ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠨᠳᠥᠷ ᠳᠤᠯᠠᠭ᠋ᠠᠨ ᠳᠣᠤᠷᠠᠬᠢ ᠬᠥᠳᠡᠯᠮᠦᠷᠢᠴᠢᠳ᠎ᠤᠨ ᠠᠮᠤᠷ ᠲᠦᠪᠰᠢᠨ ᠡᠷᠡᠭᠦᠯ ᠮᠡᠨᠳᠦ ᠵᠢ ᠪᠠᠲᠤᠯᠠᠵᠤ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ ᠬᠥᠳᠡᠯᠮᠦᠷᠢ ᠵᠢᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠰᠠᠨᠠᠭᠤᠯᠤᠮᠵᠢ ᠵᠢᠨ ᠵᠠᠬᠢᠳᠠᠯ ᠶᠠᠪᠤᠭᠤᠯᠪᠠ
ᠨᠡᠶ᠋ᠢᠲᠡᠯᠡᠭᠰᠡᠨ ᠴᠠᠭ᠄ 2024-07-04

   ᠵᠤᠨ᠎ᠤ ᠭᠤᠤᠯ ᠬᠠᠯᠠᠭᠤᠨ᠎ᠳᠤ᠂ ᠭᠠᠳᠠᠭᠰᠢ ᠬᠤᠳᠠᠯᠳᠤᠭᠴᠢ᠂ ᠲᠦᠷᠭᠡᠨ ᠬᠦᠷᠭᠡᠭᠴᠢ᠂ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠎ᠤᠨ ᠠᠵᠢᠯᠴᠢᠨ ᠵᠡᠷᠭᠡ ᠭᠡᠷ᠎ᠤᠨ ᠭᠠᠳᠠᠨᠠᠬᠢ ᠬᠥᠳᠡᠯᠮᠦᠷᠢᠴᠢᠨ ᠦᠷᠭᠦᠯᠵᠢ ᠬᠠᠯᠠᠭᠤᠨ ᠨᠡᠷᠡᠨ ᠥᠨᠳᠥᠷ ᠳᠤᠯᠠᠭ᠋ᠠᠨ᠎ᠳᠤ ᠠᠵᠢᠯᠯᠠᠳᠠᠭ᠃ 7  ᠳ᠋ᠤᠭ᠋ᠠᠷ ᠰᠠᠷ᠎ᠠ ᠵᠢᠨ 2᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠤᠨ ᠬᠥᠳᠡᠯᠮᠦᠷᠢ ᠵᠢᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠵᠥᠪᠯᠡᠯ ᠬᠥᠳᠡᠯᠮᠦᠷᠢ ᠵᠢᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠰᠠᠨᠠᠭᠤᠯᠤᠮᠵᠢ ᠥᠭᠴᠦ᠂ ᠡᠯ᠎ᠡ ᠲᠠᠪᠴᠠᠩ᠎ᠤᠨ ᠠᠵᠤ ᠠᠬᠤᠢ᠌ᠯᠠᠯ ᠪᠣᠯᠤᠨ ᠬᠣᠯᠪᠣᠭᠳᠠᠯ ᠪᠦᠬᠦᠢ ᠬᠥᠮᠦᠨ ᠬᠡᠷᠡᠭᠯᠡᠬᠦ ᠨᠢᠭᠡᠴᠢ᠎ᠳᠤ ᠥᠨᠳᠥᠷ ᠳᠤᠯᠠᠭ᠋ᠠᠨ ᠴᠠᠭ ᠠᠭᠤᠷ᠎ᠤᠨ ᠠᠵᠢᠯᠯᠠᠬᠤ ᠬᠥᠳᠡᠯᠮᠦᠷᠢ ᠵᠢᠨ ᠬᠠᠮᠠᠭ᠋ᠠᠯᠠᠯᠲᠠ ᠵᠢᠨ ᠠᠵᠢᠯ᠎ᠢ ᠦᠨᠡᠨ ᠬᠦ᠌ ᠴᠢᠩᠭ᠋ᠠᠳᠭ᠋ᠠᠵᠤ᠂ ᠭᠡᠷ᠎ᠤᠨ ᠭᠠᠳᠠᠨᠠᠬᠢ ᠬᠥᠳᠡᠯᠮᠦᠷᠢᠴᠢᠳ᠎ᠤᠨ ᠥᠨᠳᠥᠷ ᠳᠤᠯᠠᠭ᠋ᠠᠨ ᠴᠠᠭ ᠠᠭᠤᠷ᠎ᠤᠨ ᠬᠥᠳᠡᠯᠮᠦᠷᠢ ᠵᠢᠨ ᠶᠠᠪᠤᠴᠠ᠎ᠳᠠᠬᠢ ᠠᠮᠤᠷ ᠲᠦᠪᠰᠢᠨ ᠪᠣᠯᠤᠨ ᠪᠡᠶ᠎ᠡ ᠰᠡᠳᠭᠢᠯ᠎ᠤᠨ ᠡᠷᠡᠭᠦᠯ ᠮᠡᠨᠳᠦ ᠵᠢ ᠨᠡᠩ ᠰᠠᠢ᠌ᠲᠤᠷ ᠪᠠᠲᠤᠯᠠᠨ᠎ᠠ᠃

   ᠬᠥᠳᠡᠯᠮᠦᠷᠢ ᠵᠢᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠰᠠᠨᠠᠭᠤᠯᠤᠮᠵᠢ ᠵᠢᠨ ᠵᠠᠬᠢᠳᠠᠯ᠎ᠤᠨ ᠱᠠᠭ᠋ᠠᠷᠳᠠᠯᠭ᠎ᠠ᠂ ᠡᠯ᠎ᠡ ᠬᠥᠮᠦᠨ ᠬᠡᠷᠡᠭᠯᠡᠬᠦ ᠨᠢᠭᠡᠴᠢ ᠭᠡᠷ᠎ᠤᠨ ᠭᠠᠳᠠᠨᠠᠬᠢ ᠬᠥᠳᠡᠯᠮᠦᠷᠢ ᠵᠢᠨ ᠣᠨᠴᠠᠯᠢᠭ᠎ᠢ ᠦᠨᠳᠦᠰᠦᠯᠡᠨ᠂ ᠨᠠᠷᠠᠰᠢᠬᠤ ᠵᠢ ᠰᠡᠷᠭᠡᠶ᠋ᠢᠯᠡᠬᠦ ᠠᠵᠢᠯ᠎ᠤᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠥᠨᠳᠥᠷ ᠳᠤᠯᠠᠭ᠋ᠠᠨ ᠪᠠ ᠨᠠᠷᠠᠰᠢᠬᠤ ᠵᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠨ᠎ᠠ; ᠮᠠᠨ᠎ᠤ ᠣᠷᠣᠨ᠎ᠤ ᠥᠨᠳᠥᠷ ᠳᠤᠯᠠᠭ᠋ᠠᠨ᠎ᠲᠠᠢ ᠴᠠᠭ ᠠᠭᠤᠷ᠎ᠤᠨ ᠨᠠᠷᠠᠰᠢᠬᠤ᠎ᠠᠴᠠ ᠰᠡᠷᠭᠡᠶ᠋ᠢᠯᠡᠬᠦ ᠪᠠ ᠬᠥᠳᠡᠯᠮᠦᠷᠢ ᠵᠢ ᠬᠠᠮᠠᠭ᠋ᠠᠯᠠᠬᠤ ᠲᠤᠬᠠᠶ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠥᠨᠳᠥᠷ ᠳᠤᠯᠠᠭ᠋ᠠᠨ᠎ᠲᠠᠢ ᠴᠠᠭ ᠠᠭᠤᠷ᠎ᠤᠨ ᠭᠡᠷ᠎ᠤᠨ ᠭᠠᠳᠠᠨᠠᠬᠢ ᠵᠠᠳᠠᠭ᠋ᠠᠶ ᠠᠵᠢᠯ᠎ᠤᠨ ᠬᠠᠮᠢᠶ᠎ᠠ ᠪᠦᠬᠦᠢ ᠲᠣᠭᠲᠠᠭ᠋ᠠᠯ᠎ᠢ ᠬᠡᠷᠡᠭᠵᠢᠭᠦᠯᠵᠦ᠂ ᠭᠡᠷ᠎ᠤᠨ ᠭᠠᠳᠠᠨᠠᠬᠢ ᠬᠥᠳᠡᠯᠮᠦᠷᠢᠴᠢᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠥᠨᠳᠥᠷ ᠬᠠᠯᠠᠭᠤᠨ ᠴᠠᠭ᠎ᠲᠤ ᠣᠷᠳᠣ ᠬᠤᠭᠤᠴᠠᠭ᠎ᠠ᠎ᠪᠠᠷ ᠭᠡᠷ᠎ᠤᠨ ᠭᠠᠳᠠᠨ᠎ᠠ ᠠᠵᠢᠯᠯᠠᠬᠤ᠎ᠠᠴᠠ ᠵᠠᠶ᠋ᠢᠯᠠᠰᠬᠢᠵᠦ᠂ ᠭᠡᠷ᠎ᠤᠨ ᠭᠠᠳᠠᠨᠠᠬᠢ ᠬᠥᠳᠡᠯᠮᠦᠷᠢᠴᠢᠳ᠎ᠢ ᠭᠦᠢ᠍ᠴᠡᠳ ᠠᠮᠠᠷᠠᠬᠤ ᠪᠠ ᠰᠡᠷᠭᠦᠭᠡᠬᠦ ᠴᠠᠭ᠎ᠲᠠᠢ ᠪᠣᠯᠭ᠋ᠠᠬᠤ ᠬᠡᠷᠡᠭᠲᠡᠶ;  ᠡᠷᠬᠢᠯᠡᠭᠰᠡᠨ ᠠᠵᠢᠯ᠎ᠤᠨ ᠡᠷᠡᠭᠦᠯ ᠮᠡᠨᠳᠦ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠭᠡᠷ᠎ᠤᠨ ᠭᠠᠳᠠᠨᠠᠬᠢ ᠬᠥᠳᠡᠯᠮᠦᠷᠢᠴᠢᠳ᠎ᠤᠨ ᠠᠵᠢᠯ ᠮᠡᠷᠭᠡᠵᠢᠯ᠎ᠤᠨ ᠠᠮᠤᠷ ᠲᠦᠪᠰᠢᠨ ᠡᠷᠡᠭᠦᠯ ᠬᠠᠮᠠᠭ᠋ᠠᠯᠠᠯ᠎ᠤᠨ ᠬᠥᠮᠦᠵᠢᠯ ᠪᠣᠯᠪᠠᠰᠤᠷᠠᠯ᠎ᠢ ᠴᠢᠩᠭ᠋ᠠᠷᠠᠭᠤᠯᠤᠨ᠂ ᠥᠨᠳᠥᠷ ᠳᠤᠯᠠᠭ᠋ᠠᠨ᠎ᠳᠤ ᠰᠡᠷᠭᠡᠶ᠋ᠢᠯᠡᠨ ᠬᠠᠮᠠᠭ᠋ᠠᠯᠠᠬᠤ᠂ ᠨᠠᠷᠠᠰᠢᠬᠤ᠎ᠠᠴᠠ ᠰᠡᠷᠭᠡᠶ᠋ᠢᠯᠡᠵᠦ ᠲᠦᠷᠭᠡᠨ ᠠᠪᠤᠷᠠᠬᠤ ᠵᠡᠷᠭᠡ ᠰᠠᠭᠤᠷᠢ ᠰᠡᠷᠭᠡᠶ᠋ᠢᠯᠡᠨ ᠬᠠᠮᠠᠭ᠋ᠠᠯᠠᠬᠤ ᠮᠡᠳᠡᠯᠭᠡ ᠵᠢ ᠲᠦᠭᠡᠮᠡᠯᠵᠢᠭᠦᠯᠵᠦ᠂ ᠥᠪᠡᠷ᠎ᠢ᠎ᠪᠠᠨ ᠬᠠᠮᠠᠭ᠋ᠠᠯᠠᠬᠤ ᠦᠵᠡᠯ ᠤᠬᠠᠮᠰᠠᠷ ᠪᠣᠯᠤᠨ ᠴᠢᠳᠠᠪᠤᠷᠢ ᠵᠢ ᠳᠡᠭᠡᠭᠰᠢᠯᠡᠭᠦᠯᠦᠨ᠎ᠡ; ᠭᠠᠳᠠᠭᠰᠢ ᠬᠤᠳᠠᠯᠳᠤᠭᠴᠢ᠂ ᠲᠦᠷᠭᠡᠨ ᠬᠦᠷᠭᠡᠭᠴᠢ᠂ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠎ᠤᠨ ᠠᠵᠢᠯᠴᠢᠨ ᠵᠡᠷᠭᠡ ᠭᠡᠷ᠎ᠤᠨ ᠭᠠᠳᠠᠨᠠᠬᠢ ᠬᠥᠳᠡᠯᠮᠦᠷᠢᠴᠢᠳ᠎ᠲᠤ ᠥᠨᠳᠥᠷ ᠳᠤᠯᠠᠭ᠋ᠠᠨ᠎ᠳᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠥᠨᠳᠥᠷ ᠳᠤᠯᠠᠭ᠋ᠠᠨ ᠴᠠᠭ ᠠᠭᠤᠷ᠎ᠤᠨ ᠬᠤᠭᠤᠴᠠᠭ᠋ᠠᠨ᠎ᠳᠠᠬᠢ ᠡᠷᠡᠭᠦᠯ ᠮᠡᠨᠳᠦ ᠵᠢᠨ ᠰᠡᠷᠭᠡᠶ᠋ᠢᠯᠡᠯᠲᠡ ᠪᠠ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠴᠢᠬᠤᠯᠠ ᠪᠦᠬᠦᠢ ᠬᠥᠳᠡᠯᠮᠦᠷᠢ ᠵᠢᠨ ᠬᠠᠮᠠᠭ᠋ᠠᠯᠠᠯᠲᠠ ᠵᠢᠨ ᠬᠡᠷᠡᠭᠰᠡᠯ᠂ ᠨᠠᠷᠠᠰᠢᠬᠤ᠎ᠠᠴᠠ ᠰᠡᠷᠭᠡᠶ᠋ᠢᠯᠡᠵᠦ ᠬᠠᠯᠠᠭᠤᠨ᠎ᠢ ᠪᠠᠭᠤᠷᠠᠭᠤᠯᠬᠤ ᠤᠮᠳᠠᠭ᠋ᠠᠨ ᠵᠢᠴᠢ ᠴᠢᠬᠤᠯᠠ ᠪᠦᠬᠦᠢ ᠡᠮ᠎ᠤᠨ ᠵᠦᠢ᠍ᠯ᠎ᠢ ᠬᠠᠩᠭ᠋ᠠᠵᠤ᠂ ᠭᠡᠷ᠎ᠤᠨ ᠭᠠᠳᠠᠨᠠᠬᠢ ᠬᠥᠳᠡᠯᠮᠦᠷᠢᠴᠢᠳ᠎ᠤᠨ ᠡᠷᠡᠭᠦᠯ ᠮᠡᠨᠳᠦ ᠵᠢᠨ ᠪᠠᠶ᠋ᠢᠴᠠᠭ᠋ᠠᠨ ᠬᠡᠮᠵᠢᠯᠲᠡ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢ ᠴᠢᠩᠭ᠋ᠠᠳᠬᠠᠨ᠎ᠠ᠃

   ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ 《ᠤᠮᠠᠷᠠᠲᠤ ᠬᠢᠯᠢ ᠵᠢᠨ ᠠᠵᠢᠯᠲᠡᠨ᠎ᠤ ᠡᠪᠯᠡᠯ᠎ᠤᠨ ᠬᠠᠯᠠᠮᠵᠢ》 APP᠎ᠪᠠᠷ ᠳᠠᠮᠵᠢᠭᠤᠯᠤᠨ ᠦᠨᠡᠨ ᠨᠡᠷ᠎ᠡ᠎ᠪᠠᠷ ᠭᠡᠷᠡᠴᠢᠯᠡᠭᠳᠡᠭᠰᠡᠨ ᠪᠠᠷᠠᠭ᠋ᠠᠨ᠎ᠤ ᠲᠡᠷᠭᠡᠨ ᠵᠢᠯᠣᠭᠤᠴᠢ᠂ ᠰᠦᠯᠵᠢᠶ᠎ᠡ᠎ᠪᠠᠷ ᠲᠡᠷᠭᠡ ᠪᠣᠯᠵᠣᠬᠤ ᠵᠢᠯᠣᠭᠤᠴᠢ ᠵᠡᠷᠭᠡ ᠬᠡᠷ᠎ᠤᠨ ᠭᠠᠳᠠᠨᠠᠬᠢ ᠠᠵᠢᠯᠲᠠᠳ᠎ᠲᠤ 《ᠰᠡᠷᠢᠭᠦᠨ ᠲᠡᠮᠳᠡᠭᠲᠦ》 ᠵᠢ ᠲᠠᠷᠬᠠᠭ᠋ᠠᠪᠠ; ᠪᠥᠬᠦ ᠣᠷᠣᠨ᠎ᠤ 《ᠠᠵᠢᠯᠴᠢᠨ᠎ᠤ ᠡᠪᠯᠡᠯ᠎ᠤᠨ ᠥᠷᠲᠡᠭᠡ》᠂ 《ᠵᠢᠯᠣᠭᠤᠴᠢ ᠵᠢᠨ ᠬᠡᠷ》᠎ᠨᠢ ᠭᠠᠳᠠᠭᠰᠢ ᠬᠤᠳᠠᠯᠳᠤᠭᠴᠢ᠂ ᠲᠦᠷᠭᠡᠨ ᠬᠦᠷᠭᠡᠭᠴᠢ᠂ ᠰᠦᠯᠵᠢᠶ᠎ᠡ᠎ᠪᠠᠷ ᠪᠣᠯᠵᠣᠬᠤ ᠲᠡᠷᠭᠡᠨ᠎ᠤ ᠵᠢᠯᠣᠭᠤᠴᠢ᠂ ᠪᠠᠷᠠᠭ᠋ᠠᠨ᠎ᠤ ᠲᠡᠷᠭᠡᠨ ᠵᠢᠯᠣᠭᠤᠴᠢ᠂ ᠣᠷᠴᠢᠨ ᠲᠣᠭᠤᠷᠢᠨ᠎ᠤ ᠠᠷᠢᠭᠤᠨ ᠴᠡᠪᠡᠷ᠎ᠤᠨ ᠠᠵᠢᠯᠴᠢᠨ ᠵᠡᠷᠭᠡ ᠵᠢ ᠪᠠᠭᠲᠠᠭ᠋ᠠᠭᠰᠠᠨ ᠥᠷᠭᠡᠨ ᠣᠯᠠᠨ ᠬᠡᠷ᠎ᠤᠨ ᠭᠠᠳᠠᠨᠠᠬᠢ ᠬᠥᠳᠡᠯᠮᠦᠷᠢᠴᠢᠳ᠎ᠲᠤ ᠵᠣᠷᠯᠣᠩ᠂ ᠦᠨ᠎ᠡ ᠲᠥᠯᠥᠪᠦᠷᠢ ᠥᠬᠡᠶ ᠤᠰᠤ ᠤᠮᠳᠠ᠂ ᠬᠠᠯᠠᠭᠤᠨ᠎ᠠᠴᠠ ᠵᠠᠢ᠌ᠯᠠᠵᠤ ᠰᠡᠷᠢᠭᠦᠴᠡᠬᠦ᠂ ᠭᠠᠷ ᠤᠲᠠᠰᠤ ᠴᠠᠬᠢᠯᠭ᠋ᠠᠨ ᠴᠡᠨᠡᠭᠯᠡᠬᠦ᠂ ᠨᠣᠮ ᠪᠢᠴᠢᠭ ᠤᠩᠰᠢᠬᠤ ᠵᠡᠷᠭᠡ ᠦᠢ᠍ᠯᠡᠴᠢᠯᠡᠭᠡ ᠬᠠᠩᠭ᠋ᠠᠪᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            