᠨᠡᠪᠲᠡᠷᠡᠭᠦᠯᠬᠦ》 ᠵᠡᠷᠭᠡ᠎ᠳᠤ ᠲᠦᠰᠢᠭᠯᠡᠨ᠂ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠵᠢᠨ ᠨᠡᠶ᠋ᠢᠭᠡᠮ᠎ᠤᠨ ᠠᠪᠤᠷᠠᠨ ᠲᠤᠰᠠᠯᠠᠬᠤ ᠮᠡᠳᠡᠭᠡ ᠵᠠᠩᠭᠢ ᠵᠢ ᠵᠣᠯᠭ᠋ᠠᠭᠤᠯᠬᠤ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠬᠡᠷᠡᠭᠴᠡᠭᠡ ᠵᠢᠴᠢ ᠵᠠᠰᠠᠭ᠎ᠤᠨ ᠣᠷᠳᠣᠨ᠎ᠤ ᠠᠪᠤᠷᠠᠨ ᠲᠤᠰᠠᠯᠠᠯᠲᠠ ᠪᠠ ᠨᠢᠭᠦᠯᠡᠰᠦᠩᠭᠦᠶ ᠵᠢᠨ ᠬᠠᠪᠰᠤᠷᠤᠨ ᠲᠡᠳᠬᠦᠮᠵᠢ ᠵᠢ ᠬᠦᠯᠢᠶᠡᠬᠦ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠵᠢ ᠴᠤᠭᠯᠠᠭᠤᠯᠵᠤ᠂ ᠬᠦᠴᠢᠷᠳᠡᠯᠲᠡᠶ ᠣᠯᠠᠨ ᠲᠦᠮᠡᠨ᠎ᠳᠤ ᠬᠠᠨᠳᠤᠯᠭ᠋ᠠᠲᠤ ᠴᠢᠨᠠᠷᠲᠠᠶ᠎ᠪᠠᠷ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠬᠡᠷᠡᠭᠲᠡᠶ᠃

   ᠪᠥᠬᠦ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠠᠰᠠ ᠵᠠᠰᠠᠭ᠎ᠤᠨ ᠣᠷᠳᠣᠨ᠎ᠤ ᠠᠪᠤᠷᠠᠨ ᠲᠤᠰᠠᠯᠠᠬᠤ ᠪᠠ ᠨᠢᠭᠦᠯᠡᠰᠦᠩᠭᠦᠶ ᠵᠢ ᠬᠠᠪᠰᠤᠷᠤᠨ ᠲᠡᠳᠬᠦᠬᠦ ᠵᠢ ᠪᠦᠲᠦᠮᠵᠢᠲᠡᠶ ᠵᠣᠯᠭ᠋ᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠎ᠤᠨ ᠬᠤᠯᠪᠣᠭ᠋ᠠᠯᠠᠨ ᠬᠥᠳᠡᠯᠦᠯᠴᠡᠵᠦ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠵᠢ ᠴᠢᠩᠭ᠋ᠠᠳᠬᠠᠨ᠂ ᠨᠢᠭᠦᠯᠡᠰᠦᠩᠭᠦᠶ ᠵᠢᠨ ᠡᠬᠢ ᠪᠠᠶᠠᠯᠢᠭ᠎ᠢ ᠢᠳᠡᠪᠬᠢᠲᠡᠶ᠎ᠪᠠᠷ ᠵᠣᠯᠭ᠋ᠠᠭᠤᠯᠵᠤ᠂ ᠬᠦᠴᠢᠷᠳᠡᠯᠲᠡᠶ ᠣᠯᠠᠨ ᠲᠦᠮᠡᠨ᠎ᠳᠤ ᠴᠢᠬᠤᠯᠠ ᠪᠥᠬᠦᠶ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠵᠢ ᠬᠠᠩᠭ᠋ᠠᠵᠤ᠂ ᠬᠦᠴᠢᠷᠳᠡᠯᠲᠡᠶ ᠣᠯᠠᠨ ᠲᠦᠮᠡᠨ᠎ᠤ ᠣᠯᠠᠨ ᠲᠠᠰ ᠳᠠᠪᠬᠤᠷᠭ᠎ᠠ ᠵᠢᠨ᠂ ᠣᠯᠠᠨ ᠶᠠᠩᠵᠤᠯᠠᠭᠰᠠᠨ᠂ ᠵᠥᠷᠢᠶᠡᠲᠦ ᠴᠢᠨᠠᠷᠲᠠᠶ ᠠᠪᠤᠷᠠᠨ ᠲᠤᠰᠠᠯᠠᠬᠤ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠥᠬᠡᠶ ᠬᠠᠩᠭ᠋ᠠᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠤᠷᠢᠭ᠎ᠠ ᠱᠤᠭᠤᠮ᠎ᠢ ᠪᠠᠲᠤ ᠰᠠᠬᠢᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠥᠬᠦ ᠤᠯᠤᠰ᠎ᠤᠨ ᠪᠣᠬᠢᠷᠲᠤᠯ ᠥᠬᠡᠶ ᠤᠰᠤᠲᠥ᠋ᠷᠥᠭᠴᠢ ᠵᠢ ᠤᠷᠢᠳ ᠵᠶ᠋ᠠᠷ ᠬᠡᠷᠡᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠥᠬᠦ ᠬᠦᠴᠦᠨ ᠵᠶ᠋ᠠᠷ ᠵᠶ᠋ᠠᠨ ᠴᠣᠭᠴᠠᠯᠠᠨ᠎ᠠ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠲᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ
ᠬᠠᠨᠵᠢᠶᠠᠩ ᠮᠦᠷᠡᠨ᠎ᠳᠤ 2024 ᠣᠨ᠎ᠤ 1 ᠳ᠋ᠦ᠍ᠭᠡᠷ ᠦᠶᠡᠷ ᠡᠭᠦᠰᠪᠡ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠦᠶᠡᠷ ᠤᠰᠤᠲᠤᠯ᠎ᠢ ᠠᠷᠭ᠋ᠠᠴᠠᠬᠤ ᠶᠠᠪᠤᠴᠠ ᠵᠢ ᠲᠦᠷᠭᠡᠨ ᠪᠠᠢ᠌ᠷᠢᠯᠠᠭᠤᠯᠵᠠᠶ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ
ᠱᠸᠩ ᠰᠢᠶᠤᠤ ᠶᠢᠦ ᠤᠯᠠᠭ᠋ᠠᠨᠬᠠᠳᠠ ᠬᠣᠲᠠ ᠵᠢᠨ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠭᠰᠠᠨ ᠤᠰᠤᠨ ᠠᠰᠢᠭᠯᠠᠯᠲᠠ ᠵᠢᠨ ᠲᠥᠷᠥᠯ ᠵᠦᠢᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
 
            