4 ᠳ᠋ᠦ᠍ᠭᠡᠷ ᠰᠠᠷ᠎ᠠ ᠵᠢᠨ 7᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠯᠢ ᠭᠦᠸᠧ ᠶᠢᠩ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ ᠪᠠ 《ᠪᠥᠬᠥ ᠨᠠᠮ᠎ᠤᠨ ᠳᠣᠲᠣᠷ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》᠎ᠢ ᠤᠯᠠᠮᠵᠢᠯᠠᠨ ᠰᠤᠷᠤᠯᠴᠠᠵᠤ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠡᠷᠡᠭᠵᠢᠭᠦᠯᠬᠦ ᠲᠥᠰᠦᠯ᠎ᠢ ᠬᠢᠨᠠᠨ ᠶᠠᠷᠢᠯᠴᠠᠪᠠ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠴᠢᠬᠤᠯᠠ ᠶᠠᠷᠢᠶ᠎ᠠ ᠪᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠮᠡᠳᠡᠭᠳᠡᠯ》᠎ᠤᠨ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠨᠠᠢ᠌ᠳᠠᠪᠤᠷᠢᠵᠢᠭᠤᠯᠵᠤ᠂ ᠶᠠᠮᠤᠨ᠎ᠤ ᠬᠠᠷᠢᠶ᠎ᠠ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠵᠣᠬᠢᠶᠠᠨ ᠪᠠᠢ᠌ᠭᠤᠯᠤᠨ ᠥᠷᠨᠢᠭᠦᠯᠵᠦ᠂ ᠶᠠᠮᠤᠨ᠎ᠤ ᠬᠠᠷᠢᠶ᠎ᠠ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠵᠢ ᠰᠠᠬᠢᠬᠤ ᠵᠢ ᠠᠬᠢᠭᠤᠯᠵᠤ᠂ ᠨᠠᠮ᠎ᠤᠨ ᠰᠠᠬᠢᠯᠭ᠎ᠠ ᠪᠠᠲᠤ ᠶᠣᠰᠣ ᠲᠦᠷᠢᠮ᠎ᠨᠢ ᠶᠠᠭᠤ ᠪᠣᠯᠬᠤ ᠵᠢ ᠲᠣᠳᠣᠷᠬᠠᠢ ᠣᠢ᠌ᠯᠠᠭ᠋ᠠᠵᠤ᠂ ᠶᠠᠭᠤ ᠬᠢᠵᠦ ᠳᠡᠢ᠌ᠯᠬᠦ᠂ ᠶᠠᠭᠤ ᠬᠢᠵᠦ ᠳᠡᠢ᠌ᠯᠬᠦ ᠵᠢ ᠲᠣᠳᠣᠷᠬᠠᠢ ᠣᠢ᠌ᠯᠠᠭ᠋ᠠᠵᠤ᠂ ᠮᠡᠳᠡᠬᠦᠢ ᠬᠢᠬᠦᠢ ᠬᠡᠮᠵᠢᠶ᠎ᠡ ᠮᠡᠳᠡᠬᠦ᠂ ᠵᠠᠷᠯᠢᠭ ᠴᠠᠭ᠋ᠠᠵᠠ ᠵᠢ ᠲᠠᠭ᠋ᠠᠬᠤ ᠵᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠢ᠎ᠠ᠎ᠲᠠᠢ ᠳᠡᠭᠡᠳᠦ ᠬᠡᠮᠵᠢᠢ᠎ᠡ᠎ᠪᠠᠷ ᠨᠢᠭᠡᠳᠦᠯᠲᠡᠢ ᠪᠠᠢ᠌ᠬᠤ ᠬᠡᠷᠡᠭᠲᠡᠢ ᠭᠡᠵᠡᠢ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠱᠠᠭ᠋ᠠᠷᠳᠠᠯᠭ᠎ᠠ᠂ ᠠᠵᠢᠯ᠎ᠤᠨ ᠭᠣᠣᠯᠳᠠᠯᠭ᠎ᠠ ᠵᠢ ᠣᠨᠣᠪᠴᠢᠲᠠᠢ ᠡᠵᠡᠮᠳᠡᠵᠦ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ》᠎ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠬᠦᠴᠦ ᠣᠷᠣᠭᠤᠯᠤᠨ ᠦᠷ᠎ᠡ ᠪᠦᠲᠦᠮᠵᠢ ᠣᠯᠵᠤ᠂ ᠲᠡᠷᠡ ᠬᠡᠪ ᠵᠶ᠋ᠡᠷ᠎ᠨᠢ ᠰᠤᠷᠤᠯᠴᠠᠬᠤ᠂ ᠪᠦᠯᠦᠭ ᠳᠠᠷᠠᠭ᠋ᠠᠯᠠᠨ ᠰᠤᠷᠤᠯᠴᠠᠬᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠬᠤ ᠵᠢ ᠪᠠᠷᠢᠮᠲᠠᠯᠠᠵᠤ᠂ ᠰᠡᠷᠡᠮᠵᠢᠯᠡᠭᠦᠯᠬᠦ ᠬᠥᠮᠦᠵᠢᠯ᠂ ᠲᠠᠢ᠌ᠯᠤᠮᠵᠢ ᠪᠣᠯᠪᠠᠰᠤᠷᠠᠯ᠎ᠢ ᠴᠢᠩᠭ᠋ᠠᠳᠬᠠᠵᠤ᠂ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠬᠤ᠂ ᠪᠠᠢ᠌ᠩᠭᠤ ᠠᠳᠬᠤᠬᠤ ᠵᠢ ᠴᠢᠬᠤᠯᠠᠴᠢᠯᠠᠵᠤ᠂ ᠨᠠᠮ᠎ᠤᠨ ᠰᠠᠬᠢᠯᠭ᠎ᠠ ᠪᠠᠲᠤ ᠵᠢ ᠰᠤᠷᠤᠯᠴᠠᠬᠤ ᠶᠠᠪᠤᠴᠠ ᠵᠢ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠬᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠳᠡᠭᠡᠭᠰᠢᠯᠡᠭᠦᠯᠬᠦ ᠶᠠᠪᠤᠴᠠ ᠪᠣᠯᠭ᠋ᠠᠬᠤ ᠬᠡᠷᠡᠭᠲᠡᠢ ᠭᠡᠵᠡᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠶᠠᠮᠤᠨ᠎ᠤ ᠬᠠᠷᠢᠶ᠎ᠠ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠣᠶᠠᠷ ᠲᠠᠯ᠎ᠠ᠎ᠪᠠᠷ ᠠᠳᠬᠤᠵᠤ ᠬᠣᠶᠠᠷ᠎ᠢ ᠠᠬᠢᠭᠤᠯᠬᠤ ᠵᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ ᠶᠠᠮᠤᠨ᠎ᠤ ᠬᠠᠷᠢᠶ᠎ᠠ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠦᠨᠡᠨ ᠪᠣᠳᠠᠲᠠᠢ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ ᠭᠡᠵᠡᠢ᠃