ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ ᠶᠡᠷᠦᠩᠬᠡᠶ ᠱᠦᠵᠢ ᠰᠢ ᠵᠢᠨ ᠫᠢᠩ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠵᠢ ᠰᠤᠷᠤᠯᠴᠠᠪᠠ
ᠨᠡᠶ᠋ᠢᠲᠡᠯᠡᠭᠰᠡᠨ ᠴᠠᠭ᠄ 2024-04-07

  4  ᠳ᠋ᠦ᠍ᠭᠡᠷ ᠰᠠᠷ᠎ᠠ ᠵᠢᠨ 7᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠢ ᠭᠦᠸᠧ ᠶᠢᠩ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠵᠢ ᠲᠤᠰᠬᠠᠶ ᠰᠡᠳᠦᠪ ᠵᠶ᠋ᠡᠷ ᠰᠤᠷᠤᠯᠴᠠᠪᠠ᠃ ᠶᠠᠮᠤᠨ᠎ᠤ ᠤᠳᠤᠷᠢᠳᠤᠯᠭ᠎ᠠ ᠸᠠᠩ ᠳ᠋ᠤᠤ ᠰᠢ᠂ ᠯᠢᠦ ᠸᠧᠢ ᠫᠢᠩ᠂ ᠵᠦ᠍ ᠴᠧᠩ ᠴᠢᠩ᠂ ᠴᠧᠨ ᠮᠢᠨ᠂ ᠯᠢ ᠯᠢᠶᠠᠩ ᠱᠧᠩ ᠰᠤᠷᠤᠯᠴᠠᠯᠭ᠎ᠠ᠎ᠳᠤ ᠣᠷᠣᠯᠴᠠᠪᠠ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ᠎ᠨᠢ ᠶᠠᠭᠤ ᠵᠢ ᠴᠢᠨᠠᠷ ᠰᠠᠢ᠌ᠲᠠᠶ ᠬᠥᠭᠵᠢᠯᠲᠡ ᠭᠡᠬᠦ᠂ ᠴᠢᠨᠠᠷ ᠰᠠᠢ᠌ᠲᠠᠶ ᠬᠥᠭᠵᠢᠯᠲᠡ ᠵᠢ ᠬᠡᠷᠬᠢᠨ ᠪᠡᠶᠡᠯᠡᠭᠦᠯᠬᠦ ᠵᠡᠷᠭᠡ ᠠᠯᠢ ᠣᠯᠠᠨ ᠴᠢᠬᠤᠯᠠ ᠶᠡᠬᠡ ᠣᠨᠣᠯ᠎ᠤᠨ ᠪᠠ ᠦᠢᠯᠡᠳᠦᠯᠭᠡ ᠵᠢᠨ ᠠᠰᠠᠭᠤᠳᠠᠯ᠎ᠳᠤ ᠰᠢᠰᠲ᠋ᠧᠮ᠎ᠲᠠᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠬᠥᠭᠵᠢᠯᠲᠡ᠎ᠳᠤ ᠦᠨᠳᠦᠰᠦᠨ ᠵᠢᠷᠤᠮᠯᠠᠯ ᠬᠠᠩᠭ᠋ᠠᠪᠠ᠃  ᠶᠡᠷᠦᠩᠬᠡᠶ ᠱᠦᠵᠢ ᠰᠢ ᠵᠢᠨ ᠫᠢᠩ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠰᠡᠳᠬᠢᠮᠵᠢ ᠪᠣᠯᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠤᠨ᠂ ᠲᠡᠭᠦᠨ᠎ᠤ ᠶᠢᠷᠲᠢᠨᠴᠦ ᠵᠢᠨ ᠦᠵᠡᠯᠲᠡ᠂ ᠠᠷᠭ᠎ᠠ ᠵᠢᠨ ᠣᠨᠣᠯ ᠪᠣᠯᠤᠨ ᠲᠡᠭᠦᠨ᠎ᠳᠤ ᠲᠤᠭᠤᠰᠢᠯᠠᠭᠳᠠᠵᠤ ᠪᠠᠢ᠌ᠭ᠎ᠠ ᠵᠣᠭᠰᠣᠯᠲᠠ ᠦᠵᠡᠯᠲᠡ ᠠᠷᠭ᠎ᠠ ᠵᠢ ᠣᠨᠣᠪᠴᠢᠲᠠᠶ ᠡᠵᠡᠮᠳᠡᠵᠦ᠂ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢᠯᠡᠰ᠎ᠢ ᠪᠥᠬᠥ ᠲᠠᠯ᠎ᠠ᠎ᠪᠠᠷ ᠠᠬᠢᠭᠤᠯᠬᠤ᠎ᠳᠤ ᠤᠰᠤᠨ᠎ᠤ ᠠᠮᠤᠷ ᠲᠦᠪᠰᠢᠨ᠎ᠤ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠡᠢ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠥᠶ ᠠᠮᠤᠷ ᠲᠦᠪᠰᠢᠨ᠎ᠤ ᠬᠠᠷᠢᠴᠠᠭ᠎ᠠ ᠵᠢ ᠵᠥᠪ ᠰᠢᠢᠳᠪᠦᠷᠢᠯᠡᠵᠦ᠂ ᠠᠶᠤᠯ ᠲᠦᠭᠰᠢᠭᠦᠷᠢ ᠵᠢᠨ ᠤᠬᠠᠮᠰᠠᠷ᠂ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠬᠣᠷᠢᠭ᠎ᠠ ᠱᠤᠭᠤᠮ᠎ᠤᠨ ᠰᠡᠳᠬᠢᠬᠦᠶ᠂ ᠲᠤᠢ᠌ᠯᠰᠢᠷᠠᠯ᠎ᠤᠨ ᠰᠡᠳᠬᠢᠬᠦᠶ ᠵᠢ ᠪᠠᠲᠤ ᠪᠣᠶ ᠪᠣᠯᠭ᠋ᠠᠵᠤ᠂ ᠤᠰᠤᠨ᠎ᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠶ᠃ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠪᠣᠯᠤᠨ ᠥᠨᠳᠥᠷ ᠲᠦᠪᠰᠢᠨ᠎ᠲᠠᠢ ᠬᠠᠮᠠᠭ᠋ᠠᠯᠠᠯᠲᠠ ᠵᠢᠨ ᠬᠠᠷᠢᠴᠠᠭ᠎ᠠ ᠵᠢ ᠵᠥᠪ ᠰᠢᠢ᠍ᠳᠪᠦᠷᠢᠯᠡᠵᠦ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠠᠬᠢᠭᠤᠯᠬᠤ ᠬᠡᠷᠡᠭᠲᠡᠢ᠃ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠪᠣᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠠᠷᠢᠴᠠᠭ᠎ᠠ ᠵᠢ ᠵᠥᠪ ᠰᠢᠢ᠍ᠳᠪᠦᠷᠢᠯᠡᠵᠦ᠂ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠵᠢᠯᠣᠭᠣᠳᠤᠮᠵᠢ ᠪᠣᠯᠭ᠋ᠠᠵᠤ᠂ ᠥᠨᠳᠥᠷ ᠬᠡᠪ ᠪᠣᠯᠪᠠᠰᠤᠷᠠᠯ᠎ᠲᠠᠢ ᠲᠤᠰᠬᠠᠢ᠌ᠵᠢᠭᠰᠠᠨ ᠤᠰᠤᠨ ᠠᠰᠢᠭᠯᠠᠯᠲᠠ ᠵᠢᠨ ᠺᠠᠳ᠋ᠷ ᠴᠢᠳᠠᠪᠤᠷᠢᠲᠠᠨ᠎ᠤ ᠡᠩᠨᠡᠭᠡ᠎ᠪᠠᠷ ᠲᠤᠯᠭ᠋ᠠᠭᠤᠷᠢᠯᠠᠯ ᠪᠣᠯᠭ᠋ᠠᠵᠤ᠂ ᠤᠰᠤᠨ ᠠᠰᠢᠭᠯᠠᠯᠲᠠ ᠵᠢᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠶᠡᠬᠡ᠎ᠪᠠᠷ ᠬᠥᠭᠵᠢᠭᠦᠯᠵᠦ᠂ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠰᠢᠨ᠎ᠡ ᠬᠥᠳᠡᠯᠭᠡᠬᠦ ᠡᠨᠧᠷᠭᠢ ᠵᠢ ᠲᠠᠰᠤᠷᠠᠯᠳᠠ ᠦᠭᠡᠢ ᠪᠤᠢ ᠪᠣᠯᠭ᠋ᠠᠬᠤ ᠬᠡᠷᠡᠭᠲᠡᠢ ᠭᠡᠵᠡᠢ᠃

   ᠬᠤᠷᠠᠯ᠎ᠠᠴᠠ ᠱᠠᠭ᠋ᠠᠷᠳᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠪᠠ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢᠨ ᠪᠣᠷᠣ ᠲᠥᠯᠥᠪ᠎ᠤᠨ ᠰᠢᠰᠲ᠋ᠧᠮ᠎ᠢ ᠪᠠᠢ᠌ᠭᠤᠯᠵᠤ᠂ ᠦᠶᠡᠷ ᠭᠠᠩ᠎ᠤᠨ ᠭᠠᠮᠰᠢᠭ᠎ᠢ ᠰᠡᠷᠭᠡᠢ᠌ᠯᠡᠬᠦ 《ᠭᠤᠷᠪᠠᠨ ᠶᠡᠬᠡ       ᠰᠢᠰᠲ᠋ᠧᠮ》᠎ᠢ ᠲᠡᠭᠦᠯᠳᠡᠷᠵᠢᠭᠦᠯᠬᠦ᠂ ᠤᠯᠤᠰ᠎ᠤᠨ ᠤᠰᠤᠨ ᠲᠣᠤᠷ᠎ᠤᠨ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠬᠦ᠂ ᠭᠣᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠣᠷᠴᠢᠨ ᠲᠣᠭᠣᠷᠢᠨ᠎ᠢ ᠰᠡᠷᠭᠦᠭᠡᠬᠦ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢ ᠪᠥᠲᠥᠭᠡᠨ ᠪᠠᠢ᠌ᠭᠤᠯᠬᠤ᠂ ᠤᠰᠤ ᠠᠷᠪᠢᠯᠠᠬᠤ ᠲᠦᠷᠢᠮ ᠲᠥᠷᠥ ᠵᠢᠨ ᠪᠣᠳᠣᠯᠭ᠎ᠠ ᠵᠢ ᠪᠠᠢ᠌ᠭᠤᠯᠤᠨ ᠪᠦᠷᠢᠨᠰᠢᠭᠦᠯᠬᠦ᠂ ᠪᠠᠢ᠌ᠭᠤᠯᠤᠮᠵᠢ ᠲᠣᠭᠲᠠᠴᠠ ᠵᠢᠨ ᠬᠠᠥᠯᠢ᠎ᠪᠠᠷ ᠵᠠᠰᠠᠬᠤ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠭᠣᠤᠯᠳᠠᠯᠭ᠎ᠠ᠎ᠲᠠᠢ ᠠᠵᠢᠯ᠎ᠢ ᠰᠠᠢ᠌ᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠤᠰᠤᠨ ᠠᠰᠢᠭᠯᠠᠯᠲᠠ ᠵᠢᠨ ᠬᠠᠭᠤᠳᠠᠰᠤ ᠵᠢ ᠠᠯᠬᠤᠮ ᠠᠯᠬᠤᠮ ᠵᠶ᠋ᠠᠷ ᠰᠠᠢ᠌ᠨ ᠰᠠᠢ᠌ᠬᠠᠨ ᠪᠣᠳᠠᠲᠤ ᠠᠬᠤᠶ ᠪᠣᠯᠭ᠋ᠠᠨ ᠬᠤᠪᠢᠷᠠᠭᠤᠯᠬᠤ ᠬᠡᠷᠡᠭᠲᠡᠶ᠃ ᠤᠰᠤ ᠵᠢ ᠵᠠᠰᠠᠵᠤ ᠠᠷᠠᠳ᠎ᠲᠤ ᠠᠰᠢᠭ       ᠬᠦᠷᠲᠡᠭᠡᠬᠦ᠂ ᠤᠰᠤ ᠵᠢ ᠬᠥᠭᠵᠢᠭᠦᠯᠵᠦ ᠠᠷᠠᠳ᠎ᠲᠤ ᠠᠰᠢᠭ ᠬᠦᠷᠲᠡᠭᠡᠬᠦ ᠲᠡᠦᠬᠡᠲᠦ ᠡᠭᠦᠷᠭᠡ ᠵᠢ ᠪᠠᠲᠤ ᠴᠡᠭᠡᠵᠢᠯᠡᠵᠦ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠢ ᠬᠦᠳᠦᠯᠥᠨ ᠳᠠᠭ᠋ᠠᠭᠤᠯᠵᠤ ᠪᠠᠢ᠌ᠭ᠋ᠠᠳ ᠡᠭᠦᠷᠭᠡᠲᠦ ᠪᠤᠳᠤᠯ᠂ ᠬᠠᠷᠢᠭᠤᠴᠠᠯᠭ᠋ᠠᠲᠤ ᠰᠡᠳᠬᠢᠯᠭᠡ᠂ ᠲᠤᠯᠭ᠋ᠠᠮ ᠪᠤᠳᠤᠯ᠎ᠢ ᠤᠯᠠᠮ ᠴᠢᠨᠠᠭᠰᠢᠳᠠ ᠴᠢᠩᠭ᠋ᠠᠳᠬᠠᠵᠤ᠂ ᠠᠵᠢᠯ ᠬᠢᠬᠦ ᠰᠠᠨᠠᠭ᠎ᠠ᠎ᠲᠠᠢ᠂ ᠠᠵᠢᠯ ᠬᠢᠵᠦ ᠳᠡᠢ᠌ᠯᠬᠦ᠂ ᠠᠵᠢᠯ ᠬᠢᠵᠦ ᠳᠡᠢ᠌ᠯᠬᠦ ᠪᠣᠯᠭ᠋ᠠᠵᠤ᠂ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ ᠲᠡᠮᠳᠡᠭ᠎ᠢ ᠨᠡᠢ᠌ᠲᠡᠯᠡᠪᠡ
ᠥᠪᠥᠷ ᠮᠣᠩᠭᠤᠯ ᠵᠣᠯ ᠵᠢᠷᠭ᠋ᠠᠯᠲᠤ ᠭᠤᠣᠯ ᠮᠥᠷᠡᠨ ᠨᠠᠭᠤᠷ ᠴᠥᠭᠦᠷᠥᠮ᠎ᠢ ᠦᠷᠭᠦᠯᠵᠢᠯᠡᠨ ᠬᠦᠴᠦᠯᠡᠨ ᠪᠠᠶ᠋ᠢᠭᠤᠯᠪᠠ
ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠬᠯᠠᠯᠲᠠ ᠵᠢᠨ ᠶᠠᠮᠤᠨ ᠳᠦᠪ᠎ᠤᠨ ᠤᠰᠤᠨ ᠠᠰᠢᠬᠯᠠᠯᠲᠠ ᠵᠢᠨ ᠭᠠᠮᠰᠢᠭ ᠎ᠠᠴᠠ ᠠᠪᠤᠷᠠᠬᠤ ᠪᠡᠯᠡ ᠮᠦᠩᠭᠦ ᠵᠢ 1.74 ᠳ᠋ᠦᠩᠰᠢᠭᠤᠷ ᠳᠦᠭᠦᠷᠢᠭ ᠲᠤᠭᠢᠷᠠᠭᠤᠯᠵᠤ᠂ ᠶᠦᠨᠨᠠᠨ ᠰᠸᠴᠤᠸᠠᠨ᠎ᠤ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠬᠠᠩᠭ᠋ᠠᠬᠤ ᠵᠢ ᠪᠠᠲᠤᠯᠠᠬᠤ ᠠᠵᠢᠯ ᠦᠷᠨᠢᠭᠦᠯᠬᠦ ᠵᠢ ᠳᠡᠮᠵᠢᠪᠡ
ᠮᠠᠨ᠎ᠤ ᠣᠷᠣᠨ᠎ᠤ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ
ᠰᠦᠨ ᠱᠤᠤ ᠴᠧᠩ ᠬᠥᠯᠥᠨ ᠪᠤᠢ᠌ᠷ ᠬᠤᠳᠠ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠡ
 
            