ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
2024 ᠣᠨ᠎ᠳᠤ ᠳ᠋ᠠᠨ ᠵᠢᠶᠠᠩ ᠺᠸᠤ ᠴᠥᠭᠦᠷᠥᠮ᠎ᠤᠨ ᠣᠷᠣᠨ ᠵᠢᠴᠢ ᠲᠡᠭᠦᠨ᠎ᠤ ᠳᠡᠭᠡᠳᠦ ᠤᠷᠤᠰᠬᠠᠯ᠎ᠤᠨ ᠰᠠᠪᠠ ᠭᠠᠵᠠᠷ᠎ᠤᠨ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠠᠩᠬᠠᠳᠤᠭ᠋ᠠᠷ ᠤᠳᠠᠭ᠋ᠠᠨ᠎ᠤ ᠬᠤᠷᠠᠯ ᠪᠡᠭᠡᠵᠢᠩ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2024-07-03

  6 ᠳ᠋ᠤᠭ᠋ᠠᠷ ᠰᠠᠷ᠎ᠠ ᠵᠢᠨ 28᠎ᠤ ᠡᠳᠦᠷ᠂ 2024 ᠣᠨ᠎ᠳᠤ ᠳ᠋ᠠᠨ ᠵᠢᠶᠠᠩ ᠺᠸᠤ ᠴᠥᠭᠦᠷᠥᠮ᠎ᠤᠨ ᠣᠷᠣᠨ ᠵᠢᠴᠢ ᠲᠡᠭᠦᠨ᠎ᠤ ᠳᠡᠭᠡᠳᠦ ᠤᠷᠤᠰᠬᠠᠯ᠎ᠤᠨ ᠰᠠᠪᠠ ᠭᠠᠵᠠᠷ᠎ᠤᠨ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠤᠨ ᠠᠩᠬᠠᠳᠤᠭ᠋ᠠᠷ ᠤᠳᠠᠭ᠋ᠠᠨ᠎ᠤ ᠬᠤᠷᠠᠯ ᠪᠡᠭᠡᠵᠢᠩ᠎ᠳᠤ       ᠬᠤᠷᠠᠯᠳᠤᠵᠤ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠰᠠᠶ᠋ᠢᠳ ᠸᠠᠩ ᠳ᠋ᠤᠤ ᠰᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

   ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ ᠢᠮᠠᠭᠲᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠢ ᠬᠠᠮᠠᠭ᠋ᠠᠯᠠᠬᠤ ᠠᠵᠢᠯ᠎ᠲᠠᠢ ᠰᠡᠳᠬᠢᠯ ᠵᠢᠷᠦᠬᠡ᠎ᠪᠠᠨ ᠬᠤᠯᠪᠣᠵᠤ᠂ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭ᠋ᠠᠪᠤᠷᠢ ᠴᠣᠬᠤᠯᠠᠪᠤᠷᠢ ᠥᠭᠴᠡᠢ᠃ 《ᠬᠤᠶᠠᠷ᠎ᠢ ᠲᠣᠭᠲᠠᠭ᠋ᠠᠬᠤ》 ᠵᠢ ᠪᠠᠷᠢᠮᠲᠠᠯᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠤᠯᠠᠪᠤᠷᠢ ᠪᠠ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳ᠋ᠠᠨ ᠵᠢᠶᠠᠩ ᠺᠸᠤ ᠴᠥᠭᠦᠷᠥᠮ᠎ᠤᠨ ᠣᠷᠣᠨ ᠵᠢᠴᠢ ᠲᠡᠭᠦᠨ᠎ᠤ ᠳᠡᠭᠡᠳᠦ ᠤᠷᠤᠰᠬᠠᠯ᠎ᠤᠨ ᠰᠠᠪᠠ ᠭᠠᠵᠠᠷ᠎ᠤᠨ ᠤᠰᠤᠨ᠎ᠤ ᠴᠢᠨᠠᠷ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠤᠨ ᠤᠰᠤᠨ ᠠᠰᠢᠭᠯᠠᠯᠲᠠ ᠵᠢᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠨ ᠡᠴᠦᠰ᠎ᠲᠤᠨᠢ ᠲᠤᠯᠲᠠᠯ᠎ᠠ ᠠᠳᠬᠤᠬᠤ ᠬᠡᠷᠡᠭᠲᠡᠢ ᠭᠡᠵᠦ ᠴᠢᠩᠭ᠋ᠠᠳᠬᠠᠵᠠᠢ᠃

   ᠬᠤᠷᠠᠯ᠎ᠠᠴᠠ ᠳᠡᠭᠡᠷ᠎ᠡ ᠬᠠᠭ᠋ᠠᠰ ᠵᠢᠯ᠎ᠤᠨ ᠠᠵᠢᠯ᠎ᠢ ᠭᠦᠢ᠍ᠴᠡᠳ ᠨᠤᠲᠠᠯᠠᠵᠤ᠂ ᠡᠯ᠎ᠡ ᠵᠦᠢ᠍ᠯ᠎ᠤᠨ ᠡᠭᠦᠷᠭᠡ ᠵᠢ ᠡᠮᠬᠢ ᠵᠢᠷᠤᠮ᠎ᠲᠠᠢ ᠡᠷᠴᠢᠮᠳᠠᠢ ᠠᠬᠢᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ ᠨᠢᠭᠡ᠎ᠳᠤ᠂ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠨ᠎ᠠ᠃ ᠲᠥᠪ᠎ᠤᠨ ᠪᠡᠯᠡ ᠮᠥᠩᠭᠥ ᠵᠢ 22 ᠳ᠋ᠦᠩᠰᠢᠭᠤᠷ ᠲᠥᠭᠥᠷᠢᠭ ᠢᠳᠡᠪᠬᠢᠲᠡᠶ᠎ᠪᠠᠷ ᠨᠠᠶ᠋ᠢᠳᠠᠪᠤᠷᠢᠵᠢᠭᠤᠯᠵᠤ᠂ ᠾᠧᠨᠠᠨ᠂ ᠬᠤᠪᠧᠶ᠂ ᠴᠦᠩᠴᠢᠩ᠂ ᠰᠧᠴᠤᠸᠠᠨ᠂ ᠱᠠᠨᠰᠢ᠂ ᠭᠠᠨᠰᠦ ᠵᠢᠷᠭᠤᠭ᠋ᠠᠨ ᠮᠤᠵᠢ (ᠬᠣᠲᠠ) ᠵᠢᠨ ᠤᠰᠤ ᠰᠢᠷᠣᠶ ᠵᠢᠨ ᠢᠳᠡᠭᠳᠡᠯ᠎ᠢ ᠵᠠᠰᠠᠬᠤ ᠵᠡᠷᠭᠡ ᠲᠦᠰᠦᠯ᠎ᠢ ᠬᠡᠷᠡᠭᠵᠢᠭᠦᠯᠬᠦ ᠵᠢ ᠳᠡᠮᠵᠢᠨ᠎ᠡ᠃  ᠬᠤᠶᠠᠷ᠎ᠲᠤ᠂ ᠬᠢᠨᠠᠨ ᠬᠡᠮᠵᠢᠬᠦ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠬᠥᠮᠥᠷᠭᠡ᠎ᠳᠤ ᠣᠷᠣᠭᠤᠯᠤᠭᠰᠠᠨ ᠭᠤᠣᠯ ᠪᠣᠯᠬᠤ ᠭᠤᠣᠯ᠎ᠤᠨ ᠤᠰᠤᠨ᠎ᠤ ᠴᠢᠨᠠᠷ᠎ᠢ ᠠᠦ᠋ᠲ᠋ᠣ᠋ ᠬᠢᠨᠠᠨ ᠬᠡᠮᠵᠢᠬᠦ ᠥᠷᠲᠡᠭᠡ 4 ᠵᠤᠷᠪᠤᠰ ᠰᠢᠨ᠎ᠡ᠎ᠪᠠᠷ ᠥᠭᠡᠷᠡᠴᠢᠯᠡᠨ ᠪᠠᠶ᠋ᠢᠭᠤᠯᠪᠠ; ᠳ᠋ᠠᠨ ᠵᠢᠶᠠᠩ ᠺᠸᠤ ᠴᠥᠭᠦᠷᠥᠮ᠎ᠤᠨ ᠣᠷᠣᠨ ᠵᠢᠴᠢ ᠳᠡᠭᠡᠳᠦ ᠤᠷᠤᠰᠬᠠᠯ᠎ᠤᠨ ᠰᠠᠪᠠ ᠭᠠᠵᠠᠷ᠎ᠤᠨ ᠤᠰᠤ ᠰᠢᠷᠣᠢ ᠵᠢᠨ ᠢᠳᠡᠭᠳᠡᠯ᠎ᠤᠨ ᠪᠠᠶ᠋ᠢᠳᠠᠯ᠎ᠢ ᠪᠦᠬᠦᠨ᠎ᠢ ᠬᠢᠨᠠᠨ ᠬᠡᠮᠵᠢᠪᠡ; ᠬᠠᠨ ᠵᠢᠶᠠᠩ ᠮᠥᠷᠡᠨ᠎ᠤ ᠰᠠᠪᠠ ᠭᠠᠵᠠᠷ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠡᠵᠡᠮᠳᠡᠬᠦ ᠣᠭᠲᠣᠯᠤᠭ᠋ᠠᠰᠤ᠎ᠳᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠦᠷᠭᠦᠯᠵᠢᠯᠡᠨ ᠥᠷᠨᠢᠭᠦᠯᠪᠡ᠃ ᠭᠤᠷᠪᠠ᠎ᠳᠤ᠂ ᠤᠰᠤᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠎ᠠ᠃ 2024 ᠣᠨ᠎ᠳᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠠᠮᠢ ᠠᠬᠤᠢ ᠵᠢᠨ ᠨᠥᠬᠦᠪᠦᠷᠢ ᠵᠢ 8.95 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠬᠡᠷᠡᠭᠵᠢᠭᠦᠯᠵᠦ᠂ ᠬᠠᠨ ᠵᠢᠶᠠᠩ ᠮᠥᠷᠡᠨ᠎ᠤ ᠳᠤᠮᠳᠠ ᠳᠣᠣᠷᠠᠳᠤ ᠤᠷᠤᠰᠬᠠᠯ᠎ᠤᠨ ᠱᠠᠲᠤᠯᠢᠭ ᠬᠦᠢ᠍ᠰᠦ ᠵᠢᠨ ᠬᠠᠮᠲᠤᠷᠠᠭᠰᠠᠨ ᠠᠮᠢ ᠠᠬᠤᠢ ᠵᠢᠨ ᠲᠣᠬᠢᠷᠠᠭᠤᠯᠤᠯᠲᠠ ᠵᠢ ᠥᠷᠨᠢᠭᠦᠯᠪᠡ; ᠲᠣᠭ᠋ᠠᠴᠢᠯᠠᠭᠰᠠᠨ ᠢᠬᠡᠷ᠎ᠡ ᠳ᠋ᠠᠨ ᠵᠢᠶᠠᠩ ᠺᠸᠤ ᠠᠮᠠᠰᠠᠷ᠎ᠲᠤ 《ᠣᠭᠲᠠᠷᠭᠤᠢ ᠵᠢᠨ ᠭᠠᠵᠠᠷ᠎ᠤᠨ ᠳᠣᠲᠣᠷᠠᠬᠢ ᠤᠰᠤ》 ᠵᠢ ᠨᠢᠭᠡ ᠴᠣᠭᠴᠠᠵᠢᠭᠤᠯᠤᠨ ᠬᠢᠨᠠᠨ ᠬᠡᠮᠵᠢᠯᠲᠡ ᠵᠢᠨ ᠰᠡᠷᠡᠭᠳᠡᠯ᠎ᠤᠨ ᠰᠢᠰᠲ᠋ᠧᠮ᠎ᠢ ᠪᠠᠶ᠋ᠢᠭᠤᠯᠵᠤ᠂ ᠤᠰᠤ — ᠬᠥᠮᠥᠷᠭᠡ — ᠬᠠᠰᠢᠯᠭ᠎ᠠ ᠵᠢᠨ ᠪᠦᠷᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠲᠤᠰᠬᠠᠬᠤ ᠪᠠ 《ᠲᠦᠷᠪᠡᠨ ᠤᠷᠢᠳᠴᠢᠯᠠᠬᠤ》 ᠲᠤᠬᠠᠶ᠋ᠢᠯᠠᠭᠰᠠᠨ ᠠᠵᠢᠯ᠎ᠤᠨ ᠣᠶᠤᠨᠴᠢ ᠬᠡᠷᠡᠭᠯᠡᠯᠲᠡ ᠵᠢ ᠪᠡᠶᠡᠯᠡᠭᠦᠯᠪᠡ᠃  ᠲᠦᠷᠪᠡ᠎ᠳᠤ᠂ ᠪᠠᠶ᠋ᠢᠭᠤᠯᠤᠮᠵᠢ ᠲᠣᠭᠲᠠᠴᠠ ᠪᠣᠯᠤᠨ  ᠬᠠᠥᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠨ᠎ᠠ᠃ ᠬᠠᠨ ᠵᠢᠶᠠᠩ ᠮᠥᠷᠡᠨ᠎ᠤ ᠰᠠᠪᠠ ᠭᠠᠵᠠᠷ᠎ᠢ ᠵᠠᠰᠠᠵᠤ ᠬᠠᠮᠠᠭ᠋ᠠᠯᠠᠬᠤ ᠲᠥᠪ᠎ᠢ ᠪᠠᠶ᠋ᠢᠭᠤᠯᠵᠤ᠂ ᠬᠠᠨ ᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ᠎ᠤ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠶᠡᠷᠦᠩᠬᠡᠶ ᠠᠩᠭᠢ ᠵᠢ ᠵᠣᠬᠢᠶᠠᠨ ᠪᠠᠶ᠋ᠢᠭᠤᠯᠤᠨ᠎ᠠ; ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠬᠥᠳᠡᠯᠦᠩᠭᠦᠶ ᠲᠣᠬᠢᠷᠠᠭᠤᠯᠤᠯᠲᠠ ᠬᠢᠬᠦ ᠪᠠ ᠬᠠᠷᠢᠭᠤᠴᠠᠯᠭ᠎ᠠ ᠵᠢ ᠳᠠᠷᠠᠭ᠋ᠠᠯᠠᠨ ᠨᠥᠬᠦᠪᠦᠷᠢᠯᠡᠬᠦ ᠲᠣᠭᠲᠠᠴᠠ ᠵᠢ ᠪᠠᠶ᠋ᠢᠭᠤᠯᠵᠤ᠂ ᠳᠥᠷᠪᠡᠨ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠨᠡᠷᠡᠰ᠎ᠢ ᠨᠡᠶ᠋ᠢᠲᠡᠯᠡᠨ᠎ᠡ᠃ ᠡᠨᠡ ᠵᠢᠯ 6 ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯ᠎ᠠ᠂ ᠳᠤᠮᠳᠠ ᠱᠤᠭᠤᠮ᠎ᠤᠨ ᠪᠠᠷᠢᠯᠭ᠎ᠠ᠎ᠳᠤ ᠨᠢᠭᠡᠨᠲᠡ 40.89 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤ ᠲᠠᠲᠠᠵᠠᠢ᠃ ᠳ᠋ᠠᠨ ᠵᠢᠶᠠᠩ ᠺᠸᠤ ᠴᠦᠬᠦᠷᠦᠮ᠎ᠤᠨ ᠬᠠᠰᠢᠯᠭ᠎ᠠ ᠵᠢᠨ ᠣᠷᠣᠨ ᠵᠢᠴᠢ ᠲᠡᠭᠦᠨ᠎ᠤ ᠳᠡᠭᠡᠳᠦ ᠤᠷᠤᠰᠬᠠᠯ᠎ᠤᠨ ᠰᠠᠪᠠ ᠭᠠᠵᠠᠷ ᠪᠣᠯᠣᠨ ᠳᠤᠮᠳᠠ ᠱᠤᠭᠤᠮ᠎ᠤᠨ ᠶᠡᠷᠦᠩᠬᠡᠶ ᠭᠣᠣᠯ ᠰᠤᠪᠠᠭ᠎ᠤᠨ ᠤᠰᠤᠨ᠎ᠤ ᠴᠢᠨᠠᠷ᠎ᠤᠨ ᠪᠠᠶ᠋ᠢᠳᠠᠯ ᠲᠣᠭᠲᠠᠭᠤᠨ᠂ ᠶᠡᠷᠦᠩᠬᠡᠶ᠎ᠳᠡᠭᠡᠨ ᠰᠢᠯᠢᠳᠡᠭ᠃ ᠲᠤᠤ ᠴᠠ ᠴᠢᠦᠢ ᠰᠤᠪᠠᠭ᠎ᠤᠨ ᠡᠬᠢᠨ᠎ᠤ ᠪᠠᠷᠢᠯᠭ᠎ᠠ ᠵᠢᠨ 162 ᠡᠳᠦᠷ᠎ᠤᠨ ᠤᠰᠤᠨ᠎ᠤ ᠴᠢᠨᠠᠷ᠎ᠨᠢ ᠭᠠᠵᠠᠷ ᠳᠡᠭᠡᠷᠡᠬᠢ ᠤᠰᠤᠨ᠎ᠤ Ⅰ  ᠲᠦᠷᠦᠯ᠎ᠤᠨ ᠪᠠᠷᠢᠮᠵᠢᠶ᠎ᠠ᠎ᠳᠤ ᠬᠦᠷᠦᠭᠰᠡᠨ ᠪᠠᠶ᠋ᠢᠨ᠎ᠠ᠃

   ᠬᠤᠷᠠᠯ᠎ᠠᠴᠠ᠂ ᠡᠮᠦᠨ᠎ᠡ ᠬᠡᠰᠡᠭ᠎ᠤᠨ ᠠᠵᠢᠯ᠎ᠤᠨ ᠲᠤᠷᠰᠢᠯᠭ᠎ᠠ᠎ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠡᠯ᠎ᠡ ᠵᠦᠢ᠍ᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠮᠵᠢᠯᠴᠠᠨ ᠵᠠᠰᠠᠬᠤ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠪᠠ ᠪᠡᠯᠡ ᠮᠥᠩᠭᠦ ᠵᠢᠨ ᠪᠠᠲᠤᠯᠠᠭ᠎ᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠤᠰᠤᠨ ᠠᠰᠢᠭᠯᠠᠯᠲᠠ ᠵᠢᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠠᠬᠢᠭᠤᠯᠵᠤ᠂ 2024 ᠣᠨ᠎ᠤ ᠭᠤᠣᠯᠳᠠᠯᠭ᠎ᠠ᠎ᠲᠠᠢ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃

   ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠬᠠᠮᠢᠶᠠᠷᠤᠯᠲᠠ ᠵᠢᠨ ᠵᠤᠷᠭ᠋ᠠᠨ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠵᠤᠷᠭ᠋ᠠᠨ᠂ ᠡᠳ᠋᠎ᠤᠨ ᠶᠠᠪᠤᠳᠠᠯ᠎ᠤᠨ ᠵᠤᠷᠭ᠋ᠠᠨ᠂ ᠠᠵᠢᠯᠳᠠᠨ᠎ᠤ ᠶᠠᠪᠤᠳᠠᠯ᠎ᠤᠨ ᠵᠤᠷᠭ᠋ᠠᠨ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠵᠤᠷᠭ᠋ᠠᠨ᠂ ᠤᠰᠤ ᠰᠢᠷᠣᠢ ᠵᠢ ᠬᠠᠮᠠᠭ᠋ᠠᠯᠠᠬᠤ ᠵᠤᠷᠭ᠋ᠠᠨ᠂ ᠤᠰᠤᠨ ᠰᠢᠨᠵᠢᠯᠡᠭᠡᠨ᠎ᠤ ᠵᠤᠷᠭ᠋ᠠᠨ᠂ ᠬᠥᠬᠡᠮᠥ᠋ᠷᠡᠨ᠎ᠤ ᠤᠰᠤᠨ ᠠᠰᠢᠬᠯᠠᠯᠳᠠ ᠵᠢᠨ ᠵᠥᠪᠯᠡᠯ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠦᠳ᠂ ᠾᠧᠨᠠᠨ ᠮᠤᠵᠢ᠂ ᠬᠤᠪᠸᠢ ᠮᠤᠵᠢ᠂ ᠱᠠᠨᠰᠢ ᠮᠤᠵᠢ ᠵᠢᠨ ᠤᠰᠤᠨ ᠠᠰᠢᠬᠯᠠᠯᠳᠠ ᠵᠢᠨ ᠲᠢᠩᠬᠢᠮ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠦᠳ ᠬᠤᠷᠠᠯ ᠳᠡᠭᠡᠷ᠎ᠡ ᠦᠭᠡ ᠬᠡᠯᠡᠪᠡ᠃ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠂ ᠡᠯ᠎ᠡ ᠲᠦᠷᠦᠭᠦᠯᠡᠨ ᠬᠢᠬᠦ ᠵᠤᠷᠭ᠋ᠠᠨ ᠲᠣᠪᠴᠢᠶ᠎ᠠ ᠪᠣᠯᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠦᠯᠦᠭᠯᠡᠯ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠪᠠ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            