ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠭᠤᠷᠪᠠᠳᠤᠭ᠋ᠠᠷ ᠨᠣᠮᠧᠷᠲᠦ ᠲᠠᠢ᠍ᠹᠧᠩ ᠰᠠᠯᠬᠢ 《ᠭᠧ ᠮᠧᠢ》 ᠤᠳᠠᠯ ᠥᠬᠡᠢ ᠬᠠᠭᠤᠷᠠᠢ᠎ᠳᠤ ᠭᠠᠷᠬᠤ ᠭᠡᠵᠦ ᠪᠤᠢ ᠤᠰᠤᠨ ᠠᠰᠢᠭᠯᠠᠯᠲᠠ ᠵᠢᠨ ᠶᠠᠮᠤᠨ᠎ᠠᠴᠠ ᠵᠧᠵᠢᠶᠠᠩ ᠹᠦᠵᠢᠶᠠᠨ ᠬᠣᠶᠠᠷ ᠮᠣᠵᠢ᠎ᠳᠤ ᠦᠶᠡᠷ᠎ᠤᠨ ᠤᠰᠤ ᠵᠢ ᠰᠡᠷᠭᠡᠢ᠌ᠯᠡᠬᠦ Ⅳ ᠳᠡᠰ᠎ᠤᠨ ᠪᠠᠴᠢᠮ ᠠᠷᠭ᠋ᠠᠴᠠᠬᠤ ᠲᠦᠰᠦᠯ᠎ᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2024-07-24

   ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠤᠨ ᠭᠤᠷᠪᠠᠳᠤᠭ᠋ᠠᠷ ᠨᠣᠮᠧᠷᠲᠤ ᠲᠠᠶ᠋ᠢᠹᠧᠩ ᠰᠠᠯᠬᠢ 《ᠭᠧ ᠮᠧᠢ》 7 ᠳ᠋ᠤᠭ᠋ᠠᠷ ᠰᠠᠷ᠎ᠠ ᠵᠢᠨ 25᠎ᠤ ᠦᠳᠡ ᠵᠢᠨ ᠬᠣᠶ᠋ᠢᠨ᠎ᠠ᠂ ᠹᠦᠵᠢᠶᠠᠨ᠎ᠤ ᠳᠠᠯᠠᠶ ᠳᠠᠭ᠋ᠠᠤ ᠬᠠᠭᠤᠷᠠᠶ᠎ᠳᠤ ᠭᠠᠷᠤᠨ᠎ᠠ᠃  ᠡᠭᠦᠨ᠎ᠤ ᠨᠥᠯᠥᠭᠡ᠎ᠪᠠᠷ᠂ 7 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 26᠎ᠤ ᠡᠳᠦᠷ ᠪᠣᠯᠲᠠᠯ᠎ᠠ᠂ ᠹᠦᠵᠢᠶᠠᠨ᠂ ᠵᠧᠵᠢᠶᠠᠩ᠎ᠤᠨ ᠳᠤᠮᠳᠠ ᠬᠡᠰᠡᠭ᠎ᠤᠨ ᠡᠮᠦᠨ᠎ᠡ ᠬᠡᠰᠡᠭ᠎ᠲᠤ ᠶᠡᠬᠡ ᠰᠢᠷᠦᠭᠦᠨ ᠪᠣᠷᠣᠭ᠋ᠠᠨ ᠣᠷᠣᠵᠤ᠂ ᠬᠡᠰᠡᠭ ᠭᠠᠵᠠᠷ ᠣᠷᠣᠨ᠎ᠳᠤ ᠣᠨᠴᠠ ᠶᠡᠬᠡ ᠰᠢᠷᠦᠭᠦᠨ ᠪᠣᠷᠣᠭ᠋ᠠᠨ ᠣᠷᠣᠨ᠎ᠠ; ᠹᠦᠵᠢᠶᠠᠨ᠎ᠤ ᠮᠢᠨᠵᠢᠶᠠᠩ ᠮᠥᠷᠡᠨ ᠵᠢᠴᠢ ᠳᠠᠯᠠᠢ ᠳᠠᠭ᠋ᠠᠤ ᠣᠷᠣᠨ᠎ᠤ ᠡᠯ᠎ᠡ ᠭᠣᠣᠯ᠂ ᠵᠧᠵᠢᠶᠠᠩ᠎ᠤᠨ ᠴᠢᠶᠠᠨ ᠳᠠᠩ ᠵᠢᠶᠠᠩ ᠮᠥᠷᠡᠨ᠎ᠤ ᠳᠡᠭᠡᠳᠦ ᠤᠷᠤᠰᠬᠠᠯ ᠵᠢᠴᠢ ᠵᠧᠵᠢᠶᠠᠩ᠎ᠤᠨ ᠡᠮᠦᠨᠡᠲᠦ ᠳᠠᠯᠠᠢ ᠳᠠᠭ᠋ᠠᠤ ᠣᠷᠣᠨ᠎ᠤ ᠡᠯ᠎ᠡ ᠭᠣᠣᠯ ᠵᠡᠷᠭᠡ ᠭᠣᠣᠯ ᠮᠥᠷᠡᠨ ᠢᠯᠡᠷᠬᠡᠢ ᠳᠡᠭᠡᠭᠰᠢᠯᠡᠬᠦ ᠪᠣᠯᠤᠨ᠎ᠠ᠂ ᠡᠭᠦᠨ᠎ᠳᠤ ᠹᠦᠵᠢᠶᠠᠨ᠎ᠤ ᠮᠢᠨᠵᠢᠶᠠᠩ ᠮᠥᠷᠡᠨ᠎ᠤ ᠳᠡᠭᠡᠳᠦ ᠤᠷᠤᠰᠬᠠᠯ᠎ᠤᠨ ᠵᠢᠶᠠᠨ ᠰᠢ᠂ ᠹᠦ᠋ ᠲᠦᠨ ᠰᠢ᠂ ᠵᠧᠵᠢᠶᠠᠩ᠎ᠤᠨ ᠴᠢᠶᠠᠨ ᠳᠠᠩ ᠵᠢᠶᠠᠩ᠂ ᠧᠦ ᠵᠢᠶᠠᠩ ᠵᠡᠷᠭᠡ ᠭᠣᠣᠯ ᠤᠷᠤᠰᠬᠠᠯ᠎ᠳᠤ ᠰᠡᠷᠡᠮᠵᠢ᠎ᠠᠴᠠ ᠳᠠᠪᠠᠭᠰᠠᠨ ᠦᠶᠡᠷ᠎ᠤᠨ ᠭᠠᠮᠰᠢᠭ ᠭᠠᠷᠴᠤ᠂  ᠰᠢᠷᠦᠭᠦᠨ ᠪᠣᠷᠣᠭ᠋ᠠᠨ᠎ᠤ ᠣᠷᠣᠨ᠎ᠤ ᠬᠡᠰᠡᠭ ᠳᠤᠮᠳᠠ ᠪᠠᠭ᠎ᠠ ᠭᠣᠣᠯ ᠤᠷᠤᠰᠬᠠᠯ᠎ᠳᠤ ᠨᠡᠯᠢᠶᠡᠳ ᠶᠡᠬᠡ ᠦᠶᠡᠷ ᠪᠣᠯᠵᠤ ᠮᠡᠳᠡᠨ᠎ᠡ᠂ ᠳᠠᠯᠠᠢ ᠳᠠᠭ᠋ᠠᠤ ᠣᠷᠣᠨ᠎ᠤ ᠬᠡᠰᠡᠭ ᠳᠠᠪᠠᠯᠭ᠋ᠠᠨ᠎ᠨᠢ ᠰᠡᠷᠭᠡᠢ᠌ᠯᠡᠯᠲᠡ ᠵᠢᠨ ᠤᠷᠤᠰᠬᠠᠯ ᠎ᠠᠴᠠ ᠳᠠᠪᠠᠵᠤ᠂ ᠠᠭᠤᠯᠠᠨ ᠳᠣᠪᠣ ᠣᠷᠣᠨ᠎ᠤ ᠠᠭᠤᠯᠠᠨ ᠦᠶᠡᠷ᠎ᠤᠨ ᠭᠠᠮᠰᠢᠭ᠎ᠤᠨ ᠠᠶᠤᠯ ᠨᠡᠯᠢᠶᠡᠳ ᠶᠡᠬᠡ ᠪᠠᠢ᠌ᠨ᠎ᠠ᠃

   ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠲᠠᠢ᠌ᠹᠸᠩ ᠰᠠᠯᠬᠢᠨ᠎ᠤ ᠨᠡᠭᠦᠳᠡᠯ ᠵᠠᠮ ᠪᠣᠯᠤᠨ ᠨᠥᠯᠥᠭᠡᠯᠡᠭᠳᠡᠭᠰᠡᠨ ᠣᠷᠣᠨ ᠪᠦᠰᠡ ᠵᠢᠨ ᠪᠣᠷᠣᠭ᠋ᠠᠨ ᠤᠰᠤᠨ᠎ᠤ ᠪᠠᠶ᠋ᠢᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠬᠡᠷᠡᠭᠲᠡᠶ ᠭᠡᠵᠦ ᠱᠠᠭ᠋ᠠᠷᠳᠠᠪᠠ᠃ 7 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠡᠮᠦᠨ᠎ᠡ᠂ ᠤᠰᠤᠨ ᠠᠰᠢᠭᠯᠠᠯᠲᠠ ᠵᠢᠨ ᠶᠠᠮᠤᠨ ᠦᠶᠡᠷ᠎ᠢ ᠰᠡᠷᠭᠡᠶ᠋ᠢᠯᠡᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ 3 ᠳ᠋ᠤᠭ᠋ᠠᠷ ᠲᠣᠭ᠋ᠠᠲᠤ ᠲᠠᠢ᠌ᠹᠸᠩ ᠰᠠᠯᠬᠢᠨ᠎ᠤ 《ᠭ᠋ᠸ ᠮᠸᠢ》 ᠬᠥᠭᠵᠢᠯᠲᠡ ᠵᠢᠨ ᠬᠥᠳᠡᠯᠦᠯ ᠪᠠᠶ᠋ᠢᠳᠠᠯ ᠪᠠ ᠪᠣᠷᠣᠭ᠋ᠠᠨ᠎ᠤ ᠪᠠᠶ᠋ᠢᠳᠠᠯ ᠦᠶᠡᠷ᠎ᠤᠨ  ᠪᠠᠶ᠋ᠢᠳᠠᠯ᠎ᠢ ᠭᠤᠤᠯᠳᠠᠯᠭ᠎ᠠ᠎ᠲᠠᠢ ᠰᠤᠳᠤᠯᠤᠨ ᠮᠠᠭ᠋ᠠᠳᠯᠠᠵᠤ᠂ ᠦᠶᠡᠷ᠎ᠢ ᠰᠡᠷᠭᠡᠶ᠋ᠢᠯᠡᠬᠦ ᠭᠤᠤᠯᠳᠠᠯᠭ᠎ᠠ᠎ᠲᠠᠢ ᠠᠵᠢᠯ᠎ᠢ ᠨᠠᠷᠢᠨ ᠨᠢᠮᠪᠠᠶ ᠪᠠᠶ᠋ᠢᠷᠢᠯᠠᠭᠤᠯᠪᠠ; 14 ᠴᠠᠭ᠎ᠲᠤ ᠵᠧᠵᠢᠶᠠᠩ᠂ ᠹᠦᠵᠢᠶᠠᠨ ᠬᠤᠶᠠᠷ ᠮᠤᠵᠢ ᠵᠢᠨ ᠦᠶᠡᠷ᠎ᠤᠨ ᠰᠡᠷᠭᠡᠶ᠋ᠢᠯᠡᠯᠲᠡ ᠵᠢᠨ Ⅳ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠡᠬᠢᠯᠡᠭᠦᠯᠬᠦ ᠵᠢᠨ ᠬᠠᠮᠲᠤ 2 ᠠᠵᠢᠯᠯᠠᠬᠤ ᠳᠤᠭᠤᠶ᠋ᠢᠯᠠᠩ ᠲᠣᠮᠢᠯᠠᠨ ᠵᠧᠵᠢᠶᠠᠩ᠂ ᠹᠦᠵᠢᠶᠠᠨ᠎ᠳᠤ ᠣᠴᠢᠭᠤᠯᠵᠤ ᠲᠠᠢ᠌ᠹᠸᠩ ᠰᠢᠷᠦᠭᠦᠨ ᠪᠣᠷᠣᠭ᠋ᠠᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠵᠢᠯᠣᠭᠤᠳᠪᠠ; 《ᠨᠢᠭᠡ ᠮᠤᠵᠢ ᠨᠢᠭᠡ ᠲᠠᠩᠰᠠ》 ᠬᠠᠷᠠᠯᠲᠠ᠎ᠲᠠᠢ᠎ᠪᠠᠷ ᠤᠷᠢᠳᠴᠢᠯᠠᠨ ᠰᠡᠷᠡᠮᠵᠢᠯᠡᠭᠦᠯᠵᠦ᠂ ᠣᠷᠣᠨ ᠨᠤᠲᠤᠭ᠎ᠢ ᠰᠢᠪᠠᠳᠠᠨ ᠵᠢᠯᠣᠭᠤᠳᠴᠤ ᠪᠠᠶ᠋ᠢᠭ᠋ᠠᠳ ᠲᠠᠢ᠌ᠹᠸᠩ ᠰᠠᠯᠬᠢ ᠪᠠ ᠪᠣᠷᠣᠭ᠋ᠠᠨ᠎ᠤ ᠪᠠᠶ᠋ᠢᠳᠠᠯ ᠦᠶᠡᠷ᠎ᠤᠨ ᠪᠠᠶ᠋ᠢᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠳᠣᠭᠢᠷᠠᠭᠤᠯᠤᠨ᠂ ᠳᠤᠮᠳᠠ ᠵᠢᠵᠢᠭ ᠤᠰᠤᠨ ᠴᠥᠭᠦᠷᠥᠮ ᠪᠠ ᠪᠠᠶ᠋ᠢᠭᠤᠯᠵᠤ ᠪᠠᠶ᠋ᠢᠭ᠎ᠠ ᠢᠨᠵᠸᠨ᠋ᠸᠷᠢᠩ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ᠂ ᠳᠤᠮᠳᠠ ᠵᠢᠵᠢᠭ ᠭᠤᠤᠯ ᠮᠥᠷᠡᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠵᠡᠷᠭᠡ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠳᠤ ᠴᠠᠭ ᠲᠤᠬᠠᠶ᠎ᠳᠤᠨᠢ ᠳᠡᠪᠰᠢᠭᠦᠯᠵᠦ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃  ᠣᠳᠣᠬᠠᠨ᠎ᠳᠤ᠂ ᠵᠧᠵᠢᠶᠠᠩ᠂ ᠹᠦᠵᠢᠶᠠᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠨᠢᠭᠡᠨᠲᠡ ᠲᠣᠰ ᠲᠣᠰ ᠦᠶᠡᠷ᠎ᠤᠨ ᠰᠡᠷᠭᠡᠶ᠋ᠢᠯᠡᠯᠲᠡ ᠵᠢᠨ Ⅲ  ᠲᠠᠰ᠂ Ⅱ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠡᠬᠢᠯᠡᠭᠦᠯᠵᠦ᠂ ᠤᠰᠤᠨ ᠠᠰᠢᠭᠯᠠᠯᠲᠠ ᠵᠢᠨ ᠶᠠᠮᠤᠨ᠎ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠲᠣᠪᠴᠢᠶ᠎ᠠ ᠨᠢᠭᠡᠨᠲᠡ ᠦᠶᠡᠷ᠎ᠤᠨ ᠤᠰᠤ ᠵᠢ ᠬᠤᠷᠢᠭᠯᠠᠬᠤ Ⅲ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠡᠬᠢᠯᠡᠭᠦᠯᠵᠦ᠂ ᠲᠠᠢ᠌ᠹᠸᠩ ᠰᠠᠯᠬᠢ ᠰᠢᠷᠦᠭᠦᠨ ᠪᠣᠷᠣᠭ᠋ᠠᠨ ᠣᠷᠣᠬᠤ ᠵᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ ᠪᠠᠶ᠋ᠢᠨ᠎ᠠ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            