ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠱᠸᠩ ᠰᠢᠶᠤᠤ ᠶᠢᠦ ᠤᠯᠠᠭ᠋ᠠᠨᠬᠠᠳᠠ ᠬᠣᠲᠠ ᠵᠢᠨ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠭᠰᠠᠨ ᠤᠰᠤᠨ ᠠᠰᠢᠭᠯᠠᠯᠲᠠ ᠵᠢᠨ ᠲᠥᠷᠥᠯ ᠵᠦᠢᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2024-04-08

  4 ᠳ᠋ᠦ᠍ᠭᠡᠷ ᠰᠠᠷ᠎ᠠ ᠵᠢᠨ 2᠎ᠤᠨ ᠡᠳᠦᠷ᠎ᠠᠴᠠ 3᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠸᠩ ᠰᠢᠶᠤᠤ ᠶᠢᠦ ᠤᠯᠠᠭ᠋ᠠᠨᠬᠠᠳᠠ ᠬᠣᠲᠠ᠎ᠳᠤ ᠤᠯᠤᠰ᠎ᠤᠨ ᠵᠢᠭᠡᠯᠡᠯᠭᠡ ᠵᠢ ᠨᠡᠮᠡᠵᠦ ᠲᠠᠷᠬᠠᠭ᠋ᠠᠭᠰᠠᠨ ᠤᠰᠤᠨ ᠠᠰᠢᠭᠯᠠᠯᠲᠠ ᠵᠢᠨ ᠲᠥᠷᠥᠯ ᠵᠦᠢᠯ ᠪᠣᠯᠤᠨ ᠬᠡᠰᠡᠭ ᠭᠣᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ᠃ ᠲᠡᠷᠡ ᠴᠢᠬᠤᠯᠠᠴᠢᠯᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠤᠷᠢᠳ ᠵᠶ᠋ᠠᠷ ᠪᠣᠳᠣᠯᠬᠢᠯᠠᠬᠤ᠂ ᠣᠷᠣᠨ ᠵᠠᠶ ᠵᠢ ᠲᠡᠩᠴᠡᠭᠦᠷᠢᠲᠡᠶ ᠪᠠᠢ᠌ᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠮᠵᠢ ᠪᠣᠯᠤᠨ ᠤᠰᠤ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠴᠢᠨᠠᠷ ᠰᠠᠢ᠌ᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠥᠶ ᠠᠮᠤᠷ ᠲᠦᠪᠰᠢᠨ᠎ᠢ ᠨᠠᠩ ᠰᠠᠢ᠌ᠲᠤᠷ ᠨᠢᠭᠡᠳᠦᠯᠲᠡᠶ ᠲᠥᠯᠥᠪᠵᠢᠭᠦᠯᠵᠦ᠂ ᠤᠯᠤᠰ᠎ᠤᠨ ᠵᠢᠭᠡᠯᠡᠯᠭᠡ ᠵᠢ ᠨᠡᠮᠡᠵᠦ ᠲᠠᠷᠬᠠᠭ᠋ᠠᠬᠤ ᠲᠥᠷᠥᠯ ᠵᠦᠢᠯ᠎ᠤᠨ ᠬᠡᠷᠡᠭᠵᠢᠭᠦᠯᠦᠯᠲᠡ ᠵᠢ ᠯᠠᠪᠳᠠᠭᠤᠨ ᠪᠠᠲᠤᠲᠠᠶ ᠡᠮᠬᠢ ᠵᠢᠷᠤᠮ᠎ᠲᠠᠢ ᠠᠬᠢᠭᠤᠯᠵᠤ᠂ ᠪᠠᠯᠠ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠵᠦᠢᠯ᠎ᠤᠨ ᠢᠨᠵᠧᠨᠧᠷᠢᠩ᠎ᠢ ᠠᠷᠠᠳ᠎ᠤᠨ ᠰᠡᠳᠬᠢᠯ᠎ᠤᠨ ᠢᠨᠵᠧᠨᠧᠷᠢᠩ᠂ ᠴᠢᠨᠠᠷ ᠰᠠᠢ᠌ᠲᠠᠶ ᠢᠨᠵᠧᠨᠧᠷᠢᠩ᠂ ᠠᠷᠢᠭᠤᠨ ᠴᠢᠬᠡᠴᠢ ᠢᠨᠵᠧᠨᠧᠷᠢᠩ ᠪᠣᠯᠭ᠋ᠠᠨ ᠬᠦᠴᠦᠯᠡᠨ ᠪᠠᠢ᠌ᠭᠤᠯᠬᠤ ᠬᠡᠷᠡᠭᠲᠡᠶ ᠭᠡᠵᠡᠢ᠃


水利项目建设情况.png


   ᠱᠸᠩ ᠰᠢᠶᠤᠤ ᠶᠢᠦ ᠤᠷᠢᠳ ᠬᠣᠵᠢᠳ ᠪᠠᠭ᠋ᠠᠷᠢᠨ ᠪᠠᠷᠠᠭᠤᠨ ᠬᠣᠰᠢᠭᠤᠨ᠎ᠤ ᠨᠠᠨ ᠱᠠᠨ ᠵᠢᠵᠢᠭ ᠰᠠᠪᠠ ᠭᠠᠵᠠᠷ᠎ᠢ ᠶᠡᠷᠦᠩᠬᠡᠢ᠌ᠯᠡᠨ ᠵᠠᠰᠠᠬᠤ᠂ ᠲᠠᠯ᠎ᠠ ᠨᠤᠲᠤᠭ᠎ᠤᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠢᠨᠵᠧᠨᠧᠷᠢᠩ ᠪᠣᠯᠤᠨ ᠪᠠᠭ᠋ᠠᠷᠢᠨ ᠵᠡᠭᠦᠨ ᠬᠣᠰᠢᠭᠤᠨ᠎ᠤ ᠲᠠᠯᠠᠪᠤᠯᠠᠭ ᠭᠤᠤ ᠵᠢ ᠵᠠᠰᠠᠬᠤ᠂ ᠬᠣᠩ ᠰᠢᠩ ᠤᠰᠤᠯᠠᠯᠲᠠ ᠵᠢᠨ ᠣᠷᠣᠨ᠂ ᠬᠣᠯᠪᠣᠭ᠋ᠠᠲᠤ ᠰᠤᠪᠠᠭ᠎ᠤᠨ ᠡᠬᠢᠨ᠎ᠤ ᠤᠰᠤ ᠵᠢ ᠡᠪᠳᠡᠨ ᠰᠡᠷᠭᠦᠭᠡᠬᠦ ᠢᠨᠵᠧᠨᠧᠷᠢᠩ ᠵᠢᠴᠢ ᠣᠩᠨᠢᠭᠤᠳ ᠬᠣᠰᠢᠭᠤᠨ᠎ᠤ ᠰᠢᠷᠠᠮᠥ᠋ᠷᠡᠨ ᠭᠣᠣᠯ᠎ᠢ ᠵᠠᠰᠠᠬᠤ ᠢᠨᠵᠧᠨᠧᠷᠢᠩ᠎ᠤᠨ ᠪᠦᠳᠦᠭᠡᠨ ᠪᠠᠢ᠌ᠭᠤᠯᠤᠯᠲᠠ ᠵᠢᠨ ᠲᠤᠬᠠᠢ ᠵᠢᠨ ᠭᠠᠵᠠᠷ᠎ᠲᠤ ᠬᠦᠷᠴᠦ᠂ ᠢᠨᠵᠧᠨᠧᠷᠢᠩ᠎ᠤᠨ ᠪᠦᠳᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠦᠨᠳᠦᠰᠦᠨ ᠱᠠᠲᠤᠨ᠎ᠤ ᠠᠵᠢᠯᠳᠠᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠤᠯᠠᠭ᠋ᠠᠨᠬᠠᠳᠠ ᠬᠤᠳᠠ ᠵᠢᠨ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠬᠤ ᠤᠰᠤᠨ ᠠᠰᠢᠭᠯᠠᠯᠲᠠ ᠵᠢᠨ ᠲᠦᠷᠦᠯ ᠵᠦᠢ᠍ᠯ᠎ᠤᠨ ᠠᠬᠢᠴᠠ᠂ ᠪᠠᠷᠠᠭᠤᠨ ᠯᠢᠶᠣᠤᠾᠧ ᠭᠣᠣᠯ᠎ᠤᠨ ᠬᠠᠪᠤᠷ᠎ᠤᠨ ᠤᠯᠠᠷᠢᠯ᠎ᠤᠨ ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ ᠪᠣᠯᠤᠨ ᠬᠡᠰᠡᠭ ᠭᠣᠣᠯᠳᠠᠯᠭ᠎ᠠ᠎ᠲᠠᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠪᠠ᠃


水利项目建设情况2.png


   ᠱᠸᠩ ᠰᠢᠶᠤᠤ ᠶᠢᠦ ᠴᠢᠬᠤᠯᠠᠴᠢᠯᠠᠭᠰᠠᠨ᠎ᠨᠢ᠂ ᠤᠯᠠᠭ᠋ᠠᠨᠬᠠᠳᠠ ᠬᠣᠲᠠ ᠵᠢᠨ ᠨᠡᠮᠡᠵᠦ ᠲᠠᠷᠬᠠᠭ᠋ᠠᠭᠰᠠᠨ ᠤᠯᠤᠰ᠎ᠤᠨ ᠵᠢᠭᠡᠯᠡᠯᠭᠡ ᠵᠢᠨ ᠪᠠᠯᠠ ᠮᠥᠩᠭᠥ ᠤᠰᠤᠨ ᠠᠰᠢᠭᠯᠠᠯᠲᠠ ᠵᠢᠨ ᠲᠥᠷᠥᠯ ᠵᠦᠢᠯ ᠨᠡᠯᠢᠶᠡᠳ ᠣᠯᠠᠨ᠂ ᠡᠭᠦᠷᠭᠡ ᠨᠡᠯᠢᠶᠡᠳ ᠬᠦᠨᠳᠦ ᠪᠠᠢ᠌ᠵᠤ᠂ ᠠᠵᠢᠯ᠎ᠤᠨ ᠦᠷ᠎ᠡ ᠪᠦᠲᠦᠮᠵᠢ᠎ᠨᠢ ᠪᠥᠬᠥ ᠣᠷᠣᠨ᠎ᠤ ᠤᠯᠤᠰ᠎ᠤᠨ ᠵᠢᠭᠡᠯᠡᠯᠭᠡ ᠵᠢᠨ ᠤᠰᠤᠨ ᠠᠰᠢᠭᠯᠠᠯᠲᠠ ᠵᠢᠨ ᠲᠥᠷᠥᠯ ᠵᠦᠢᠯ᠎ᠤᠨ ᠠᠬᠢᠴᠠ᠎ᠲᠠᠢ ᠰᠢᠭᠤᠳ ᠬᠣᠯᠪᠣᠭᠳᠠᠨ᠎ᠠ᠃ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠬᠡᠷᠡᠭᠵᠢᠭᠦᠯᠦᠯᠲᠡ ᠵᠢ ᠴᠢᠨᠠᠷ ᠰᠠᠢ᠌ᠲᠠᠶ ᠠᠬᠢᠭᠤᠯᠵᠤ᠂ ᠪᠠᠯᠠ ᠮᠥᠩᠭᠥ ᠪᠣᠯᠤᠨ ᠴᠢᠬᠤᠯᠠ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠨ᠂ ᠴᠣᠬᠣᠯᠠᠪᠤᠷᠢ ᠵᠢᠨ ᠠᠭᠤᠯᠭ᠎ᠠ ᠵᠢ ᠴᠢᠩᠭ᠎ᠠ ᠵᠢᠷᠤᠮᠯᠠᠨ ᠢᠨᠵᠧᠨᠧᠷᠢᠩ᠎ᠤᠨ ᠪᠥᠲᠥᠭᠡᠨ ᠪᠠᠢ᠌ᠭᠤᠯᠤᠯᠲᠠ ᠬᠢᠵᠦ᠂ ᠢᠨᠵᠧᠨᠧᠷᠢᠩ᠎ᠤᠨ ᠶᠠᠰᠤ ᠴᠢᠨᠠᠷ ᠪᠣᠯᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠤᠷ᠎ᠠ᠂ ᠢᠨᠵᠧᠨᠧᠷᠢᠩ᠎ᠤᠨ ᠪᠥᠲᠥᠭᠡᠨ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠵᠦ᠂ ᠨᠠᠩ ᠣᠯᠠᠨ ᠪᠣᠳᠠᠲᠤ ᠠᠵᠢᠯ᠎ᠤᠨ ᠬᠡᠮᠵᠢᠶ᠎ᠡ ᠵᠢ ᠪᠦᠷᠢᠯᠳᠦᠭᠦᠯᠬᠦ ᠬᠡᠷᠡᠭᠲᠡᠶ᠃ ᠪᠡᠯᠡ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ ᠶᠣᠰᠣᠭ᠋ᠠᠷ ᠪᠡᠯᠡ ᠮᠥᠩᠭᠥ ᠵᠢ ᠬᠡᠷᠡᠭᠯᠡᠵᠦ᠂ ᠲᠥᠷᠥᠯ ᠵᠦᠢ᠍ᠯ᠎ᠢ ᠬᠡᠷᠡᠭᠵᠢᠭᠦᠯᠦᠭᠰᠡᠨ ᠠᠬᠢᠴᠠ ᠶᠣᠰᠣᠭ᠋ᠠᠷ ᠴᠠᠭ ᠲᠤᠬᠠᠶ᠎ᠳᠤᠨᠢ ᠥᠭᠴᠦ ᠪᠣᠳᠠᠲᠠᠢ᠌ᠵᠢᠭᠤᠯᠤᠨ᠂ ᠬᠣᠢ᠌ᠰᠢᠯᠠᠭᠤᠯᠤᠨ ᠥᠭᠬᠦ ᠪᠤᠶᠤ ᠠᠬᠢᠴᠠ᠎ᠠᠴᠠ ᠬᠡᠲᠦᠷᠡᠭᠦᠯᠦᠨ ᠥᠭᠴᠦ ᠪᠣᠯᠬᠤ ᠦᠭᠡᠶ᠂ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢ ᠰᠠᠭ᠋ᠠᠲᠠᠭ᠋ᠠᠬᠤ᠂ ᠲᠤᠩᠭ᠋ᠠᠬᠤ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠦᠭᠡᠶ᠂ ᠵᠢᠯ᠎ᠤᠨ ᠡᠴᠦᠰ᠎ᠲᠤ ᠱᠠᠯᠠᠪᠳᠠᠨ ᠥᠭᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃ ᠢᠨᠵᠧᠨᠧᠷᠢᠩ᠎ᠤᠨ ᠶᠠᠰᠤ ᠴᠢᠨᠠᠷ ᠪᠣᠯᠤᠨ ᠠᠮᠤᠷ ᠲᠦᠪᠰᠢᠨ᠎ᠢ ᠪᠦᠬᠦ ᠬᠦᠴᠦᠨ ᠵᠶ᠋ᠡᠷ ᠵᠶ᠋ᠡᠨ ᠪᠠᠲᠤᠯᠠᠵᠤ᠂ ᠵᠠᠭᠤᠨ ᠵᠢᠯ᠎ᠤᠨ ᠶᠡᠬᠡ ᠪᠣᠳᠣᠯᠭ᠎ᠠ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠨ᠂ ᠶᠠᠰᠤ ᠴᠢᠨᠠᠷ᠎ᠢ ᠨᠠᠰᠤᠨ ᠲᠤᠷᠰᠢᠳᠠ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ᠂ ᠢᠨᠵᠧᠨᠧᠷᠢᠩ᠎ᠤᠨ ᠶᠠᠰᠤ ᠴᠢᠨᠠᠷ᠎ᠤᠨ ᠪᠣᠭᠣᠮᠲᠠ᠂ ᠢᠨᠵᠧᠨᠧᠷᠢᠩ᠎ᠤᠨ ᠠᠮᠤᠷ ᠲᠦᠪᠰᠢᠨ᠎ᠤ ᠪᠣᠭᠣᠮᠲᠠ᠂ ᠪᠠᠢ᠌ᠭᠤᠯᠵᠤ ᠪᠠᠢ᠌ᠭ᠎ᠠ ᠢᠨᠵᠧᠨᠧᠷᠢᠩ᠎ᠤᠨ ᠦᠶᠡᠷ᠎ᠤᠨ ᠬᠤᠭᠤᠴᠠᠭ᠎ᠠ ᠵᠢ ᠥᠩᠭᠡᠷᠡᠭᠦᠯᠬᠦ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠶ ᠭᠡᠵᠡᠢ᠃

   ᠶᠡᠬᠡ ᠲᠠᠯ᠎ᠠ ᠵᠢᠨ ᠤᠬᠠᠮᠰᠠᠷ᠎ᠢ ᠪᠠᠲᠤ ᠪᠤᠢ ᠪᠣᠯᠭ᠋ᠠᠵᠤ᠂ ᠳᠡᠭᠡᠳᠦ ᠲᠤᠤᠷᠠᠳᠦ ᠤᠷᠤᠰᠬᠠᠯ᠎ᠤᠨ 《ᠨᠢᠭᠡ ᠬᠥᠯᠭᠡ ᠰᠢᠳᠠᠷ᠎ᠠ》 ᠪᠣᠯᠬᠤ ᠦᠵᠡᠯ ᠰᠠᠨᠠᠭ᠎ᠠ ᠪᠣᠯᠤᠨ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠬᠦᠴᠦ᠎ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠵᠤ᠂ ᠪᠠᠷᠠᠭᠤᠨ ᠯᠢᠶᠤᠤᠾᠸ ᠭᠣᠣᠯ᠎ᠤᠨ ᠠᠮᠢ ᠠᠬᠤᠢ ᠣᠷᠴᠢᠨ ᠲᠣᠭᠣᠷᠢᠨ᠎ᠤ ᠰᠡᠷᠭᠦᠯᠲᠡ ᠵᠢ ᠬᠠᠮᠲᠤ᠎ᠪᠠᠷ ᠠᠬᠢᠭᠤᠯᠬᠤ ᠬᠡᠷᠡᠭᠲᠡᠢ᠃ 《ᠰᠢᠰᠲ᠋ᠧᠮ᠎ᠨᠢ ᠪᠦᠷᠢᠨ ᠲᠡᠭᠦᠯᠳᠡᠷ᠂ ᠠᠮᠤᠷ ᠲᠦᠪᠰᠢᠨ ᠨᠠᠢ᠌ᠳᠠᠪᠤᠷᠢᠲᠠᠶ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠪᠥᠭᠡᠳ ᠣᠶᠤᠨᠴᠢ᠂ ᠡᠷᠭᠢᠯᠲᠡ᠎ᠨᠢ ᠰᠠᠭ᠋ᠠᠳ ᠥᠬᠡᠶ᠂ ᠲᠣᠬᠢᠷᠠᠭᠤᠯᠭ᠎ᠠ ᠡᠵᠡᠮᠰᠢᠯ᠎ᠨᠢ ᠡᠮᠬᠢ ᠵᠢᠷᠤᠮ᠎ᠲᠠᠢ》 ᠪᠠᠢ᠌ᠬᠤ ᠬᠠᠷᠠᠯᠲᠠ ᠵᠢᠨ ᠱᠠᠭ᠋ᠠᠷᠳᠠᠯᠭ᠎ᠠ ᠶᠣᠰᠣᠭ᠋ᠠᠷ᠂ 《ᠳᠥᠷᠪᠡᠨ ᠤᠰᠤ ᠳᠥᠷᠪᠡᠨ ᠲᠣᠭᠲᠠᠭ᠋ᠠᠯ》᠎ᠤᠨ ᠵᠠᠷᠴᠢᠮ᠎ᠢ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠢᠵᠠᠭ᠋ᠠᠷᠯᠠᠬᠤ ᠦᠢᠯᠡᠳᠦᠯ᠎ᠢ ᠪᠠᠳᠠᠷᠠᠭᠤᠯᠤᠨ᠂ ᠤᠯᠠᠭ᠋ᠠᠨᠬᠠᠳᠠ ᠬᠣᠲᠠ ᠵᠢᠨ ᠤᠰᠤᠨ ᠲᠣᠤᠷ᠎ᠤᠨ ᠲᠥᠯᠥᠪᠵᠢᠭᠦᠯᠭᠡ ᠵᠢᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠵᠦ᠂ ᠤᠯᠠᠭ᠋ᠠᠨᠬᠠᠳᠠ ᠬᠣᠲᠠ ᠵᠢᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠴᠢᠳᠠᠪᠤᠷᠢ᠂ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠷᠠᠭᠤᠯᠬᠤ ᠬᠡᠷᠡᠭᠲᠡᠶ᠃

   ᠤᠯᠠᠭ᠋ᠠᠨᠬᠠᠳᠠ ᠬᠣᠲᠠ ᠵᠢᠨ ᠳᠡᠳ᠋ ᠳᠠᠷᠤᠭ᠎ᠠ ᠹᠦ᠋ ᠱᠸᠦ ᠯᠢ᠂ ᠤᠰᠤᠨ ᠠᠰᠢᠭᠯᠠᠯᠲᠠ ᠵᠢᠨ ᠲᠢᠩᠬᠢᠮ᠎ᠤᠨ ᠬᠣᠯᠪᠣᠭᠳᠠᠯ ᠪᠥᠬᠥᠶ ᠭᠠᠵᠠᠷ ᠠᠯᠪᠠᠨ ᠬᠡᠷ᠂ ᠤᠯᠠᠭ᠋ᠠᠨᠬᠠᠳᠠ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠴᠢ ᠬᠣᠯᠪᠣᠭᠳᠠᠯ ᠪᠥᠬᠥᠶ ᠬᠣᠰᠢᠭᠤ ᠰᠢᠶᠠᠨ᠎ᠤ ᠬᠠᠷᠢᠭᠤᠴᠠᠯᠭ᠋ᠠᠲᠠᠨ ᠨᠥᠬᠥᠳ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ ᠶᠡᠷᠦᠩᠬᠡᠶ ᠱᠦᠵᠢ ᠰᠢ ᠵᠢᠨ ᠫᠢᠩ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠵᠢ ᠰᠤᠷᠤᠯᠴᠠᠪᠠ
ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ ᠲᠡᠮᠳᠡᠭ᠎ᠢ ᠨᠡᠢ᠌ᠲᠡᠯᠡᠪᠡ
ᠥᠪᠥᠷ ᠮᠣᠩᠭᠤᠯ ᠵᠣᠯ ᠵᠢᠷᠭ᠋ᠠᠯᠲᠤ ᠭᠤᠣᠯ ᠮᠥᠷᠡᠨ ᠨᠠᠭᠤᠷ ᠴᠥᠭᠦᠷᠥᠮ᠎ᠢ ᠦᠷᠭᠦᠯᠵᠢᠯᠡᠨ ᠬᠦᠴᠦᠯᠡᠨ ᠪᠠᠶ᠋ᠢᠭᠤᠯᠪᠠ
ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠬᠯᠠᠯᠲᠠ ᠵᠢᠨ ᠶᠠᠮᠤᠨ ᠳᠦᠪ᠎ᠤᠨ ᠤᠰᠤᠨ ᠠᠰᠢᠬᠯᠠᠯᠲᠠ ᠵᠢᠨ ᠭᠠᠮᠰᠢᠭ ᠎ᠠᠴᠠ ᠠᠪᠤᠷᠠᠬᠤ ᠪᠡᠯᠡ ᠮᠦᠩᠭᠦ ᠵᠢ 1.74 ᠳ᠋ᠦᠩᠰᠢᠭᠤᠷ ᠳᠦᠭᠦᠷᠢᠭ ᠲᠤᠭᠢᠷᠠᠭᠤᠯᠵᠤ᠂ ᠶᠦᠨᠨᠠᠨ ᠰᠸᠴᠤᠸᠠᠨ᠎ᠤ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠬᠠᠩᠭ᠋ᠠᠬᠤ ᠵᠢ ᠪᠠᠲᠤᠯᠠᠬᠤ ᠠᠵᠢᠯ ᠦᠷᠨᠢᠭᠦᠯᠬᠦ ᠵᠢ ᠳᠡᠮᠵᠢᠪᠡ
ᠮᠠᠨ᠎ᠤ ᠣᠷᠣᠨ᠎ᠤ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ
 
            