ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠢᠵᠢᠶᠠᠩ᠎ᠳᠤ 2024 ᠣᠨ᠎ᠤ 4 ᠳ᠋ᠦ᠍ᠭᠡᠷ ᠲᠤᠭ᠋ᠠᠲᠦ ᠦᠶᠡᠷ᠎ᠤᠨ ᠭᠠᠮᠰᠢᠭ ᠡᠭᠦᠰᠪᠡ ᠤᠰᠤᠨ ᠠᠰᠢᠭᠯᠠᠯᠲᠠ ᠵᠢᠨ ᠶᠠᠮᠤᠨ ᠦᠶᠡᠷ᠎ᠢ ᠰᠡᠷᠭᠡᠶ᠋ᠢᠯᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠪᠡ
ᠨᠡᠶ᠋ᠢᠲᠡᠯᠡᠭᠰᠡᠨ ᠴᠠᠭ᠄ 2024-07-03

    ᠤᠢ᠌ᠷ᠎ᠠ ᠵᠢᠨ ᠡᠳᠦᠷ ᠰᠢᠷᠦᠭᠦᠨ ᠪᠣᠷᠣᠭ᠋ᠠᠨ᠎ᠤ ᠨᠥᠯᠥᠭᠡ᠎ᠪᠠᠷ᠂ ᠪᠠᠷᠠᠭᠤᠨ ᠮᠥᠷᠡᠨ᠎ᠤ ᠭᠣᠣᠯ ᠤᠷᠤᠰᠬᠠᠯ ᠵᠢᠴᠢ ᠰᠠᠯᠪᠤᠷᠢ ᠤᠷᠤᠰᠬᠠᠯ ᠯᠢᠦ ᠵᠢᠶᠠᠩ᠂ ᠬᠦᠢ ᠵᠢᠶᠠᠩ ᠮᠥᠷᠡᠨ ᠢᠯᠡᠳᠲᠡ ᠤᠰᠤᠨ᠎ᠤ ᠶᠠᠪᠤᠴᠠ ᠢᠯᠡᠷᠡᠪᠡ᠃ 7 ᠳ᠋ᠤᠭ᠋ᠠᠷ ᠰᠠᠷ᠎ᠠ ᠵᠢᠨ 3᠎ᠤ ᠡᠳᠦᠷ᠎ᠤᠨ 1 ᠴᠠᠭ 30 ᠮᠢᠨᠦ᠋ᠲ᠎ᠲᠤ᠂ ᠪᠠᠷᠠᠭᠤᠨ ᠮᠥᠷᠡᠨ᠎ᠤ ᠭᠤᠤᠯ ᠤᠷᠤᠰᠬᠠᠯ᠎ᠤᠨ ᠡᠵᠡᠮᠳᠡᠬᠦ ᠥᠷᠲᠡᠭᠡ ᠦᠵᠧᠦ ᠵᠢᠨ ᠤᠰᠤᠨ ᠰᠢᠨᠵᠢᠯᠡᠭᠡᠨ᠎ᠤ ᠥᠷᠲᠡᠭᠡ ᠵᠢᠨ ᠤᠰᠤᠨ ᠲᠦᠪᠰᠢᠨ ᠨᠡᠮᠡᠭᠳᠡᠭᠡᠳ ᠰᠡᠷᠭᠡᠶ᠋ᠢᠯᠡᠯᠲᠡ ᠵᠢᠨ ᠤᠰᠤᠨ ᠲᠦᠪᠰᠢᠨ (18.50 ᠮᠸᠲᠷ) ᠪᠣᠯᠵᠤ᠂ ᠤᠰᠤᠨ ᠠᠰᠢᠭᠯᠠᠯᠲᠠ ᠵᠢᠨ ᠶᠠᠮᠤᠨ᠎ᠤ 《ᠪᠥᠬᠦ ᠤᠯᠤᠰ᠎ᠤᠨ ᠭᠤᠤᠯ ᠮᠥᠷᠡᠨ ᠭᠤᠤᠯ᠎ᠤᠨ ᠦᠶᠡᠷ᠎ᠤᠨ ᠳ᠋ᠤᠭ᠋ᠠᠷ᠎ᠤᠨ ᠲᠣᠭᠲᠠᠭ᠋ᠠᠯ》᠎ᠢ ᠦᠨᠳᠦᠰᠦᠯᠡᠨ᠂ 《ᠰᠢᠵᠢᠶᠠᠩ 2024 ᠣᠨ᠎ᠤ 4 ᠳ᠋ᠤᠭᠡᠷ ᠲᠣᠭ᠋ᠠᠲᠤ ᠦᠶᠡᠷ》 ᠭᠡᠵᠦ ᠳ᠋ᠤᠭ᠋ᠠᠷᠯᠠᠪᠠ᠃

   ᠤᠯᠤᠰ᠎ᠤᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠦᠶᠡᠷ᠎ᠤᠨ ᠶᠠᠪᠤᠴᠠ ᠵᠢ ᠨᠢᠭᠲᠠ ᠬᠢᠨᠠᠨ       ᠬᠡᠮᠵᠢᠵᠦ᠂ ᠦᠶᠡᠷ᠎ᠤᠨ ᠠᠶᠤᠯ ᠲᠦᠭᠰᠢᠭᠦᠷᠢ ᠵᠢ ᠡᠮᠬᠢᠯᠡᠨ ᠰᠤᠳᠤᠯᠤᠨ ᠮᠠᠭ᠋ᠠᠳᠯᠠᠵᠤ᠂ ᠰᠠᠪᠠ ᠭᠠᠵᠠᠷ᠎ᠤᠨ ᠤᠰᠤᠨ᠎ᠤ ᠢᠨᠵᠧᠨᠧᠷᠢᠩ᠎ᠢ ᠬᠠᠨᠳᠤᠯᠭ᠋ᠠᠲᠤ ᠴᠢᠨᠠᠷᠲᠠᠶ᠎ᠪᠠᠷ ᠲᠣᠬᠢᠷᠠᠭᠤᠯᠵᠤ᠂ ᠠᠷᠭ᠋ᠠᠴᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃  ᠤᠰᠤᠨ ᠠᠰᠢᠭᠯᠠᠯᠲᠠ ᠵᠢᠨ ᠶᠠᠮᠤᠨ ᠡᠳᠦᠷ ᠳᠠᠷᠠᠭ᠋ᠠᠯᠠᠨ ᠵᠥᠪᠳᠡᠯᠴᠡᠨ ᠰᠤᠳᠤᠯᠵᠤ ᠮᠠᠭ᠋ᠠᠳᠯᠠᠵᠤ᠂ ᠤᠰᠤᠨ ᠠᠰᠢᠭᠯᠠᠯᠲᠠ ᠵᠢᠨ ᠶᠠᠮᠤᠨ᠎ᠤ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠵᠥᠪᠯᠡᠯ ᠪᠣᠯᠣᠨ ᠭᠦᠢ᠍ᠵᠧᠦ᠂ ᠭᠤᠸᠠᠩᠰᠢ ᠵᠡᠷᠭᠡ ᠮᠤᠵᠢ (ᠥᠪᠡᠷᠲᠡᠭᠡᠨ ᠵᠠᠰᠠᠬᠤ ᠣᠷᠣᠨ) ᠵᠢᠨ ᠤᠰᠤᠨ ᠠᠰᠢᠭᠯᠠᠯᠲᠠ ᠵᠢᠨ ᠲᠢᠩᠬᠢᠮ᠎ᠢ ᠤᠷᠢᠳᠴᠢᠯᠠᠨ ᠵᠣᠬᠢᠶᠠᠨ ᠪᠠᠶ᠋ᠢᠭᠤᠯᠵᠤ ᠰᠢᠵᠢᠶᠠᠩ ᠮᠥᠷᠡᠨ᠎ᠤ ᠭᠤᠣᠯ ᠪᠣᠯᠬᠤ ᠰᠠᠯᠪᠤᠷᠢ ᠤᠷᠤᠰᠬᠠᠯ᠎ᠤᠨ ᠭᠤᠣᠯᠯᠠᠭᠴᠢ ᠤᠰᠤᠨ ᠴᠥᠭᠦᠷᠥᠮ᠎ᠤᠨ ᠤᠷᠢᠳᠴᠢᠯᠠᠨ ᠵᠠᠳᠠᠷᠠᠭᠤᠯᠬᠤ ᠬᠥᠮᠥᠷᠭᠡ ᠵᠢ ᠲᠣᠬᠢᠷᠠᠭᠤᠯᠵᠤ᠂ ᠲᠢᠶᠠᠨ ᠱᠧᠩ ᠬᠥᠭᠦᠷᠭᠡ ᠵᠢᠨ ᠨᠢᠭᠡᠳᠦᠭᠡᠷ ᠳᠡᠰ᠂ ᠯᠦᠩ ᠲᠠᠨ᠂ ᠭᠤᠸᠠᠩ ᠵᠤᠤ᠂ ᠪᠠᠢ ᠰᠧ᠂ ᠳ᠋ᠠ ᠲᠧᠩ ᠰᠢᠶᠠ ᠵᠡᠷᠭᠡ ᠭᠤᠣᠯᠯᠠᠭᠴᠢ ᠤᠰᠤᠨ ᠴᠥᠭᠦᠷᠥᠮ᠎ᠤᠨ ᠦᠶᠡᠷ᠎ᠢ ᠬᠠᠰᠢᠵᠦ ᠤᠷᠬᠢᠯ᠎ᠢ ᠵᠤᠷᠭᠤᠬᠤ ᠵᠢ ᠴᠠᠭ ᠲᠤᠬᠠᠢ᠎ᠳᠤᠨᠢ ᠲᠣᠬᠢᠷᠠᠭᠤᠯᠤᠨ ᠡᠵᠡᠮᠳᠡᠵᠦ᠂  ᠭᠤᠸᠠᠩᠰᠢ ᠵᠡᠷᠭᠡ ᠰᠢᠷᠦᠭᠦᠨ ᠪᠣᠷᠣᠭ᠋ᠠᠨ᠎ᠢ ᠨᠥᠯᠥᠭᠡᠯᠡᠬᠦ ᠣᠷᠣᠨ ᠪᠦᠰᠡ᠎ᠳᠤ ᠴᠢᠭᠯᠡᠭᠦᠯᠦᠨ᠂ ᠡᠳᠦᠷ ᠪᠦᠷᠢ 《ᠨᠢᠭᠡ ᠮᠤᠵᠢ᠎ᠳᠤ ᠨᠢᠭᠡ ᠳᠠᠩᠰᠠ》 ᠭᠠᠷᠭ᠋ᠠᠵᠤ᠂ ᠣᠷᠣᠨ ᠨᠤᠲᠤᠭ᠎ᠲᠤ ᠬᠠᠰᠢᠯᠭ᠎ᠠ ᠵᠢ ᠲᠣᠭᠤᠷᠢᠨ ᠪᠠᠶ᠋ᠢᠴᠠᠭ᠋ᠠᠵᠤ ᠰᠡᠷᠭᠡᠶ᠋ᠢᠯᠡᠬᠦ᠂ ᠳᠤᠮᠳᠠ ᠵᠢᠵᠢᠭ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ᠂ ᠳᠤᠮᠳᠠ ᠵᠢᠵᠢᠭ ᠭᠤᠤᠯ ᠮᠥᠷᠡᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠵᠢᠴᠢ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠵᠡᠷᠭᠡ ᠠᠵᠢᠯ᠎ᠢ ᠴᠢᠩᠭ᠋ᠠᠳᠬᠠᠬᠤ ᠬᠡᠷᠡᠭᠲᠡᠶ ᠭᠡᠵᠦ ᠰᠠᠨᠠᠭᠤᠯᠪᠠ᠃ ᠤᠰᠤᠨ ᠠᠰᠢᠭᠯᠠᠯᠲᠠ ᠵᠢᠨ ᠶᠠᠮᠤᠨ ᠭᠤᠸᠠᠩᠰᠢ᠂ ᠭᠦᠢ᠍ᠵᠧᠦ ᠵᠡᠷᠭᠡ ᠭᠠᠵᠠᠷ᠎ᠤᠨ ᠦᠶᠡᠷ᠎ᠤᠨ ᠤᠰᠤ ᠵᠢ ᠰᠡᠷᠭᠡᠶ᠋ᠢᠯᠡᠬᠦ Ⅳ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠴᠤᠤᠷᠢᠶᠠᠳᠤᠵᠦ᠂ ᠠᠵᠢᠯᠯᠠᠬᠤ ᠳᠤᠭᠤᠶ᠋ᠢᠯᠠᠩ ᠮᠥᠨ ᠬᠦ᠌ ᠭᠤᠸᠠᠩᠰᠢ ᠵᠢᠨ ᠦᠶᠡᠷ᠎ᠢ ᠰᠡᠷᠭᠡᠶ᠋ᠢᠯᠡᠬᠦ ᠨᠢᠭᠡᠳᠦᠭᠡᠷ ᠹᠷᠣᠨᠲ᠎ᠲᠤ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠵᠢᠯᠣᠭᠤᠳᠪᠠ᠃

   ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠭᠯᠠᠯᠲᠠ ᠵᠢᠨ ᠶᠠᠮᠤᠨ ᠪᠣᠷᠣᠭ᠋ᠠᠨ᠎ᠤ ᠪᠠᠶ᠋ᠢᠳᠠᠯ ᠤᠰᠤᠨ᠎ᠤ ᠪᠠᠶ᠋ᠢᠳᠠᠯ ᠦᠶᠡᠷ᠎ᠤᠨ ᠪᠠᠶ᠋ᠢᠳᠠᠯ᠎ᠢ ᠦᠷᠭᠦᠯᠵᠢᠯᠡᠨ ᠴᠢᠩᠭ᠎ᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠵᠥᠪᠳᠡᠯᠴᠡᠨ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠰᠠᠪᠠ ᠭᠠᠵᠠᠷ᠎ᠤᠨ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠶ᠎ᠪᠠᠷ ᠳᠣᠭᠢᠷᠠᠭᠤᠯᠵᠤ᠂ ᠣᠷᠣᠨ ᠨᠤᠲᠤᠭ᠎ᠢ ᠵᠢᠯᠣᠭᠤᠳᠤᠨ ᠰᠢᠮᠳᠠᠭᠤᠯᠵᠤ ᠪᠠᠶ᠋ᠢᠭ᠋ᠠᠳ ᠡᠯ᠎ᠡ ᠵᠦᠢ᠍ᠯ᠎ᠤᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠷᠢᠯᠢᠭ ᠨᠠᠶ᠋ᠢᠳᠠᠪᠤᠷᠢᠵᠢᠭᠤᠯᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            