ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠬᠠᠨᠵᠢᠶᠠᠩ ᠮᠦᠷᠡᠨ᠎ᠳᠤ 2024 ᠣᠨ᠎ᠤ 1 ᠳ᠋ᠦ᠍ᠭᠡᠷ ᠦᠶᠡᠷ ᠡᠭᠦᠰᠪᠡ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠦᠶᠡᠷ ᠤᠰᠤᠲᠤᠯ᠎ᠢ ᠠᠷᠭ᠋ᠠᠴᠠᠬᠤ ᠶᠠᠪᠤᠴᠠ ᠵᠢ ᠲᠦᠷᠭᠡᠨ ᠪᠠᠢ᠌ᠷᠢᠯᠠᠭᠤᠯᠵᠠᠶ
ᠨᠡᠶ᠋ᠢᠲᠡᠯᠡᠭᠰᠡᠨ ᠴᠠᠭ᠄ 2024-04-07

   ᠣᠢ᠌ᠷ᠎ᠠ᠎ᠳᠤ ᠰᠢᠷᠦᠭᠦᠨ ᠪᠣᠷᠣᠭ᠋ᠠᠨ᠎ᠤ ᠨᠥᠯᠥᠭᠡ᠎ᠪᠠᠷ ᠵᠦᠵᠢᠶᠠᠩ ᠮᠥᠷᠡᠨ᠎ᠤ ᠰᠠᠪᠠ ᠭᠠᠵᠠᠷ᠎ᠤᠨ ᠬᠠᠨᠵᠢᠶᠠᠩ ᠮᠥᠷᠡᠨ᠎ᠳᠤ ᠦᠶᠡᠷ᠎ᠤᠨ ᠭᠠᠮᠰᠢᠭ ᠡᠭᠦᠰᠴᠡᠶ᠃ 4 ᠳ᠋ᠦ᠍ᠭᠡᠷ ᠰᠠᠷ᠎ᠠ ᠵᠢᠨ 7᠎ᠤ ᠡᠳᠦᠷ᠎ᠤᠨ 16 ᠴᠠᠭ 40 ᠮᠢᠨᠦ᠋ᠲ᠎ᠲᠤ᠂ ᠬᠠᠨᠵᠢᠶᠠᠩ ᠮᠦᠷᠡᠨ᠎ᠤ ᠭᠣᠤᠯ ᠤᠷᠤᠰᠬᠠᠯ᠎ᠤᠨ ᠰᠠᠨ ᠾᠧ ᠪᠠ ᠤᠰᠤᠨ ᠰᠢᠨᠵᠢᠯᠡᠭᠡᠨ᠎ᠤ ᠥᠷᠲᠡᠭᠡ(ᠭᠤᠸᠠᠩᠳᠦ᠋ᠩ᠎ᠤᠨ ᠮᠧᠶ ᠵᠧᠦ)ᠵᠢᠨ ᠤᠰᠤᠨ ᠲᠦᠪᠰᠢᠨ 42.01 ᠮᠧᠲᠷ ᠪᠣᠯᠲᠠᠯ᠎ᠠ ᠳᠡᠭᠡᠭᠰᠢᠯᠡᠵᠦ᠂ ᠰᠡᠷᠡᠮᠵᠢ ᠵᠢᠨ ᠤᠰᠤᠨ ᠲᠦᠪᠰᠢᠨ᠎ᠠᠴᠠ(42.00 ᠮᠧᠲᠷ)0.01 ᠮᠧᠲᠷ ᠳᠠᠪᠠᠵᠠᠶ᠂ ᠤᠰᠤᠨ ᠠᠰᠢᠭᠯᠠᠯᠲᠠ ᠵᠢᠨ ᠶᠠᠮᠤᠨ᠎ᠤ 《ᠪᠥᠬᠥ ᠤᠯᠤᠰ᠎ᠤᠨ ᠭᠣᠤᠯ ᠪᠣᠯᠬᠤ ᠭᠣᠤᠯ ᠮᠥᠷᠡᠨ᠎ᠤ ᠦᠶᠡᠷ᠎ᠤᠨ ᠤᠰᠤᠨ᠎ᠤ ᠳ᠋ᠤᠭ᠋ᠠᠷ᠎ᠤᠨ ᠲᠣᠭᠲᠠᠭ᠋ᠠᠯ》᠎ᠢ ᠦᠨᠳᠦᠰᠦᠯᠡᠪᠡᠯ᠂ ᠳ᠋ᠤᠭ᠋ᠠᠷ᠎ᠨᠢ 《ᠬᠠᠨᠵᠢᠶᠠᠩ ᠮᠦᠷᠡᠨ᠎ᠤ 2024 ᠣᠨ᠎ᠤ 1 ᠳ᠋ᠦ᠍ᠭᠡᠷ ᠲᠣᠭ᠋ᠠᠲᠤ ᠦᠶᠡᠷ》 ᠪᠣᠯᠤᠨ᠎ᠠ᠃ ᠤᠷᠢᠳᠴᠢᠯᠠᠨ ᠮᠡᠳᠡᠭᠡᠯᠡᠭᠰᠡᠨ ᠵᠶ᠋ᠡᠷ᠂ ᠬᠠᠨᠵᠢᠶᠠᠩ ᠮᠥᠷᠡᠨ 4 ᠳ᠋ᠦ᠍ᠭᠡᠷ ᠰᠠᠷ᠎ᠠ ᠵᠢᠨ 8᠎ᠤ ᠡᠳᠦᠷ᠎ᠤᠨ ᠥᠷᠯᠥᠭᠡ ᠡᠷᠲᠡ ᠵᠢᠨ ᠦᠶ᠎ᠡ᠎ᠪᠠᠷ 42.50 ᠮᠧᠲᠷ ᠣᠷᠴᠢᠮ᠎ᠤᠨ ᠦᠶᠡᠷ᠎ᠤᠨ ᠣᠷᠭᠢᠯ᠎ᠤᠨ ᠤᠰᠤᠨ ᠲᠦᠪᠰᠢᠨ ᠢᠯᠡᠷᠡᠵᠦ᠂ ᠰᠡᠷᠡᠮᠵᠢ ᠵᠢᠨ ᠱᠤᠭᠤᠮ᠎ᠠᠴᠠ 0.50 ᠮᠧᠲᠷ ᠳᠠᠪᠠᠬᠤ ᠪᠣᠯᠤᠨ᠎ᠠ᠃

   ᠤᠯᠤᠰ᠎ᠤᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠣᠭᠣᠳᠬᠤ ᠭᠠᠵᠠᠷ᠎ᠤᠨ ᠳᠡᠳ᠋ ᠶᠡᠷᠦᠩᠬᠡᠶ ᠵᠢᠯᠣᠭᠣᠳᠣᠭᠴᠢ᠂ ᠤᠰᠤᠨ ᠠᠰᠢᠭᠯᠠᠯᠲᠠ ᠵᠢᠨ ᠶᠠᠮᠤᠨ᠎ᠤ ᠰᠠᠢ᠌ᠳ ᠯᠢ ᠭᠦᠸᠧ ᠶᠢᠩ ᠵᠦᠵᠢᠶᠠᠩ ᠮᠥᠷᠡᠨ᠎ᠤ ᠰᠠᠪᠠ ᠭᠠᠵᠠᠷ᠎ᠤᠨ ᠣᠯᠠᠨ ᠭᠣᠤᠯ ᠮᠥᠷᠡᠨ᠎ᠳᠤ ᠦᠶᠡᠷ᠎ᠤᠨ ᠤᠰᠤᠨ᠎ᠤ ᠳ᠋ᠤᠭ᠋ᠠᠷᠯᠠᠯ᠎ᠤᠨ ᠲᠤᠬᠠᠢ ᠪᠠᠢ᠌ᠷᠢᠯᠠᠭᠤᠯᠤᠯᠲᠠ ᠬᠢᠵᠦ᠂ ᠦᠶᠡᠷ᠎ᠤᠨ ᠪᠠᠢ᠌ᠳᠠᠯ᠎ᠤᠨ ᠬᠥᠭᠵᠢᠯᠲᠡ ᠵᠢ ᠨᠢᠭᠲᠠ ᠠᠵᠢᠭᠯᠠᠵᠤ᠂ ᠦᠶᠡᠷ᠎ᠢ ᠰᠡᠷᠭᠡᠢ᠌ᠯᠡᠬᠦ ᠠᠵᠢᠯ᠎ᠢ ᠦᠨᠡᠨ ᠬᠦ᠌ ᠰᠠᠢ᠌ᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ 4 ᠳ᠋ᠦ᠍ᠭᠡᠷ ᠰᠠᠷ᠎ᠠ ᠵᠢᠨ 7᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ ᠦᠶᠡᠷ᠎ᠢ ᠰᠡᠷᠭᠡᠢ᠌ᠯᠡᠬᠦ ᠵᠥᠪᠳᠡᠯᠴᠡᠭᠡ ᠵᠢ ᠵᠣᠬᠢᠶᠠᠨ ᠪᠠᠢ᠌ᠭᠤᠯᠵᠤ᠂ ᠵᠢᠶᠠᠩᠨᠠᠨ᠂ ᠡᠮᠦᠨᠡᠲᠦ ᠣᠷᠣᠨ ᠵᠡᠷᠭᠡ ᠭᠠᠵᠠᠷ᠎ᠤᠨ ᠪᠣᠷᠣᠭ᠋ᠠᠨ᠎ᠤ ᠪᠠᠢ᠌ᠳᠠᠯ ᠦᠶᠡᠷ᠎ᠤᠨ ᠪᠠᠢ᠌ᠳᠠᠯ᠎ᠢ ᠵᠠᠳᠠᠯᠤᠨ ᠮᠠᠭ᠋ᠠᠳᠯᠠᠵᠤ᠂ ᠭᠤᠸᠠᠩᠳᠦ᠋ᠩ᠂ ᠹᠦᠵᠢᠶᠠᠨ᠂ ᠵᠢᠶᠠᠩᠰᠢ᠎ᠳᠤ 《ᠨᠢᠭᠡ ᠮᠤᠵᠢ᠎ᠳᠤ ᠨᠢᠭᠡ ᠲᠠᠩᠰᠠ》 ᠭᠠᠷᠭ᠋ᠠᠵᠤ᠂ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠢ᠌ᠯᠡᠨ ᠠᠷᠭ᠋ᠠᠴᠠᠬᠤ ᠠᠵᠢᠯ᠎ᠢ ᠰᠠᠢ᠌ᠲᠤᠷ ᠬᠢᠬᠦ ᠵᠢ ᠰᠠᠨᠠᠭᠤᠯᠪᠠ᠃ ᠤᠰᠤᠨ ᠠᠰᠢᠭᠯᠠᠯᠲᠠ ᠵᠢᠨ ᠶᠠᠮᠤᠨ᠎ᠤ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠵᠥᠪᠯᠡᠯ ᠹᠦᠵᠢᠶᠠᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠵᠡᠷᠭᠡ ᠬᠣᠯᠪᠣᠭᠳᠠᠯ ᠪᠦᠬᠦᠢ ᠨᠢᠭᠡᠴᠢ ᠪᠣᠯᠤᠨ ᠰᠠᠯᠠᠭ᠎ᠠ ᠮᠥᠴᠢᠷ᠎ᠲᠠᠢ ᠬᠠᠮᠲᠤᠷᠠᠨ ᠬᠠᠨᠵᠢᠶᠠᠩ ᠮᠥᠷᠡᠨ᠎ᠤ ᠳᠡᠭᠡᠳᠦ ᠤᠷᠤᠰᠬᠠᠯ᠎ᠤᠨ ᠮᠢᠶᠠᠨ ᠬᠤᠸᠠ ᠲᠠᠨ᠂ ᠢ ᠲᠠᠩ᠂ ᠴᠠᠩ ᠲᠠᠨ᠂ ᠾᠧᠱ᠌ᠦ᠋ᠢ ᠵᠡᠷᠭᠡ ᠤᠰᠤᠨ ᠴᠥᠭᠥᠷᠥᠮ᠎ᠤᠨ ᠰᠦᠷᠦᠭ᠎ᠲᠤ ᠦᠶᠡᠷ ᠬᠠᠰᠢᠬᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠦᠨ᠂ 4 ᠳ᠋ᠦ᠍ᠭᠡᠷ ᠰᠠᠷ᠎ᠠ ᠵᠢᠨ 7᠎ᠤ ᠡᠳᠦᠷ᠎ᠤᠨ 16 ᠴᠠᠭ ᠪᠣᠯᠲᠠᠯ᠎ᠠ ᠦᠶᠡᠷ ᠬᠠᠰᠢᠵᠤ ᠬᠠᠳᠠᠭ᠋ᠠᠯᠠᠭᠰᠠᠨ ᠬᠡᠮᠵᠢᠶ᠎ᠡ ᠨᠡᠢ᠌ᠲᠡ 1.82 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠭᠣᠣᠯ ᠤᠷᠤᠰᠬᠠᠯ ᠰᠠᠨ ᠾᠧ ᠪᠠ ᠤᠰᠤᠨ ᠰᠢᠨᠵᠢᠯᠡᠭᠡᠨ᠎ᠤ ᠥᠷᠲᠡᠭᠡᠨ᠎ᠤ ᠤᠷᠤᠰᠬᠠᠯ᠎ᠤᠨ ᠬᠡᠮᠵᠢᠶ᠎ᠡ ᠪᠠᠷᠤᠭ 700 ᠪᠣᠰᠣᠭ᠎ᠠ ᠳᠥᠷᠪᠡᠯᠵᠢᠨ ᠮᠧᠲᠷ ᠰᠸᠺᠦ᠋ᠨ᠋ᠲ ᠪᠦᠷᠢ ᠪᠠᠭ᠋ᠠᠰᠴᠤ᠂ ᠰᠠᠪᠠ ᠭᠠᠵᠠᠷ ᠳᠠᠭ᠋ᠠᠤ ᠵᠢᠨ ᠦᠶᠡᠷ᠎ᠢ ᠰᠡᠷᠭᠡᠢ᠌ᠯᠡᠬᠦ ᠳᠠᠷᠤᠯᠲᠠ ᠵᠢ ᠪᠦᠬᠦ ᠬᠦᠴᠦᠨ ᠵᠶ᠋ᠡᠷ ᠵᠶ᠋ᠡᠨ ᠬᠥᠩᠭᠡᠷᠡᠭᠦᠯᠪᠡ᠃ ᠭᠤᠸᠠᠩᠳᠦ᠋ᠩ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠠᠵᠢᠯᠯᠠᠬᠤ ᠳᠤᠭᠤᠢ᠌ᠯᠠᠩ ᠲᠣᠮᠢᠯᠠᠨ ᠬᠢᠯᠪᠠᠷ ᠭᠠᠮᠰᠢᠭ ᠡᠭᠦᠰᠬᠦ ᠭᠣᠤᠯᠳᠠᠯᠭ᠎ᠠ᠎ᠲᠠᠢ ᠭᠠᠵᠠᠷ ᠣᠷᠣᠨ᠎ᠳᠤ ᠣᠴᠢᠭᠤᠯᠵᠤ ᠰᠡᠷᠭᠡᠢ᠌ᠯᠡᠨ ᠬᠣᠷᠢᠭᠯᠠᠬᠤ ᠠᠵᠢᠯ᠎ᠢ ᠬᠢᠨᠠᠨ ᠵᠢᠯᠣᠭᠣᠳᠴᠤ᠂ ᠬᠠᠨᠵᠢᠶᠠᠩ ᠮᠦᠷᠡᠨ ᠳᠠᠭ᠋ᠠᠤ ᠵᠢᠨ ᠡᠯ᠎ᠡ ᠭᠠᠵᠠᠷ᠎ᠤᠨ᠎ᠬᠢᠨ ᠲᠣᠭᠣᠷᠢᠨ ᠪᠠᠢ᠌ᠴᠠᠭ᠋ᠠᠵᠤ ᠰᠡᠷᠭᠡᠢ᠌ᠯᠡᠨ ᠰᠠᠬᠢᠬᠤ᠎ᠪᠠᠨ ᠴᠢᠩᠭ᠋ᠠᠳᠬᠠᠵᠤ᠂ ᠦᠶᠡᠷ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃

   ᠤᠰᠤᠨ ᠠᠰᠢᠭᠯᠠᠯᠲᠠ ᠵᠢᠨ ᠶᠠᠮᠤᠨ ᠦᠶᠡᠷ᠎ᠤᠨ ᠪᠠᠢ᠌ᠳᠠᠯ᠎ᠤᠨ ᠬᠥᠭᠵᠢᠯᠲᠡ ᠵᠢ ᠨᠢᠭᠲᠠ ᠠᠩᠬᠠᠷᠴᠤ᠂ ᠵᠦᠵᠢᠶᠠᠩ ᠮᠥᠷᠡᠨ᠎ᠤ ᠰᠠᠪᠠ ᠭᠠᠵᠠᠷ᠎ᠤᠨ ᠦᠶᠡᠷ᠎ᠢ ᠠᠷᠭ᠋ᠠᠴᠠᠭ᠋ᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠪᠣᠯᠤᠨ᠎ᠠ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ
ᠱᠸᠩ ᠰᠢᠶᠤᠤ ᠶᠢᠦ ᠤᠯᠠᠭ᠋ᠠᠨᠬᠠᠳᠠ ᠬᠣᠲᠠ ᠵᠢᠨ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠭᠰᠠᠨ ᠤᠰᠤᠨ ᠠᠰᠢᠭᠯᠠᠯᠲᠠ ᠵᠢᠨ ᠲᠥᠷᠥᠯ ᠵᠦᠢᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ ᠶᠡᠷᠦᠩᠬᠡᠶ ᠱᠦᠵᠢ ᠰᠢ ᠵᠢᠨ ᠫᠢᠩ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠵᠢ ᠰᠤᠷᠤᠯᠴᠠᠪᠠ
ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ ᠲᠡᠮᠳᠡᠭ᠎ᠢ ᠨᠡᠢ᠌ᠲᠡᠯᠡᠪᠡ
ᠥᠪᠥᠷ ᠮᠣᠩᠭᠤᠯ ᠵᠣᠯ ᠵᠢᠷᠭ᠋ᠠᠯᠲᠤ ᠭᠤᠣᠯ ᠮᠥᠷᠡᠨ ᠨᠠᠭᠤᠷ ᠴᠥᠭᠦᠷᠥᠮ᠎ᠢ ᠦᠷᠭᠦᠯᠵᠢᠯᠡᠨ ᠬᠦᠴᠦᠯᠡᠨ ᠪᠠᠶ᠋ᠢᠭᠤᠯᠪᠠ
 
            