
ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠤ ᠶᠡᠷᠦᠩᠬᠡᠶ ᠭᠣᠤᠯ ᠰᠤᠪᠠᠭ᠎ᠤᠨ ᠬᠣᠶᠠᠳᠤᠭ᠋ᠠᠷ ᠤᠰᠤ ᠰᠠᠯᠭ᠋ᠠᠬᠤ ᠵᠠᠩᠭᠢᠯᠠᠭ᠎ᠠ᠃ ᠯᠢ ᠵᠢᠶᠠᠨ ᠭᠦᠸᠧ ᠰᠡᠭᠦᠲᠡᠷᠯᠡᠪᠡ

ᠬᠢᠩᠭ᠋ᠠᠨ᠎ᠤ ᠲᠠᠷᠢᠶᠠᠯᠠᠩ᠎ᠤᠨ ᠠᠲᠠᠷ ᠬᠠᠭ᠋ᠠᠯᠪᠤᠷᠢᠯᠠᠯᠲᠠ ᠵᠢᠨ ᠲᠦᠯᠢᠶᠡᠮᠤᠳᠤ ᠲᠠᠷᠢᠶᠠᠯᠠᠩ᠎ᠤᠨ ᠲᠠᠯᠠᠪᠠᠢ ᠵᠢ ᠲᠡᠭᠰᠢ ᠰᠢᠯᠵᠢᠭᠦᠯᠬᠦ ᠬᠡᠯᠪᠡᠷᠢ ᠵᠢᠨ ᠰᠦᠷᠴᠢᠨ ᠤᠰᠤᠯᠠᠬᠤ ᠮᠠᠰᠢᠨ ᠵᠶ᠋ᠠᠷ ᠪᠤᠭᠤᠳᠠᠢ ᠤᠰᠤᠯᠠᠵᠤ ᠪᠤᠢ᠃ ᠪᠠᠲᠤ ᠰᠡᠭᠦᠳᠡᠷᠯᠡᠪᠡ

ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠬᠥᠯᠥᠨ ᠪᠤᠶ᠋ᠢᠷ ᠬᠤᠲᠠ ᠵᠢᠨ ᠵᠠᠯᠠᠨ ᠠᠶ᠋ᠢᠯ ᠬᠤᠲᠠ ᠵᠢᠨ ᠮᠦᠬᠦᠴᠢ ᠪᠠᠯᠭ᠋ᠠᠰᠤ ᠵᠢᠨ ᠮᠦᠬᠦᠴᠢ ᠲᠣᠰᠬᠤᠨ᠎ᠳᠤ ᠰᠤᠪᠠᠭ ᠪᠠᠶ᠋ᠢᠴᠠᠭ᠋ᠠᠪᠠ᠃ ᠬᠠᠨ ᠯᠧᠩ ᠰᠡᠭᠦᠲᠡᠷᠯᠡᠪᠡ
ᠥᠪᠥᠷ ᠮᠣᠩᠭᠤᠯ ᠪᠣᠯ ᠮᠠᠨ᠎ᠤ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠤᠮᠤ ᠣᠷᠣᠨ ᠪᠣᠯᠣᠨ᠎ᠠ᠂ ᠲᠠᠷᠢᠶᠠᠨ ᠭᠠᠵᠠᠷ᠎ᠤᠨ ᠲᠠᠯᠠᠪᠠᠢ 1.72 ᠳ᠋ᠦᠩᠰᠢᠭᠤᠷ ᠮᠦ᠍ ᠪᠠᠶ᠋ᠢᠵᠤ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠬᠡᠮᠵᠢᠶ᠎ᠡ᠎ᠨᠢ ᠪᠦᠬᠦ ᠣᠷᠣᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶᠡᠨ᠎ᠤ 60%᠎ᠠᠴᠠ ᠳᠡᠭᠡᠭᠰᠢᠬᠢ ᠵᠢ ᠡᠵᠡᠯᠡᠵᠦ ᠪᠤᠢ᠃
ᠤᠰᠤᠨ ᠠᠰᠢᠭᠯᠠᠯᠲᠠ ᠪᠣᠯ ᠲᠠᠷᠢᠶᠠᠯᠠᠩ᠎ᠤᠨ ᠠᠮᠢᠨ ᠰᠤᠳᠠᠰᠤ ᠮᠥᠨ᠂ ᠲᠠᠷᠢᠶᠠᠯᠠᠩ᠎ᠤᠨ ᠤᠰᠤ ᠠᠷᠪᠢᠯᠠᠬᠤ ᠠᠴᠢ ᠬᠤᠯᠪᠣᠭᠳᠠᠯ᠎ᠲᠠᠢ᠃
《ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠵᠢᠨ ᠲᠥᠯᠥᠭᠡ᠂ ᠣᠶ᠋ᠢᠷ᠎ᠠ ᠵᠢᠨ ᠵᠢᠯ᠎ᠠᠴᠠ᠂ ᠥᠪᠥᠷ ᠮᠣᠩᠭᠤᠯ 《ᠬᠤᠷ᠎ᠠ ᠲᠣᠨᠣᠳᠠᠰᠤ ᠵᠢᠨ ᠬᠤᠷᠣᠭᠳᠠᠯ》 ᠭᠡᠬᠦ ᠡᠨᠡ ᠬᠦ᠌ ᠤᠳᠤᠷᠢᠳᠤᠮᠵᠢ ᠵᠢ ᠳᠣᠪᠤᠶ᠋ᠢᠯᠭ᠋ᠠᠵᠤ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ 《ᠵᠠᠩᠭᠢᠯᠠᠭ᠎ᠠ》 ᠵᠢ ᠪᠠᠲᠤ ᠡᠵᠡᠮᠳᠡᠵᠦ᠂ ᠲᠠᠷᠢᠶᠠᠯᠠᠩ᠎ᠤᠨ ᠤᠰᠤ ᠬᠡᠷᠡᠭᠯᠡᠬᠦ ᠬᠠᠮᠢᠶᠠᠷᠤᠯᠲᠠ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠪᠦᠷᠢᠯᠳᠦᠯ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠬᠠᠮᠠᠭ᠋ᠠᠯᠠᠯᠲᠠ᠂ ᠤᠰᠤ ᠠᠷᠪᠢᠯᠠᠬᠤ ᠱᠠᠩᠨᠠᠵᠤ ᠨᠥᠬᠦᠪᠥᠷᠢᠯᠡᠬᠦ ᠳᠥᠷᠪᠡᠨ ᠵᠦᠢ᠍ᠯ᠎ᠤᠨ ᠲᠣᠭᠲᠠᠴᠠ ᠵᠢ ᠲᠦᠷᠭᠡᠳᠬᠡᠨ ᠲᠡᠭᠦᠯᠳᠡᠷᠵᠢᠭᠦᠯᠵᠦ᠂ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠳᠠᠯᠳᠠ ᠬᠦᠴᠦᠨ᠎ᠢ ᠭᠦᠨ ᠠᠭᠤᠳᠠᠯᠵᠤ᠂ ᠲᠠᠷᠢᠶᠠᠯᠠᠩ᠎ᠤᠨ ᠤᠰᠤ ᠬᠡᠷᠡᠭᠯᠡᠬᠦ ᠪᠦᠳᠦᠭᠦᠯᠢᠭ ᠦᠷ᠎ᠡ ᠠᠰᠢᠭ ᠳᠣᠤᠷ᠎ᠠ ᠪᠠᠶ᠋ᠢᠭᠰᠠᠨ᠎ᠠᠴᠠ᠎ᠪᠠᠨ ᠠᠷᠪᠢᠲᠠᠶ ᠡᠷᠴᠢᠮᠯᠢᠭ ᠲᠡᠰᠢ ᠬᠤᠪᠢᠷᠠᠭᠤᠯᠬᠤ ᠵᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠭ᠎ᠠ ᠪᠠᠷᠢᠮᠲᠠ᠎ᠠᠴᠠ ᠦᠵᠡᠪᠡᠯ᠂ 2023 ᠣᠨ᠎ᠳᠤ᠂ ᠥᠪᠥᠷ ᠮᠣᠩᠭᠤᠯ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ 3.73 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠠᠶ᠋ᠢᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠲᠤᠭ᠎ᠠ 0.583 ᠬᠦᠷᠴᠦ᠂ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠪᠠ᠃ ᠪᠦᠬᠦ ᠣᠷᠣᠨ᠎ᠤ 73 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠰᠢᠨ᠎ᠡ ᠨᠢᠭᠡ ᠡᠭᠡᠯᠵᠢ ᠵᠢᠨ ᠦᠨ᠎ᠡ ᠵᠢ ᠲᠣᠭᠲᠠᠭ᠋ᠠᠨ ᠲᠣᠬᠢᠷᠠᠭᠤᠯᠬᠤ ᠵᠢ ᠪᠡᠶᠡᠯᠡᠭᠦᠯᠬᠦ ᠵᠢᠨ ᠬᠠᠮᠲᠤ ᠤᠰᠤ ᠠᠪᠬᠤ ᠠᠮᠠᠰᠠᠷ᠎ᠤᠨ ᠰᠦᠯᠵᠢᠶᠡᠨ ᠳᠡᠭᠡᠷ᠎ᠡ ᠬᠡᠮᠵᠢᠬᠦ ᠵᠢ ᠪᠡᠶᠡᠯᠡᠭᠦᠯᠵᠦ᠂ 65 ᠲᠦᠮᠡᠨ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠲᠤ 《ᠴᠠᠬᠢᠯᠭ᠋ᠠᠨ ᠵᠶ᠋ᠠᠷ ᠤᠰᠤ ᠵᠢ ᠨᠤᠭᠤᠯᠬᠤ》 ᠵᠢ ᠪᠡᠶᠡᠯᠡᠭᠦᠯᠪᠡ᠃
ᠤᠰᠤ ᠬᠠᠩᠭ᠋ᠠᠬᠤ᠎ᠳᠤ ᠵᠣᠷ᠎ᠲᠠᠢ᠂ ᠤᠰᠤ ᠬᠡᠷᠡᠭᠯᠡᠬᠦ᠎ᠳᠤ ᠬᠡᠮᠵᠢᠶ᠎ᠡ᠎ᠲᠠᠢ᠃ 2016 ᠣᠨ᠎ᠳᠤ ᠥᠪᠥᠷ ᠮᠣᠩᠭᠤᠯ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠡᠬᠢᠯᠡᠭᠰᠡᠨ᠎ᠠᠴᠠ ᠣᠲᠣ ᠪᠣᠯᠲᠠᠯ᠎ᠠ᠂ ᠪᠥᠬᠦ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠵᠢᠨ ᠲᠠᠯᠠᠪᠠᠶ 4665.7 ᠲᠦᠮᠡᠨ ᠮᠥ᠍ ᠪᠣᠯᠪᠠ᠃
ᠲᠣᠭᠲᠠᠴᠠ ᠵᠢᠨ ᠬᠤᠪᠢᠷᠠᠯ — ᠶᠡᠷᠦᠩᠬᠡᠢ ᠬᠡᠮᠵᠢᠶ᠎ᠡ ᠵᠢᠨ ᠲᠣᠭᠲᠠᠭᠰᠠᠨ ᠨᠤᠷᠮ᠎ᠠ ᠵᠢᠨ ᠬᠠᠮᠢᠶᠠᠷᠤᠯᠲᠠ ᠵᠢ ᠴᠢᠩᠭ᠎ᠠ ᠡᠵᠡᠮᠳᠡᠨ᠎ᠡ
ᠨᠠᠮᠤᠷ᠎ᠤᠨ ᠤᠯᠠᠷᠢᠯ᠎ᠤᠨ ᠤᠰᠤᠯᠠᠯᠲᠠ ᠵᠢᠨ ᠬᠤᠭᠤᠴᠠᠭ᠋ᠠᠨ᠎ᠳᠤ᠂ ᠪᠠᠶᠠᠨᠨᠠᠭᠤᠷ ᠣᠷᠣᠨ᠎ᠤ ᠲᠠᠷᠢᠶᠠᠴᠢᠳ ᠴᠥᠮ ᠤᠰᠤ ᠠᠷᠪᠢᠯᠠᠵᠤ ᠴᠢᠭᠢᠭ᠎ᠢ ᠬᠠᠮᠠᠭ᠋ᠠᠯᠠᠬᠤ᠎ᠪᠠᠷ ᠶᠠᠭ᠋ᠠᠷᠠᠯᠳᠤᠵᠤ ᠪᠠᠶ᠋ᠢᠪᠠ᠃
ᠥᠩᠭᠡᠷᠡᠭᠰᠡᠨ᠎ᠳᠤ ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠵᠤ᠂ ᠬᠤᠷᠳᠤᠴᠠ᠎ᠨᠢ ᠪᠠᠰᠠ ᠤᠳᠠᠭ᠋ᠠᠨ᠂ ᠠᠯᠢ ᠦᠶ᠎ᠡ᠎ᠳᠤ ᠬᠡᠨ᠎ᠤ ᠭᠡᠷ᠎ᠲᠤ ᠬᠦᠷᠬᠦ ᠵᠢ ᠪᠠᠰᠠ ᠮᠡᠳᠡᠬᠦ ᠦᠭᠡᠢ᠂ ᠵᠥᠪᠬᠡᠨ ᠬᠦᠯᠢᠶᠡᠵᠦ ᠰᠠᠭᠤᠨ᠎ᠠ》᠃ ᠪᠠᠶᠠᠨᠨᠠᠭᠤᠷ ᠬᠤᠲᠠ ᠵᠢᠨ ᠳ᠋ᠧᠩᠺᠸᠤ ᠰᠢᠶᠠᠨ᠎ᠤ ᠳ᠋ᠦ᠋ ᠺᠸᠦ ᠪᠠᠯᠭ᠋ᠠᠰᠤᠨ᠎ᠤ ᠳ᠋ᠦᠩ ᠳ᠋ᠢ ᠲᠣᠰᠬᠤᠨ᠎ᠤ ᠠᠷᠠᠳ ᠬᠡᠯᠡᠬᠦ᠎ᠳᠡᠭᠡᠨ᠂ ᠣᠲᠣ ᠳ᠋ᠦᠩ ᠰᠢᠨ ᠤᠰᠤᠨ᠎ᠤ ᠶᠠᠪᠤᠳᠠᠯ᠎ᠤᠨ ᠤᠰᠤᠯᠠᠯᠲᠠ ᠵᠢᠨ ᠬᠤᠷᠰᠢᠶ᠎ᠠ᠎ᠠᠴᠠ ᠨᠢᠭᠡᠳᠦᠯᠲᠡᠶ ᠬᠠᠮᠢᠶᠠᠷᠬᠤ᠎ᠳᠤ ᠲᠥᠬᠦᠮ ᠪᠣᠯᠵᠠᠢ》 ᠭᠡᠪᠡ᠃
《ᠥᠩᠭᠡᠷᠡᠭᠰᠡᠨ᠎ᠳᠤ ᠨᠢᠭᠡ ᠮᠦ᠍ ᠭᠠᠵᠠᠷ᠎ᠢ ᠬᠡᠳᠦᠶ ᠤᠰᠤ ᠬᠡᠷᠡᠭᠯᠡᠭᠰᠡᠨ᠎ᠢ ᠲᠠᠷᠢᠶᠠᠴᠢᠳ ᠮᠡᠳᠡᠬᠦ ᠥᠬᠡᠶ᠂ ᠣᠲᠣ ᠤᠰᠤᠨ᠎ᠤ ᠶᠠᠪᠤᠳᠠᠯ᠎ᠤᠨ ᠤᠰᠤᠯᠠᠯᠲᠠ ᠵᠢᠨ ᠬᠤᠷᠰᠢᠶ᠎ᠠ ᠪᠠᠶ᠋ᠢᠭᠤᠯᠵᠤ᠂ ᠤᠰᠤᠨ᠎ᠤ ᠡᠷᠬᠡ ᠵᠢᠨ ᠤᠰᠤᠨ᠎ᠤ ᠦᠨ᠎ᠡ ᠵᠢ ᠲᠣᠭᠲᠠᠭ᠋ᠠᠭᠰᠠᠨ᠎ᠤ ᠳᠠᠷᠠᠭ᠎ᠠ᠂ ᠲᠠᠷᠢᠶᠠᠴᠢᠳ᠎ᠤᠨ ᠤᠰᠤ ᠬᠡᠷᠡᠭᠯᠡᠬᠦ ᠡᠬᠡ ᠲᠠᠩᠰᠠ ᠲᠣᠳᠣᠷᠬᠠᠶ ᠪᠠᠶ᠋ᠢᠵᠤ᠂ ᠲᠣᠳᠣᠷᠬᠠᠶ ᠪᠥᠭᠡᠳ ᠵᠣᠭᠤᠰ ᠲᠤᠰᠢᠶᠠᠵᠤ᠂ ᠰᠠᠨᠠᠭ᠎ᠠ ᠠᠮᠤᠷ ᠤᠰᠤ ᠬᠡᠷᠡᠭᠯᠡᠬᠦ ᠵᠢ ᠪᠡᠶᠡᠯᠡᠭᠦᠯᠵᠡᠶ》 ᠭᠡᠵᠦ ᠳ᠋ᠦ᠋ ᠺᠧᠦ ᠪᠠᠯᠭ᠋ᠠᠰᠤᠨ᠎ᠤ ᠪᠠᠯᠭ᠋ᠠᠰᠤᠨ ᠳᠠᠷᠤᠭ᠎ᠠ ᠴᠧᠨ ᠬᠤᠩ ᠬᠡᠯᠡᠪᠡ᠃
ᠳ᠋ᠦᠩ ᠰᠢᠨ ᠤᠰᠤᠨ᠎ᠤ ᠶᠠᠪᠤᠳᠠᠯ᠎ᠤᠨ ᠤᠰᠤᠯᠠᠯᠲᠠ ᠵᠢᠨ ᠬᠤᠷᠰᠢᠶ᠎ᠠ ᠪᠣᠯ 2023 ᠣᠨ᠎ᠤ 4 ᠳ᠋ᠦ᠍ᠭᠡᠷ ᠰᠠᠷ᠎ᠠ᠎ᠳᠤ ᠳ᠋ᠦ᠋ ᠺᠸᠤ ᠪᠠᠯᠭ᠋ᠠᠰᠤᠨ᠎ᠤ ᠳ᠋ᠦᠩ ᠳ᠋ᠢ ᠲᠣᠰᠬᠤᠨ ᠪᠣᠯᠤᠨ ᠬᠥᠷᠰᠢ ᠪᠠᠶ᠋ᠢᠭ᠎ᠠ ᠰᠢᠨ ᠳ᠋ᠢ ᠲᠣᠰᠬᠤᠨ ᠬᠠᠮᠳᠤ ᠪᠠᠢ᠌ᠭᠤᠯᠤᠭᠰᠠᠨ ᠶᠤᠮ᠂ ᠳ᠋ᠧᠩᠺᠸᠤ ᠰᠢᠶᠠᠨ᠎ᠤ ᠠᠩᠬᠠᠳᠠᠭᠴᠢ ᠰᠢᠶᠠᠩ ᠪᠠᠯᠭ᠋ᠠᠰᠤᠨ᠎ᠤ ᠲᠠᠰ᠎ᠤᠨ ᠤᠰᠤᠯᠠᠯᠲᠠ ᠵᠢᠨ ᠦᠢ᠍ᠯᠡᠴᠢᠯᠡᠭᠡᠨ᠎ᠤ ᠲᠤᠰᠬᠠᠶ ᠬᠤᠷᠰᠢᠶ᠎ᠠ ᠪᠣᠯᠤᠨ᠎ᠠ᠃ ᠬᠤᠷᠰᠢᠶ᠎ᠠ᠎ᠳᠤ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠵᠢᠯᠣᠭᠤᠳᠬᠤ᠂ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠬᠠᠷᠢᠶ᠎ᠠ ᠭᠠᠵᠠᠷ᠎ᠠᠴᠠ ᠭᠤᠤᠯᠴᠢᠯᠠᠨ ᠬᠠᠮᠢᠶᠠᠷᠬᠤ᠂ ᠬᠤᠷᠰᠢᠶ᠎ᠠ᠎ᠠᠴᠠ ᠪᠡᠶ᠎ᠡ᠎ᠪᠠᠨ ᠳᠠᠭ᠋ᠠᠭ᠋ᠠᠨ ᠡᠵᠡᠩᠨᠡᠬᠦ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠬᠡᠷᠡᠭᠵᠢᠭᠦᠯᠵᠦ᠂ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠵᠢᠨ ᠬᠠᠷᠢᠶ᠎ᠠ ᠣᠷᠣᠨ᠎ᠤ ᠤᠰᠤᠨ᠎ᠳᠤ ᠬᠤᠯᠪᠣᠭᠳᠠᠬᠤ ᠶᠠᠪᠤᠳᠠᠯ᠎ᠳᠤ ᠨᠢᠭᠡᠳᠦᠯᠲᠡᠶ 《ᠪᠣᠳᠠᠰᠴᠢᠯᠠᠬᠤ》 ᠬᠠᠮᠢᠶᠠᠷᠤᠯᠲᠠ ᠵᠢ ᠨᠢᠭᠡᠳᠦᠯᠲᠡᠶ ᠬᠢᠵᠦ᠂ 56 ᠲᠣᠰᠬᠤᠨ᠎ᠤ ᠠᠷᠠᠳ᠎ᠤᠨ ᠳᠤᠭᠤᠶ᠋ᠢᠯᠠᠩ᠎ᠤᠨ ᠲᠠᠷᠢᠶᠠᠴᠢᠨ ᠡᠷᠦᠬᠡ ᠪᠠ 1.902 ᠲᠦᠮᠡᠨ ᠮᠥ᠍ ᠲᠠᠷᠢᠶᠠᠨ ᠭᠠᠵᠠᠷ᠎ᠲᠤ ᠦᠢ᠍ᠯᠡᠴᠢᠯᠡᠨ᠎ᠡ᠃
2023 ᠣᠨ᠎ᠳᠤ ᠪᠠᠶᠠᠨᠨᠠᠭᠤᠷ ᠬᠣᠲᠠ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠤᠷᠢᠳ ᠬᠣᠵᠢᠳ 358 ᠤᠰᠤᠨ᠎ᠤ ᠶᠠᠪᠤᠳᠠᠯ᠎ᠤᠨ ᠬᠣᠷᠰᠢᠶᠠᠵᠢᠯ ᠪᠠᠢ᠌ᠭᠤᠯᠵᠤ᠂ ᠤᠰᠤ ᠬᠡᠷᠡᠭᠯᠡᠬᠦ᠎ᠳᠤ ᠰᠦᠢ᠍ᠳᠭᠡᠯ ᠬᠤᠷᠢᠶᠠᠬᠤ ᠢᠯᠡ ᠲᠣᠳᠣ ᠵᠢᠨ ᠬᠡᠮᠵᠢᠶ᠎ᠡ ᠵᠢ ᠨᠡᠮᠡᠭᠳᠡᠭᠦᠯᠵᠦ᠂ ᠲᠠᠷᠢᠶᠠᠴᠢᠳ᠎ᠢ ᠤᠰᠤ ᠬᠡᠷᠡᠭᠯᠡᠬᠦ ᠬᠠᠮᠢᠶᠠᠷᠤᠭᠴᠢ ᠪᠠ ᠤᠰᠤ ᠠᠷᠪᠢᠯᠠᠬᠤ ᠠᠰᠢᠭ ᠬᠦᠷᠲᠡᠭᠴᠢ ᠪᠣᠯᠭ᠋ᠠᠵᠤ᠂ ᠪᠠᠰᠠ ᠥᠩᠭᠡᠷᠡᠭᠰᠡᠨ᠎ᠤ ᠬᠠᠮᠢᠶᠠᠷᠤᠯᠲᠠ ᠵᠢᠨ ᠳᠦᠷᠢᠮ ᠲᠡᠭᠦᠯᠳᠡᠷ ᠪᠤᠰᠤ᠂ ᠤᠰᠤᠨ᠎ᠤ ᠰᠦᠢ᠍ᠳᠭᠡᠯ ᠪᠣᠳᠣᠵᠤ ᠬᠤᠷᠢᠶᠠᠬᠤ᠎ᠨᠢ ᠡᠮᠬᠢ ᠵᠠᠮᠪᠠᠷᠠᠭ᠎ᠠ ᠦᠭᠡᠢ᠂ ᠬᠠᠮᠢᠶᠠᠷᠤᠯᠲᠠ᠎ᠨᠢ ᠳᠣᠣᠷ᠎ᠠ ᠪᠥᠭᠡᠳ ᠡᠮᠬᠢ ᠵᠢᠷᠤᠮ ᠦᠭᠡᠢ ᠪᠠᠢ᠌ᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠵᠡᠢ᠃ ᠡᠨᠡ ᠪᠣᠯ ᠪᠠᠶᠠᠨᠨᠠᠭᠤᠷ ᠬᠤᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠮᠢᠳᠤᠯᠢᠭ ᠦᠢ᠍ᠯᠡᠳᠦᠯᠭᠡ ᠪᠣᠯᠤᠨ᠎ᠠ᠃
ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠶᠡᠷᠦᠩᠬᠡᠶ᠋ᠢᠯᠡᠭᠰᠡᠨ ᠠᠷᠭ᠎ᠠ ᠪᠠᠷᠢᠯ ᠵᠶ᠋ᠠᠷ ᠲᠠᠷᠢᠶᠠᠯᠠᠩ᠎ᠳᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠪᠠ ᠡᠷᠴᠢᠮ᠎ᠢ ᠪᠠᠭ᠋ᠠᠰᠬᠠᠵᠤ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
ᠥᠪᠥᠷ ᠮᠣᠩᠭᠤᠯ᠎ᠤᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠡᠯ᠎ᠡ ᠭᠠᠵᠠᠷ᠎ᠤᠨ᠎ᠬᠢᠨ ᠨᠣᠷᠮ᠎ᠠ ᠲᠣᠭᠲᠠᠭ᠋ᠠᠨ ᠬᠠᠮᠢᠶᠠᠷᠬᠤ ᠪᠠ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠪᠠᠷᠢᠮᠵᠢᠶ᠎ᠠ ᠵᠢ ᠪᠠᠲᠤ ᠡᠵᠡᠮᠳᠡᠵᠦ᠂ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢᠨ ᠬᠦᠢ᠍ᠴᠡᠳᠬᠡᠯ ᠲᠤᠭ᠎ᠠ ᠵᠢ ᠬᠥᠳᠡᠭᠡ ᠲᠣᠰᠬᠤᠨ᠎ᠤ ᠬᠠᠮᠲᠤ ᠵᠢᠨ ᠵᠣᠬᠢᠶᠠᠨ ᠪᠠᠶ᠋ᠢᠭᠤᠯᠤᠯᠲᠠ ᠵᠡᠷᠭᠡ ᠦᠨᠳᠦᠰᠦᠨ ᠱᠠᠲᠤᠨ᠎ᠤ ᠬᠠᠮᠢᠶᠠᠷᠤᠯᠲᠠ ᠵᠢᠨ ᠨᠢᠭᠡᠴᠢ᠎ᠳᠤ ᠵᠠᠳᠠᠯᠵᠤ᠂ ᠲᠠᠷᠢᠶᠠᠯᠠᠩ᠎ᠤᠨ ᠠᠩᠬᠠᠨ᠎ᠤ ᠤᠰᠤᠨ᠎ᠤ ᠡᠷᠬᠡ ᠵᠢ ᠲᠣᠳᠣᠷᠬᠠᠶ ᠪᠣᠯᠭ᠋ᠠᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠥᠪᠥᠷ ᠮᠣᠩᠭᠤᠯ ᠲᠠᠷᠢᠶᠠᠯᠠᠩ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠤᠭ᠎ᠠ ᠵᠢ ᠪᠦᠬᠦᠨ᠎ᠢ ᠭᠠᠴᠠᠭ᠎ᠠ ᠲᠣᠰᠬᠤᠨ ᠵᠡᠷᠭᠡ ᠤᠰᠤ ᠬᠡᠷᠡᠭᠯᠡᠬᠦ ᠭᠤᠤᠯ ᠴᠣᠭᠴᠠ᠎ᠳᠤ ᠬᠦᠷᠲᠡᠯ᠎ᠡ ᠬᠤᠪᠢᠶᠠᠷᠢᠯᠠᠵᠤ᠂ ᠲᠠᠷᠢᠶᠠᠯᠠᠩ᠎ᠤᠨ ᠤᠰᠤ ᠲᠠᠲᠠᠵᠤ ᠬᠡᠷᠡᠭᠯᠡᠬᠦ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠤᠰᠤ ᠬᠤᠪᠢᠶᠠᠬᠤ ᠭᠦᠢ᠍ᠴᠡᠳᠭᠡᠯ ᠲᠤᠭ᠎ᠠ᠎ᠠᠴᠠ ᠬᠡᠲᠦᠷᠡᠭᠦᠯᠦᠨ ᠤᠰᠤ ᠠᠪᠬᠤ ᠪᠠ ᠡᠮᠬᠢ ᠵᠢᠷᠤᠮ ᠥᠬᠡᠶ᠎ᠪᠠᠷ ᠤᠰᠤᠯᠠᠯᠲᠠ ᠵᠢᠨ ᠲᠠᠯᠠᠪᠠᠶ ᠵᠢ ᠴᠢᠩᠭ᠎ᠠ ᠬᠢᠵᠠᠭ᠋ᠠᠷᠯᠠᠪᠠ᠃
ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠭᠠᠵᠠᠷ ᠣᠷᠣᠨ᠎ᠤ ᠨᠥᠯᠥᠭᠡ ᠨᠡᠯᠢᠶᠡᠳ ᠶᠡᠭᠡ ᠪᠣᠯᠬᠤᠷ᠂ ᠥᠪᠥᠷ ᠮᠣᠩᠭᠤᠯ ᠲᠠᠷᠢᠶᠠᠯᠠᠬᠤ ᠣᠷᠣᠨ᠎ᠢ ᠳᠤᠯᠠᠭ᠋ᠠᠨ ᠰᠡᠷᠢᠭᠦᠨ ᠬᠠᠭ᠋ᠠᠰ ᠴᠢᠭᠢᠭᠯᠢᠭ ᠬᠠᠭ᠋ᠠᠰ ᠭᠠᠩ ᠬᠠᠭᠤᠷᠠᠶ ᠲᠠᠷᠢᠶᠠᠯᠠᠩ᠎ᠤᠨ ᠣᠷᠣᠨ᠂ ᠳᠤᠯᠠᠭ᠋ᠠᠨ ᠬᠠᠭ᠋ᠠᠰ ᠭᠠᠩ ᠬᠠᠭᠤᠷᠠᠶ ᠲᠠᠷᠢᠶᠠᠯᠠᠩ᠎ᠤᠨ ᠣᠷᠣᠨ᠂ ᠳᠤᠯᠠᠭ᠋ᠠᠨ ᠭᠠᠩ ᠬᠠᠭᠤᠷᠠᠢ ᠲᠠᠷᠢᠶᠠᠯᠠᠩ᠎ᠤᠨ ᠣᠷᠣᠨ᠂ ᠳᠤᠯᠠᠭ᠋ᠠᠨ ᠬᠠᠭ᠋ᠠᠰ ᠭᠠᠩ ᠬᠠᠭᠤᠷᠠᠶ ᠲᠠᠷᠢᠶᠠᠯᠠᠩ᠎ᠤᠨ ᠣᠷᠣᠨ ᠵᠡᠷᠭᠡ 4 ᠲᠥᠷᠥᠯ᠎ᠳᠤ ᠬᠤᠪᠢᠶᠠᠬᠤ ᠵᠢᠨ ᠬᠠᠮᠲᠤ ᠤᠰᠤᠨ ᠲᠤᠲᠤᠷᠭ᠎ᠠ᠂ ᠪᠤᠭᠤᠳᠠᠢ᠂ ᠡᠷᠳᠡᠨᠢ ᠰᠢᠰᠢ ᠵᠡᠷᠭᠡ 41 ᠵᠦᠢ᠍ᠯ᠎ᠤᠨ ᠭᠤᠤᠯ ᠪᠣᠯᠬᠤ ᠲᠠᠷᠢᠮᠠᠯ ᠳᠠᠷᠢᠵᠤ᠂ 751 ᠤᠰᠤ ᠬᠡᠷᠡᠭᠯᠡᠬᠦ ᠲᠣᠭᠲᠠᠭᠰᠠᠨ ᠬᠡᠮᠵᠢᠭᠳᠡᠯ᠎ᠢ ᠲᠣᠭᠲᠠᠭ᠋ᠠᠪᠠ᠃
ᠤᠯᠠᠭ᠋ᠠᠨᠴᠠᠪ ᠬᠤᠲᠠ ᠵᠢᠨ ᠱᠠᠩᠳᠤ ᠰᠢᠶᠠᠨ 2017 ᠣᠨ᠎ᠳᠤ ᠥᠪᠥᠷ ᠮᠣᠩᠭᠤᠯ᠎ᠤᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠰᠢᠶᠠᠨ ᠵᠶ᠋ᠠᠷ ᠵᠢᠭᠰᠠᠭ᠋ᠠᠭᠳᠠᠪᠠ᠃ ᠲᠤᠷᠰᠢᠯᠲᠠ ᠵᠢᠨ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠱᠠᠩᠳᠤ ᠰᠢᠶᠠᠨ ᠪᠣᠳᠠᠲᠠᠶ᠎ᠳᠤ ᠨᠡᠶ᠋ᠢᠴᠡᠭᠰᠡᠨ ᠲᠠᠷᠢᠶᠠᠯᠠᠩ᠎ᠤᠨ ᠤᠰᠤ ᠬᠡᠷᠡᠭᠯᠡᠬᠦ ᠥᠭᠡᠷᠡᠴᠢᠯᠡᠯᠲᠡ ᠵᠢᠨ ᠵᠠᠭᠪᠤᠷ᠎ᠢ ᠲᠣᠭᠲᠠᠭ᠋ᠠᠵᠤ᠂ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠵᠢ ᠬᠢᠵᠠᠭ᠋ᠠᠷᠯᠠᠬᠤ ᠭᠦᠢ᠍ᠴᠡᠳᠭᠡᠯ ᠲᠤᠭ᠎ᠠ ᠵᠢ ᠤᠰᠤ ᠬᠡᠷᠡᠭᠯᠡᠬᠦ ᠭᠤᠤᠯ ᠴᠣᠭᠴᠠ᠎ᠳᠤ ᠬᠦᠷᠲᠡᠯ᠎ᠡ ᠵᠠᠳᠠᠯᠵᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠮᠥ᠍ ᠪᠦᠷᠢ᠎ᠳᠤ 58 ᠪᠣᠰᠤᠭ᠎ᠠ ᠳᠥᠷᠪᠡᠯᠵᠢᠨ ᠮᠸᠲᠷ᠎ᠠᠴᠠ ᠬᠡᠲᠦᠷᠡᠭᠦᠯᠵᠦ ᠪᠣᠯᠬᠤ ᠥᠬᠡᠶ᠂ ᠤᠰᠤ ᠬᠡᠷᠡᠭᠯᠡᠬᠦ ᠬᠢᠵᠠᠭ᠋ᠠᠷ ᠲᠤᠭ᠎ᠠ ᠵᠢ ᠮᠥ᠍ ᠪᠦᠷᠢ᠎ᠳᠤ 88 ᠪᠣᠰᠤᠭ᠎ᠠ ᠳᠥᠷᠪᠡᠯᠵᠢᠨ ᠮᠸᠲᠷ᠎ᠠᠴᠠ ᠬᠡᠲᠦᠷᠡᠭᠦᠯᠵᠦ ᠪᠣᠯᠬᠤ ᠥᠬᠡᠶ ᠭᠡᠵᠦ ᠲᠣᠭᠲᠠᠭ᠋ᠠᠪᠠ᠃
ᠪᠤᠭᠤᠲᠤ ᠬᠤᠲᠠ ᠵᠢᠨ ᠵᠢᠥ ᠶᠤᠸᠠᠨ ᠲᠣᠭᠤᠷᠢᠭ᠎ᠨᠢ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠪᠠ ᠬᠢᠵᠠᠭ᠋ᠠᠷᠯᠠᠭᠰᠠᠨ ᠲᠤᠭ᠎ᠠ ᠵᠢᠨ ᠬᠠᠮᠢᠶᠠᠷᠤᠯᠲᠠ ᠵᠢᠨ ᠲᠦᠷᠢᠮ᠎ᠢ ᠲᠣᠭᠲᠠᠭ᠋ᠠᠵᠤ᠂ ᠬᠠᠲᠤᠨ ᠭᠤᠤᠯ᠎ᠤᠨ ᠤᠰᠤᠯᠠᠯᠲᠠ ᠵᠢᠨ ᠣᠷᠣᠨ᠎ᠨᠢ ᠤᠰᠤᠨ᠎ᠤ ᠬᠡᠮᠵᠢᠶ᠎ᠡ ᠵᠢ ᠲᠣᠰᠬᠤᠨ᠎ᠳᠤ ᠬᠦᠷᠲᠡᠯ᠎ᠡ ᠵᠠᠳᠠᠯᠵᠤ᠂ ᠬᠤᠳᠳᠤᠭ᠎ᠤᠨ ᠤᠰᠤᠯᠠᠯᠲᠠ ᠵᠢᠨ ᠣᠷᠣᠨ᠎ᠢ ᠬᠤᠳᠳᠤᠭ᠎ᠲᠤ ᠬᠦᠷᠲᠡᠯ᠎ᠡ ᠵᠠᠳᠠᠯᠵᠤ᠂ ᠴᠥᠮ ᠲᠣᠰᠬᠤᠨ ᠵᠶ᠋ᠠᠷ ᠨᠢᠭᠡᠴᠢ ᠪᠣᠯᠭ᠋ᠠᠨ ᠤᠰᠤ ᠠᠪᠬᠤ ᠡᠷᠬᠡ ᠵᠢᠨ ᠦᠨᠡᠮᠯᠡᠯ ᠣᠯᠭᠤᠪᠠ᠃
ᠬᠥᠯᠥᠨ ᠪᠤᠶ᠋ᠢᠷ ᠬᠤᠲᠠ ᠤᠰᠤᠨ᠎ᠤ ᠬᠡᠮᠵᠢᠶ᠎ᠡ ᠵᠢ ᠬᠡᠮᠵᠢᠬᠦ ᠪᠡᠯᠡᠳᠬᠡᠮᠵᠢ ᠤᠭᠰᠠᠷᠠᠵᠤ᠂ ᠤᠰᠤᠯᠠᠯᠲᠠ᠎ᠳᠤ ᠬᠡᠷᠡᠭᠯᠡᠬᠦ ᠤᠰᠤᠨ᠎ᠤ ᠲᠣᠭᠲᠠᠭᠰᠠᠨ ᠨᠣᠷᠮ᠎ᠠ᠂ ᠤᠰᠤᠯᠠᠯᠲᠠ ᠵᠢᠨ ᠲᠠᠯᠠᠪᠠᠶ᠂ ᠲᠠᠷᠢᠮᠠᠯ᠎ᠤᠨ ᠪᠦᠲᠦᠴᠡ ᠵᠡᠷᠭᠡ᠎ᠲᠠᠢ ᠤᠶᠠᠯᠳᠤᠭᠤᠯᠤᠨ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠨ᠎ᠠ᠃
ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠪᠣᠯᠬᠤ ᠪᠥᠭᠡᠳ ᠪᠠᠰᠠ ᠴᠤ᠌ ᠤᠰᠤ ᠠᠷᠪᠢᠯᠠᠬᠤ ᠳᠠᠯᠳᠠ ᠬᠦᠴᠦᠨ ᠪᠣᠯᠬᠤ ᠶᠤᠮ᠃ ᠥᠪᠥᠷ ᠮᠣᠩᠭᠣᠯ ᠨᠢᠭᠡᠨᠲᠡ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ᠂ ᠨᠣᠷᠮ᠎ᠠ ᠲᠣᠭᠲᠠᠭ᠋ᠠᠨ ᠬᠠᠮᠢᠶᠠᠷᠬᠤ ᠲᠠᠷᠢᠶᠠᠯᠠᠩ᠎ᠤᠨ ᠤᠰᠤ ᠬᠡᠷᠡᠭᠯᠡᠬᠦ ᠬᠠᠮᠢᠶᠠᠷᠤᠯᠲᠠ ᠵᠢᠨ ᠳᠦᠷᠢᠮ᠎ᠢ ᠦᠨᠳᠦᠰᠦᠨ᠎ᠳᠡᠭᠡᠨ ᠪᠠᠢ᠌ᠭᠤᠯᠪᠠ᠃
ᠤᠰᠤ ᠬᠡᠷᠡᠭᠯᠡᠬᠦ ᠬᠤᠪᠢᠷᠠᠯᠲᠠ — ᠨᠠᠷᠢᠯᠢᠭ ᠣᠨᠣᠴᠠᠲᠠᠶ᠎ᠪᠠᠷ ᠬᠡᠮᠵᠢᠵᠦ ᠪᠤᠰᠤᠭ᠎ᠠ ᠲᠦᠷᠪᠡᠯᠵᠢᠨ ᠵᠶ᠋ᠡᠷ ᠰᠦᠢ᠍ᠳᠬᠡᠯ ᠬᠤᠷᠢᠶᠠᠨ᠎ᠠ
ᠨᠠᠮᠤᠷ᠎ᠤᠨ ᠡᠬᠢᠨ᠎ᠳᠤ᠂ ᠣᠷᠳᠣᠰ ᠬᠣᠲᠠ ᠵᠢᠨ ᠣᠲᠣᠭ ᠬᠤᠰᠢᠭᠤᠨ᠎ᠤ ᠠᠷᠪᠠᠰ ᠰᠤᠮᠤ ᠵᠢᠨ ᠲᠠᠷᠢᠶᠠᠨ ᠭᠠᠵᠠᠷ᠎ᠲᠤ᠂ ᠨᠢᠭᠡᠨ ᠢᠵᠢ ᠮᠠᠰᠢᠨ ᠴᠠᠬᠢᠯᠭ᠋ᠠᠨ ᠬᠤᠳᠳᠤᠭ᠎ᠤᠨ ᠣᠶᠤᠨᠴᠢᠯᠠᠭᠰᠠᠨ ᠤᠰᠤ ᠠᠪᠴᠤ ᠬᠡᠮᠵᠢᠬᠦ ᠲᠥᠬᠥᠭᠡᠷᠦᠮᠵᠢ᠎ᠨᠢ ᠮᠠᠰᠢ ᠢᠯᠡᠷᠬᠡᠢ ᠪᠠᠢ᠌ᠨ᠎ᠠ᠃
《ᠡᠨᠡ ᠵᠢᠯ ᠪᠢᠳᠡ ᠬᠡᠲᠦ ᠮᠠᠯᠲᠠᠭᠰᠠᠨ ᠣᠷᠣᠨ᠎ᠤ ᠤᠤᠯ᠎ᠤᠨ ᠪᠠᠶ᠋ᠢᠭᠰᠠᠨ ᠮᠠᠰᠢᠨ ᠬᠤᠳᠳᠤᠭ᠎ᠤᠨ ᠰᠠᠭᠤᠷᠢᠨ ᠳᠡᠭᠡᠷ᠎ᠡ ᠲᠠᠰ ᠳᠡᠪᠰᠢᠭᠦᠯᠦᠨ ᠥᠭᠡᠷᠡᠴᠢᠯᠡᠵᠦ᠂ 〈ᠬᠤᠳᠳᠤᠭ ᠴᠠᠬᠢᠯᠭ᠋ᠠᠨ᠎ᠤ ᠬᠤᠤᠰ ᠡᠵᠡᠮᠳᠡᠯ〉᠎ᠤᠨ ᠬᠡᠮᠵᠢᠯᠲᠡ ᠵᠢᠨ ᠲᠥᠬᠦᠭᠡᠷᠦᠮᠵᠢ ᠵᠢ ᠤᠭᠰᠠᠷᠠᠵᠤ᠂ ᠡᠨᠡ ᠬᠦ᠌ ᠲᠥᠬᠦᠭᠡᠷᠦᠮᠵᠢ᠎ᠨᠢ ᠭᠠᠵᠠᠷ ᠳᠣᠤᠷᠠᠬᠢ ᠤᠰᠤᠨ᠎ᠳᠤ ᠨᠠᠷᠢᠯᠢᠭ ᠣᠨᠣᠴᠠᠲᠠᠶ ᠬᠡᠮᠵᠢᠯᠲᠡ ᠬᠢᠬᠦ᠂ ᠠᠯᠤᠰ᠎ᠠᠴᠠ ᠳᠠᠮᠵᠢᠭᠤᠯᠬᠤ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ ᠵᠡᠷᠭᠡ ᠦᠢ᠍ᠯᠡᠳᠦᠯ ᠦᠵᠡᠭᠦᠯᠵᠦ᠂ ᠤᠰᠤᠨ᠎ᠤ ᠡᠬᠢ ᠪᠠᠶᠠᠯᠢᠭ᠎ᠢ ᠨᠠᠷᠢᠯᠢᠭ ᠣᠨᠣᠴᠠᠲᠠᠶ᠂ ᠲᠣᠭ᠋ᠠᠴᠢᠯᠠᠭᠰᠠᠨ᠂ ᠤᠶᠤᠨᠴᠢᠯᠠᠭᠰᠠᠨ ᠥᠨᠳᠥᠷ ᠪᠦᠲᠦᠮᠵᠢᠲᠡᠶ ᠬᠠᠮᠢᠶᠠᠷᠤᠯᠲᠠ ᠵᠢ ᠪᠡᠶᠡᠯᠡᠭᠦᠯᠵᠦ᠂ ᠤᠰᠤᠨ᠎ᠤ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ᠎ᠠᠴᠠ ᠪᠦᠲᠦᠮᠵᠢᠲᠡᠶ ᠵᠠᠶ᠋ᠢᠯᠠᠰᠬᠢᠵᠦ᠂ ᠰᠠᠶ᠋ᠢᠬᠤᠰᠦ ᠵᠢᠨ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠬᠡᠷᠡᠭᠯᠡᠬᠦ ᠵᠢ ᠶᠡᠷᠦᠩᠬᠡᠶ᠋ᠢᠯᠡᠨ ᠵᠠᠰᠠᠬᠤ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠵᠡᠢ》᠃ ᠣᠲᠣᠭ ᠬᠤᠰᠢᠭᠤᠨ᠎ᠤ ᠰᠠᠶ᠋ᠢᠬᠤᠰᠦ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠮᠠᠯᠲᠠᠭᠰᠠᠨ ᠣᠷᠣᠨ᠎ᠤ 《ᠬᠤᠳᠳᠤᠭ ᠴᠠᠬᠢᠯᠭ᠋ᠠᠨ᠎ᠤ ᠬᠤᠤᠰ ᠡᠵᠡᠮᠳᠡᠯ》 ᠲᠦᠰᠦᠯ᠎ᠤᠨ ᠢᠨᠵᠸᠨ᠋ᠸᠷᠢᠩ᠎ᠤᠨ ᠮᠡᠷᠭᠡᠵᠢᠯ᠎ᠤᠨ ᠠᠵᠢᠯᠲᠠᠨ ᠵᠧᠦ ᠵᠢᠶᠠᠨ ᠳ᠋ᠦᠩ ᠬᠡᠯᠡᠵᠡᠢ᠃
ᠠᠷᠪᠠᠰ ᠰᠤᠮᠤ ᠵᠢᠯ ᠲᠤᠷᠰᠢ ᠭᠠᠩ ᠬᠠᠭᠰᠠᠷᠠᠭ᠋ᠠᠨ ᠤᠰᠤ ᠳᠤᠲᠠᠭᠳᠠᠵᠤ᠂ ᠲᠠᠷᠢᠶᠠᠯᠠᠩ ᠤᠰᠤ ᠬᠡᠷᠡᠭᠯᠡᠬᠦ᠎ᠳᠤ ᠤᠷᠲᠤ ᠬᠤᠭᠤᠴᠠᠭ᠎ᠠ᠎ᠪᠠᠷ ᠳᠤᠲᠠᠭᠤᠳᠠᠯ ᠣᠷᠣᠰᠢᠵᠤ᠂ ᠭᠠᠵᠠᠷ ᠳᠣᠤᠷᠠᠬᠢ ᠤᠰᠤ ᠵᠢ ᠨᠠᠷᠢᠯᠢᠭ ᠣᠨᠣᠴᠠᠲᠠᠢ᠎ᠪᠠᠷ ᠬᠡᠮᠵᠢᠬᠦ ᠪᠠ ᠬᠠᠮᠢᠶᠠᠷᠤᠨ ᠡᠵᠡᠮᠳᠡᠵᠦ᠂ ᠲᠠᠷᠢᠶᠠᠯᠠᠩ᠎ᠤᠨ ᠬᠥᠭᠵᠢᠯᠲᠡ ᠵᠢᠨ ᠣᠳᠣᠬᠢ ᠪᠠᠢ᠌ᠳᠠᠯ᠎ᠢ ᠬᠠᠩᠭ᠋ᠠᠵᠤ ᠴᠢᠳᠠᠬᠤ ᠦᠭᠡᠢ ᠪᠠᠢ᠌ᠨ᠎ᠠ᠃ ᠤᠰᠤ ᠬᠡᠷᠡᠭᠯᠡᠬᠦ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭ᠋ᠠᠳᠤᠶ ᠲᠤᠯᠠ ᠤᠰᠤᠯᠠᠯᠲᠠ ᠵᠢᠨ ᠤᠰᠤᠨ᠎ᠳᠤ ᠬᠠᠮᠢᠶᠠᠷᠤᠯᠲᠠ ᠬᠢᠭᠰᠡᠨ᠎ᠠᠴᠠ ᠨᠠᠭ᠋ᠠᠰᠢ ᠲᠤᠬᠠᠶ ᠵᠢᠨ ᠭᠠᠵᠠᠷ᠎ᠤᠨ ᠲᠠᠷᠢᠶᠠᠴᠢᠨ ᠡᠷᠦᠬᠡ ᠥᠪᠡᠷᠲᠡᠭᠡᠨ ᠤᠰᠤ ᠬᠡᠷᠡᠭᠯᠡᠬᠦ ᠬᠠᠮᠢᠶᠠᠷᠤᠯᠲᠠ ᠬᠢᠵᠦ᠂ ᠤᠰᠤ ᠠᠷᠪᠢᠯᠠᠬᠤ ᠤᠬᠠᠮᠰᠠᠷ ᠪᠠᠭᠤᠷᠠᠶ᠂ ᠤᠰᠤᠨ᠎ᠤ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ ᠶᠠᠪᠤᠳᠠᠯ ᠬᠠᠶᠠ ᠭᠠᠷᠴᠤ ᠪᠠᠶ᠋ᠢᠪᠠ᠃
2024 ᠣᠨ᠎ᠳᠤ᠂ ᠣᠲᠤᠭ ᠬᠤᠰᠢᠭᠤ 610 ᠲᠦᠮᠡᠨ ᠲᠥᠭᠦᠷᠢᠭ᠎ᠤᠨ ᠪᠠᠯᠠ ᠣᠷᠣᠭᠤᠯᠵᠤ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ 《ᠬᠤᠳᠳᠤᠭ ᠴᠠᠬᠢᠯᠭ᠋ᠠᠨ᠎ᠤ ᠬᠤᠤᠰ ᠡᠵᠡᠮᠳᠡᠯ》 ᠲᠦᠰᠦᠯ᠎ᠢ ᠪᠥᠲᠥᠭᠡᠨ ᠪᠠᠶ᠋ᠢᠭᠤᠯᠵᠤ᠂ 621 ᠢᠵᠢ ᠮᠠᠰᠢᠨ ᠴᠠᠬᠢᠯᠭ᠋ᠠᠨ ᠬᠤᠳᠳᠤᠭ᠎ᠤᠨ ᠤᠶᠤᠨᠴᠢᠯᠠᠭᠰᠠᠨ ᠤᠰᠤ ᠠᠪᠬᠤ ᠬᠡᠮᠵᠢᠯᠲᠡ ᠵᠢᠨ ᠲᠥᠬᠦᠭᠡᠷᠦᠮᠵᠢ ᠵᠢ ᠤᠭᠰᠠᠷᠠᠪᠠ᠃
ᠬᠡᠷᠡᠭᠯᠡᠬᠦ ᠦᠶ᠎ᠡ᠎ᠳᠤ ᠠᠵᠢᠯᠲᠠᠳ ᠨᠢᠭᠡ ᠨᠢᠮᠭᠡᠨ ᠬᠥᠬᠡ ᠥᠩᠭᠡ ᠵᠢᠨ ᠤᠶᠤᠨᠴᠢ IC ᠺᠠᠷᠲ ᠵᠶ᠋ᠠᠷ ᠮᠠᠰᠢᠨ ᠴᠠᠬᠢᠯᠭ᠋ᠠᠨ ᠬᠤᠳᠳᠤᠭ᠎ᠤᠨ ᠬᠡᠮᠵᠢᠯᠲᠡ ᠵᠢᠨ ᠡᠵᠡᠮᠰᠢᠯ᠎ᠤᠨ ᠦᠵᠦᠭᠦᠷ ᠳᠡᠭᠡᠷ᠎ᠡ ᠳᠠᠯᠪᠢᠵᠦ᠂ ᠮᠠᠰᠢᠨ ᠴᠠᠬᠢᠯᠭ᠋ᠠᠨ ᠬᠤᠳᠳᠤᠭ ᠠᠶᠠᠨᠳᠠᠭ᠋ᠠᠨ ᠨᠡᠭᠡᠭᠡᠭᠳᠡᠨ᠎ᠡ᠂ ᠤᠰᠤᠨ᠎ᠤ ᠬᠡᠮᠵᠢᠭᠦᠷ᠎ᠨᠢ ᠴᠦ᠍ ᠵᠡᠷᠭᠡ᠎ᠪᠠᠷ ᠪᠣᠳᠣᠵᠤ᠂ ᠨᠢᠭᠡ ᠤᠳᠠᠭ᠎ᠠ ᠤᠰᠤᠯᠠᠬᠤ ᠤᠰᠤᠨ᠎ᠤ ᠬᠡᠮᠵᠢᠶ᠎ᠡ᠎ᠨᠢ ᠰᠢᠭᠤᠳ᠂ ᠣᠨᠣᠪᠴᠢᠲᠠᠶ᠎ᠪᠠᠷ ᠳᠡᠯᠭᠡᠴᠡ ᠳᠡᠭᠡᠷ᠎ᠡ ᠢᠯᠡᠷᠡᠨ᠎ᠡ᠃
《ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠲᠥᠬᠦᠭᠡᠷᠦᠮᠵᠢ᠎ᠨᠢ ᠤᠰᠤᠨ᠎ᠤ ᠬᠡᠮᠵᠢᠭᠦᠷ ᠪᠠ ᠡᠵᠡᠮᠳᠡᠬᠦ ᠲᠥᠬᠦᠭᠡᠷᠦᠮᠵᠢ ᠵᠡᠷᠭᠡ ᠬᠤᠶᠠᠷ ᠬᠡᠰᠡᠭ ᠵᠶ᠋ᠠᠷ ᠪᠦᠷᠢᠯᠳᠦᠵᠦ᠂ ᠲᠦᠭᠡᠮᠡᠯᠵᠢᠭᠦᠯᠦᠨ ᠬᠡᠷᠡᠭᠯᠡᠭᠰᠡᠨ᠎ᠤ ᠳᠠᠷᠠᠭ᠎ᠠ᠂ ᠲᠠᠷᠢᠶᠠᠴᠢᠨ ᠡᠷᠦᠬᠡ ᠥᠪᠡᠷ᠎ᠤᠨ ᠤᠰᠤ ᠬᠡᠷᠡᠭᠯᠡᠬᠦ ᠬᠡᠷᠡᠭᠴᠡᠭᠡ᠎ᠪᠠᠨ ᠦᠨᠳᠦᠰᠦᠯᠡᠨ ᠵᠣᠬᠢᠴᠠᠩᠭᠤᠶ ᠤᠰᠤᠨ᠎ᠤ ᠰᠦᠢ᠍ᠳᠬᠡᠯ᠎ᠤᠨ ᠥᠷᠲᠡᠭ ᠨᠡᠮᠡᠵᠦ᠂ ᠦᠨ᠎ᠡ ᠨᠡᠮᠡᠭᠰᠡᠨ᠎ᠤ ᠳᠠᠷᠠᠭ᠎ᠠ ᠰᠢᠭᠤᠳ ᠺᠠᠷᠲ ᠵᠶ᠋ᠠᠷ ᠤᠰᠤ ᠠᠪᠴᠤ ᠪᠣᠯᠤᠨ᠎ᠠ᠃ ᠡᠭᠦᠨ᠎ᠤ ᠬᠠᠮᠲᠤ᠂ ᠲᠠᠷᠢᠶᠠᠴᠢᠨ ᠡᠷᠦᠬᠡ ᠬᠡᠳᠦᠶ ᠪᠣᠰᠤᠭ᠎ᠠ ᠳᠥᠷᠪᠡᠯᠵᠢᠨ ᠤᠰᠤ ᠬᠡᠷᠡᠭᠯᠡᠭᠰᠡᠨ ᠴᠦ᠍ ᠳᠡᠯᠭᠡᠴᠡ᠎ᠳᠤ ᠢᠯᠡᠷᠡᠨ᠎ᠡ᠂ ᠬᠡᠷᠪᠡ ᠤᠰᠤ ᠬᠡᠷᠡᠭᠯᠡᠭᠰᠡᠨ ᠪᠣᠯ ᠰᠢᠰᠲ᠋ᠧᠮ᠎ᠨᠢ ᠰᠡᠷᠡᠮᠵᠢ ᠵᠢᠨ ᠳᠣᠬᠢᠶ᠎ᠠ ᠥᠭᠴᠦ᠂ ᠰᠡᠷᠡᠮᠵᠢ ᠵᠢᠨ ᠳᠣᠬᠢᠶ᠎ᠠ ᠵᠢ ᠣᠶᠤᠨᠴᠢ ᠤᠰᠤᠨ ᠠᠰᠢᠭᠯᠠᠯᠲᠠ ᠵᠢᠨ ᠲᠠᠪᠴᠠᠩ ᠪᠠ ᠲᠠᠷᠢᠶᠠᠴᠢᠨ ᠡᠷᠦᠬᠡ ᠵᠢᠨ ᠭᠠᠷ ᠤᠲᠠᠰᠤᠨ᠎ᠤ APP ᠳᠡᠭᠡᠷ᠎ᠡ ᠠᠳᠠᠯᠢ ᠠᠯᠬᠤᠮ ᠵᠶ᠋ᠠᠷ ᠬᠦᠷᠭᠡᠨ᠎ᠡ》 ᠭᠡᠵᠦ ᠵᠸᠤ ᠵᠢᠶᠠᠨ ᠳ᠋ᠦᠩ ᠬᠡᠯᠡᠪᠡ᠃
ᠲᠠᠷᠢᠶᠠᠯᠠᠩ᠎ᠤᠨ ᠤᠰᠤ ᠬᠡᠷᠡᠭᠯᠡᠬᠦ ᠬᠡᠮᠵᠢᠯᠲᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠪᠣᠯ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠰᠠᠭᠤᠷᠢ ᠪᠣᠯᠤᠨ᠎ᠠ᠃ ᠥᠪᠥᠷ ᠮᠣᠩᠭᠤᠯ ᠭᠠᠵᠠᠷ ᠳᠣᠤᠷᠠᠬᠢ ᠤᠰᠤᠨ ᠬᠤᠳᠳᠤᠭ᠎ᠤᠨ ᠤᠰᠤᠯᠠᠯᠲᠠ ᠵᠢᠨ ᠣᠷᠣᠨ᠎ᠳᠤ 《ᠴᠠᠬᠢᠯᠭ᠋ᠠᠨ ᠵᠶ᠋ᠠᠷ ᠤᠰᠤ ᠵᠢ ᠨᠤᠭᠤᠯᠬᠤ》 ᠵᠠᠭᠪᠤᠷ᠎ᠢ ᠪᠦᠲᠦᠭᠡᠯᠴᠢ ᠴᠢᠨᠠᠷᠲᠠᠶ᠎ᠪᠠᠷ ᠬᠡᠷᠡᠭᠵᠢᠭᠦᠯᠵᠦ᠂ ᠲᠠᠷᠢᠶᠠᠯᠠᠩ᠎ᠤᠨ ᠤᠰᠤᠯᠠᠯᠲᠠ ᠵᠢᠨ ᠬᠡᠷᠡᠭᠯᠡᠬᠦ ᠴᠠᠬᠢᠯᠭ᠋ᠠᠨ᠎ᠤ ᠲᠤᠭ᠎ᠠ ᠪᠠᠷᠢᠮᠲᠠ ᠵᠢ ᠠᠰᠢᠭᠯᠠᠨ ᠲᠠᠷᠢᠶᠠᠯᠠᠩ᠎ᠤᠨ ᠬᠡᠷᠡᠭᠯᠡᠬᠦ ᠤᠰᠤᠨ᠎ᠤ ᠬᠡᠮᠵᠢᠶ᠎ᠡ ᠵᠢ ᠨᠤᠭᠤᠯᠤᠨ ᠪᠤᠳᠤᠵᠤ᠂ ᠲᠠᠷᠢᠶᠠᠯᠠᠩ᠎ᠤᠨ ᠬᠡᠷᠡᠭᠯᠡᠬᠦ ᠤᠰᠤᠨ᠎ᠤ ᠨᠠᠷᠢᠯᠢᠭ ᠣᠨᠣᠴᠠᠲᠠᠶ᠎ᠪᠠᠷ ᠬᠡᠮᠵᠢᠬᠦ ᠠᠰᠠᠭᠤᠳᠠᠯ᠎ᠢ ᠲᠥᠬᠦᠮ ᠪᠥᠭᠡᠳ ᠪᠦᠲᠦᠮᠵᠢᠲᠡᠶ᠎ᠪᠠᠷ ᠰᠢᠢ᠍ᠳᠪᠦᠷᠢᠯᠡᠪᠡ᠃ ᠣᠳᠣᠬᠠᠨ᠎ᠳᠤ᠂ ᠥᠪᠥᠷ ᠮᠣᠩᠭᠤᠯ᠎ᠤᠨ ᠥᠭᠡᠷᠡᠴᠢᠯᠡᠯᠲᠡ᠎ᠳᠤ ᠬᠤᠯᠪᠣᠭᠳᠠᠭᠰᠠᠨ 73 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠨᠢᠭᠡᠨᠲᠡ ᠤᠰᠤ ᠠᠪᠬᠤ ᠠᠮᠠᠰᠠᠷ᠎ᠤᠨ ᠬᠡᠮᠵᠢᠭᠦᠷ᠎ᠢ ᠪᠡᠶᠡᠯᠡᠭᠦᠯᠵᠦ᠂ 65 ᠲᠦᠮᠡᠨ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠲᠤ 《ᠴᠠᠬᠢᠯᠭ᠋ᠠᠨ ᠵᠶ᠋ᠠᠷ ᠤᠰᠤ ᠵᠢ ᠨᠤᠭᠤᠯᠬᠤ》 ᠵᠢ ᠪᠡᠶᠡᠯᠡᠭᠦᠯᠪᠡ᠃
ᠤᠰᠤᠨ᠎ᠤ ᠦᠨ᠎ᠡ ᠵᠢᠨ ᠪᠦᠷᠢᠯᠳᠦᠬᠦ ᠲᠣᠭᠲᠠᠴᠠ ᠪᠣᠯ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠵᠠᠩᠭᠢᠯᠠᠭ᠎ᠠ ᠵᠢᠨ ᠭᠣᠭᠴᠣᠭ᠎ᠠ ᠪᠣᠯᠤᠨ᠎ᠠ᠃ ᠥᠪᠥᠷ ᠮᠣᠩᠭᠤᠯ ᠵᠠᠰᠠᠭ᠎ᠤᠨ ᠣᠷᠳᠣᠨ᠎ᠠᠴᠠ ᠦᠨ᠎ᠡ ᠲᠣᠭᠲᠠᠭ᠋ᠠᠬᠤ ᠪᠤᠶᠤ ᠵᠥᠪᠳᠡᠯᠴᠡᠨ ᠦᠨ᠎ᠡ ᠲᠣᠭᠲᠠᠭ᠋ᠠᠬᠤ ᠠᠷᠭ᠎ᠠ ᠮᠠᠶᠢᠭ ᠵᠶ᠋ᠠᠷ ᠲᠠᠷᠢᠶᠠᠯᠠᠩ᠎ᠳᠤ ᠬᠡᠷᠡᠭᠯᠡᠬᠦ ᠤᠰᠤᠨ᠎ᠳᠤ ᠦᠨ᠎ᠡ ᠬᠠᠩᠰᠢ ᠲᠣᠭᠲᠠᠭ᠋ᠠᠬᠤ ᠵᠢᠨ ᠬᠠᠮᠲᠤ ᠬᠡᠮᠵᠢᠶ᠎ᠡ᠎ᠪᠠᠷ ᠰᠦᠢ᠍ᠳᠬᠡᠯ ᠬᠤᠷᠢᠶᠠᠬᠤ ᠵᠢ ᠬᠡᠷᠡᠭᠵᠢᠭᠦᠯᠪᠡ᠃
《ᠥᠩᠭᠡᠷᠡᠭᠰᠡᠨ᠎ᠳᠤ ᠤᠰᠤᠯᠠᠬᠤ᠎ᠳᠤ ᠬᠡᠷᠡᠭᠯᠡᠬᠦ ᠤᠰᠤ ᠪᠣᠯ ᠴᠥᠮ 〈ᠮᠦ᠍ᠪᠠᠷ ᠦᠨ᠎ᠡ ᠲᠣᠭᠲᠠᠭ᠋ᠠᠬᠤ〉᠂ 〈ᠴᠠᠭ ᠵᠶ᠋ᠠᠷ ᠤᠰᠤ ᠵᠢ ᠨᠤᠭᠤᠯᠬᠤ〉 ᠪᠠᠶ᠋ᠢᠵᠤ᠂ ᠤᠰᠤᠨ᠎ᠤ ᠰᠦᠢ᠍ᠳᠭᠡᠯ ᠵᠶ᠋ᠠᠷ ᠪᠠᠷᠠᠬᠤ ᠦᠭᠡᠢ ᠪᠠᠰᠠ ᠰᠦᠢ᠍ᠳᠬᠡᠯ ᠬᠤᠷᠢᠶᠠᠵᠤ ᠪᠠᠶ᠋ᠢᠪᠠ᠃ ᠣᠳᠣ 〈 ᠴᠠᠬᠢᠯᠭ᠋ᠠᠨ ᠵᠶ᠋ᠠᠷ ᠤᠰᠤ ᠵᠢ ᠨᠤᠭᠤᠯᠬᠤ〉᠂ ᠤᠰᠤ ᠵᠢ ᠠᠷᠪᠢᠯᠠᠭᠰᠠᠨ ᠵᠶ᠋ᠠᠷ ᠪᠠᠷᠠᠬᠤ ᠦᠭᠡᠢ ᠣᠷᠣᠯᠭ᠎ᠠ ᠵᠢ ᠴᠤ᠌ ᠨᠡᠮᠡᠭᠳᠡᠭᠦᠯᠵᠦ ᠴᠢᠳᠠᠨ᠎ᠠ᠃ ᠲᠦᠩᠯᠢᠶᠤᠤ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠤᠪᠣᠭ᠎ᠠ ᠰᠤᠮᠤ ᠵᠢᠨ ᠲᠠᠪᠤᠨ ᠭᠡᠷ ᠭᠠᠴᠠᠭ᠋ᠠᠨ᠎ᠤ ᠠᠷᠠᠳ ᠯᠢ ᠰᠢᠶᠠᠨ ᠭᠤᠸᠠᠩ ᠬᠡᠯᠡᠪᠡ᠃
ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ 《ᠴᠠᠬᠢᠯᠭ᠋ᠠᠨ ᠵᠶ᠋ᠠᠷ ᠤᠰᠤ ᠵᠢ ᠨᠤᠭᠤᠯᠬᠤ》 ᠬᠡᠯᠪᠡᠷᠢ᠎ᠪᠠᠷ ᠤᠰᠤᠨ᠎ᠤ ᠦᠨ᠎ᠡ ᠵᠢ ᠨᠤᠭᠤᠯᠤᠨ ᠪᠤᠳᠤᠵᠤ᠂ ᠤᠰᠤᠯᠠᠯᠲᠠ ᠵᠢᠨ ᠲᠣᠭᠲᠠᠭᠰᠠᠨ ᠲᠤᠭ᠎ᠠ᠎ᠠᠴᠠ ᠬᠡᠲᠦᠷᠡᠭᠰᠡᠨ ᠪᠠᠶ᠋ᠢᠪᠠᠯ᠂ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ᠎ᠢ ᠬᠡᠷᠡᠭᠵᠢᠭᠦᠯᠦᠨ᠎ᠡ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ᠎ᠤ ᠵᠢᠯ᠎ᠳᠤ ᠪᠠᠷᠤᠭ 2 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤ ᠠᠷᠪᠢᠯᠠᠵᠤ᠂ ᠮᠦ᠍ ᠪᠦᠷᠢ᠎ᠳᠤ ᠳᠤᠮᠳᠠᠴᠢ᠎ᠪᠠᠷ 100 ᠺᠢᠯᠣᠭ᠌ᠷᠠᠮ ᠤᠰᠤ ᠠᠷᠪᠢᠯᠠᠵᠤ᠂ ᠪᠠᠷᠤᠭ 200 ᠲᠥᠭᠦᠷᠢᠭ᠎ᠤᠨ ᠣᠷᠣᠯᠭ᠎ᠠ ᠨᠡᠮᠡᠭᠳᠡᠵᠦ᠂ ᠮᠦ᠍ ᠪᠦᠷᠢ᠎ᠳᠤ ᠳᠤᠮᠳᠠᠴᠢ᠎ᠪᠠᠷ ᠬᠢᠮᠢ ᠵᠢᠨ ᠪᠣᠷᠳᠣᠭᠤᠷ ᠬᠡᠷᠡᠭᠯᠡᠬᠦ ᠬᠡᠮᠵᠢᠶ᠎ᠡ ᠵᠢ 25%᠂ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢ 40% ᠪᠠᠭ᠋ᠠᠰᠬᠠᠵᠤ᠂ ᠲᠠᠷᠢᠶᠠᠴᠢᠳ᠎ᠤᠨ ᠲᠠᠷᠢᠬᠤ ᠥᠪᠡᠷ᠎ᠤᠨ ᠥᠷᠲᠡᠭ᠎ᠢ ᠶᠡᠭᠡ᠎ᠪᠠᠷ ᠪᠠᠭᠤᠷᠠᠭᠤᠯᠪᠠ᠃
ᠦᠨ᠎ᠡ ᠬᠠᠩᠰᠢ ᠵᠢᠨ ᠬᠥᠰᠢᠭᠦᠷᠭᠡ ᠵᠢᠨ ᠤᠷᠮᠠᠰᠢᠭᠤᠯᠤᠯ ᠪᠠ ᠤᠰᠤ ᠬᠡᠷᠡᠭᠯᠡᠬᠦ ᠡᠷᠦᠬᠡ ᠵᠢᠨ ᠤᠰᠤ ᠠᠷᠪᠢᠯᠠᠬᠤ ᠦᠢ᠍ᠯᠡ ᠠᠵᠢᠯᠯᠠᠭ᠎ᠠ ᠪᠠ ᠠᠵᠤ ᠠᠬᠤᠶ ᠵᠢᠨ ᠠᠰᠢᠭ ᠲᠤᠰᠠ᠎ᠨᠢ ᠨᠢᠭᠲᠠ ᠬᠤᠯᠪᠣᠯᠳᠤᠵᠤ᠂ ᠲᠠᠷᠢᠶᠠᠴᠢᠨ ᠡᠷᠦᠬᠡ ᠵᠢᠨ ᠤᠰᠤ ᠠᠷᠪᠢᠯᠠᠬᠤ ᠦᠵᠡᠯ ᠤᠬᠠᠮᠰᠠᠷ᠎ᠢ ᠴᠢᠩᠭ᠋ᠠᠷᠠᠭᠤᠯᠪᠠ᠃ ᠣᠳᠣᠬᠠᠨ ᠪᠣᠯᠲᠠᠯ᠎ᠠ᠂ ᠪᠦᠬᠦ ᠣᠷᠣᠨ᠎ᠤ ᠥᠭᠡᠷᠡᠴᠢᠯᠡᠯᠲᠡ᠎ᠳᠤ ᠬᠤᠯᠪᠣᠭᠳᠠᠬᠤ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ ᠨᠢᠭᠡᠨᠲᠡ ᠰᠢᠨ᠎ᠡ ᠨᠢᠭᠡ ᠡᠭᠡᠯᠵᠢ ᠵᠢᠨ ᠥᠪᠡᠷ᠎ᠤᠨ ᠥᠷᠲᠡᠭ᠎ᠤᠨ ᠬᠢᠨᠠᠯᠲᠠ ᠪᠠᠶ᠋ᠢᠴᠠᠭ᠋ᠠᠯᠲᠠ ᠵᠢ ᠪᠡᠶᠡᠯᠡᠭᠦᠯᠵᠦ᠂ ᠵᠠᠷᠢᠮ ᠤᠰᠤᠯᠠᠯᠲᠠ ᠵᠢᠨ ᠣᠷᠣᠨ ᠦᠨ᠎ᠡ ᠬᠠᠩᠰᠢ ᠵᠢ ᠲᠣᠬᠢᠷᠠᠭᠤᠯᠬᠤ ᠠᠵᠢᠯ᠎ᠢ ᠪᠡᠶᠡᠯᠡᠭᠦᠯᠪᠡ᠃
ᠨᠠᠷᠢᠯᠢᠭ ᠣᠨᠣᠴᠠᠲᠠᠶ᠎ᠪᠠᠷ ᠬᠡᠮᠵᠢᠵᠦ᠂ ᠪᠤᠰᠤᠭ᠎ᠠ ᠲᠦᠷᠪᠡᠯᠵᠢᠨ ᠵᠶ᠋ᠡᠷ ᠰᠦᠢ᠍ᠳᠬᠡᠯ ᠬᠤᠷᠢᠶᠠᠵᠤ᠂ ᠥᠪᠥᠷ ᠮᠣᠩᠭᠤᠯ᠎ᠤᠨ ᠲᠠᠷᠢᠶᠠᠯᠠᠩ᠎ᠤᠨ ᠤᠰᠤ ᠠᠷᠪᠢᠯᠠᠬᠤ᠎ᠳᠤ ᠴᠢᠨᠠᠷ᠎ᠤᠨ ᠬᠤᠪᠢᠷᠠᠯᠲᠠ᠎ᠲᠠᠢ ᠪᠣᠯᠪᠠ᠃
ᠦᠷ᠎ᠡ ᠠᠰᠢᠭ᠎ᠤᠨ ᠬᠤᠪᠢᠷᠠᠯᠲᠠ — ᠤᠰᠤ ᠠᠷᠪᠢᠯᠠᠬᠤ ᠱᠠᠩᠨᠠᠯ ᠨᠥᠬᠥᠪᠥᠷᠢ ᠲᠠᠷᠢᠶᠠᠴᠢᠳ᠎ᠲᠤ ᠲᠤᠰᠠ ᠬᠦᠷᠲᠡᠭᠡᠬᠦ
ᠨᠠᠮᠤᠷ᠎ᠤᠨ ᠡᠳᠦᠷ᠎ᠤᠨ ᠨᠡᠷᠡᠨ᠎ᠤ ᠭᠡᠷᠡᠯᠳᠤ᠂ ᠤᠯᠠᠭ᠋ᠠᠨᠬᠠᠳᠠ ᠬᠤᠲᠠ ᠵᠢᠨ ᠰᠦᠩᠱ᠌ᠠᠨ ᠲᠣᠭᠤᠷᠢᠭ᠎ᠤᠨ ᠬᠠᠷᠠᠲᠣᠬᠤᠢ ᠪᠠᠯᠭ᠋ᠠᠰᠤᠨ᠎ᠤ ᠾᠧᠩ ᠫᠠᠢ ᠽᠢ ᠲᠣᠰᠬᠤᠨ᠎ᠳᠤ ᠶᠠᠪᠤᠵᠤ᠂ ᠡᠷᠳᠡᠨᠢ ᠰᠢᠰᠢ ᠵᠢᠨ ᠲᠠᠷᠢᠶ᠎ᠠ ᠨᠢᠭᠡᠨᠲᠡ ᠢᠳᠡᠭᠡ ᠣᠷᠣᠬᠤ ᠬᠤᠭᠤᠴᠠᠭ᠋ᠠᠨ᠎ᠳᠤ ᠣᠷᠣᠵᠤ᠂ ᠶᠠᠭ 《ᠤᠰᠤ ᠨᠥᠬᠦᠪᠥᠷᠢᠯᠡᠬᠦ》 ᠴᠠᠭ ᠦᠶ᠎ᠡ ᠪᠣᠯᠪᠠ᠃
ᠾᠧᠩ ᠫᠠᠢ ᠽᠢ ᠲᠣᠰᠬᠤᠨ᠎ᠤ ᠠᠷᠠᠳ ᠮᠠ ᠬᠤᠩ ᠰᠢᠶᠦ᠋ᠨ ᠰᠤᠷᠪᠤᠯᠵᠢᠯᠠᠭᠴᠢ᠎ᠳᠤ ᠬᠡᠯᠡᠬᠦ᠎ᠳᠡᠭᠡᠨ᠂ 2015 ᠣᠨ᠎ᠠᠴᠠ ᠡᠮᠦᠨ᠎ᠡ᠂ ᠲᠠᠷᠢᠶ᠎ᠠ ᠤᠰᠤᠯᠠᠬᠤ ᠪᠣᠯ ᠴᠠᠭ ᠲᠤᠬᠠᠶ᠎ᠳᠤᠨᠢ ᠰᠦᠢ᠍ᠳᠭᠡᠯ ᠬᠤᠷᠢᠶᠠᠬᠤ ᠶᠠᠪᠤᠳᠠᠯ ᠮᠥᠨ ᠭᠡᠵᠡᠶ᠃ 2015 ᠣᠨ᠎ᠠᠴᠠ 2017 ᠣᠨ ᠪᠣᠯᠲᠠᠯ᠎ᠠ᠂ ᠪᠦᠷᠬᠦᠪᠴᠢ ᠵᠢᠨ ᠳᠣᠤᠷ᠎ᠠ ᠳᠤᠰᠤᠯᠭ᠋ᠠᠨ ᠤᠰᠤᠯᠠᠭᠰᠠᠨᠤ ᠳᠠᠷᠠᠭ᠎ᠠ ᠪᠤᠰᠤᠭ᠎ᠠ ᠳᠥᠷᠪᠡᠯᠵᠢᠨ ᠵᠶ᠋ᠠᠷ ᠰᠦᠢ᠍ᠳᠭᠡᠯ ᠬᠤᠷᠢᠶᠠᠵᠤ᠂ ᠤᠰᠤᠨ᠎ᠤ ᠦᠨᠡᠨ᠎ᠢ 1.3 ᠲᠥᠭᠦᠷᠢᠭ ᠪᠣᠰᠤᠭ᠎ᠠ ᠳᠥᠷᠪᠡᠯᠵᠢᠨ ᠮᠸᠲᠷ ᠪᠣᠯᠤᠨ᠎ᠠ᠃ ᠭᠡᠪᠡᠴᠦ 2017 ᠣᠨ᠎ᠠᠴᠠ ᠡᠮᠦᠨ᠎ᠡ᠂ ᠶᠠᠭ᠋ᠠᠬᠢᠵᠦ ᠤᠰᠤᠯᠠᠭᠰᠠᠨ ᠴᠤ᠌ ᠪᠦᠷ ᠨᠢᠭᠡᠳᠦᠯᠲᠡᠢ ᠤᠰᠤᠨ᠎ᠤ ᠦᠨ᠎ᠡ ᠪᠣᠯᠣᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠤᠷᠤᠰᠤᠮᠠᠯ ᠤᠰᠤᠯᠠᠯᠲᠠ ᠵᠢᠨ ᠣᠷᠣᠨ᠎ᠤ ᠤᠰᠤᠨ᠎ᠤ ᠦᠨᠡᠨ᠎ᠢ 0.49 ᠲᠥᠭᠦᠷᠢᠭ ᠪᠠᠶ᠋ᠢᠵᠤ᠂ ᠳᠠᠷᠤᠯᠲᠠᠲᠤ ᠤᠰᠤᠯᠠᠯᠲᠠ ᠵᠢᠨ ᠣᠷᠣᠨ 0.8 ᠲᠥᠭᠦᠷᠢᠭ ᠺᠦᠪ ᠮᠸᠲᠷ ᠪᠦᠷᠢ ᠪᠣᠯᠤᠨ᠎ᠠ᠃ ᠮᠦ᠍ ᠪᠦᠷᠢ ᠵᠢᠨ ᠤᠰᠤ ᠠᠷᠪᠢᠯᠠᠬᠤ ᠨᠥᠬᠥᠪᠥᠷᠢ᠎ᠨᠢ ᠪᠠᠷᠤᠭ 20 ᠲᠥᠭᠥᠷᠢᠭ ᠪᠣᠯᠤᠨ᠎ᠠ᠃ 《ᠤᠰᠤ ᠠᠷᠪᠢᠯᠠᠬᠤ ᠱᠠᠩᠨᠠᠯ ᠨᠥᠬᠦᠪᠦᠷᠢ᠎ᠲᠠᠢ ᠪᠣᠯᠪᠠᠯ ᠲᠠᠷᠢᠶᠠᠴᠢᠳ᠎ᠤᠨ ᠤᠰᠤ ᠠᠷᠪᠢᠯᠠᠬᠤ ᠤᠬᠠᠮᠰᠠᠷ ᠪᠠ ᠢᠳᠡᠪᠬᠢᠵᠢᠯ ᠴᠥᠮ ᠳᠡᠭᠡᠭᠰᠢᠯᠡᠪᠡ》 ᠭᠡᠵᠦ ᠮᠠ ᠬᠤᠩ ᠰᠢᠶᠦ᠋ᠨ ᠬᠡᠯᠡᠪᠡ᠃
ᠬᠡᠨ ᠤᠰᠤ ᠠᠷᠪᠢᠯᠠᠪᠠᠯ ᠬᠡᠨ ᠠᠰᠢᠭ ᠬᠦᠷᠲᠡᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠲᠠᠷᠢᠶᠠᠴᠢᠳ᠎ᠤᠨ ᠤᠰᠤ ᠠᠷᠪᠢᠯᠠᠬᠤ ᠦᠵᠡᠯ ᠤᠬᠠᠮᠰᠠᠷ ᠢᠯᠡᠳᠲᠡ ᠴᠢᠩᠭ᠋ᠠᠷᠠᠵᠤ᠂ ᠡᠭᠦᠨ᠎ᠤ ᠬᠠᠮᠲᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠠᠶ᠋ᠢᠨ ᠠᠵᠢᠯᠯᠠᠭ᠋ᠠᠨ᠎ᠢ ᠪᠠᠲᠤᠯᠠᠪᠠ᠃
ᠤᠰᠤ ᠬᠡᠷᠡᠭᠯᠡᠬᠦ ᠡᠷᠦᠬᠡ ᠵᠢᠨ ᠤᠰᠤ ᠠᠷᠪᠢᠯᠠᠬᠤ ᠢᠳᠡᠪᠬᠢᠵᠢᠯ᠎ᠢ ᠳᠠᠶ᠋ᠢᠴᠢᠯᠠᠬᠤ ᠵᠢᠨ ᠲᠥᠯᠥᠭᠡ᠂ ᠪᠢᠳᠡ 《ᠲᠠᠷᠢᠶᠠᠯᠠᠩ᠎ᠤᠨ ᠶᠡᠷᠦᠩᠬᠡᠶ᠋ᠢᠯᠡᠭᠰᠡᠨ ᠤᠰᠤᠨ᠎ᠤ ᠦᠨ᠎ᠡ ᠵᠢᠨ ᠥᠭᠡᠷᠡᠴᠢᠯᠡᠯᠲᠡ ᠵᠢᠨ ᠨᠠᠷᠢᠯᠢᠭ ᠣᠨᠣᠴᠠᠲᠠᠶ᠎ᠪᠠᠷ ᠨᠥᠬᠦᠪᠥᠷᠢ ᠥᠭᠬᠦ ᠵᠢᠴᠢ ᠤᠰᠤ ᠠᠷᠪᠢᠯᠠᠬᠤ ᠱᠠᠩᠨᠠᠯ᠎ᠤᠨ ᠠᠷᠭ᠎ᠠ》 ᠵᠢ ᠨᠡᠶ᠋ᠢᠲᠡᠯᠡᠵᠦ᠂ ᠨᠠᠷᠢᠯᠢᠭ ᠣᠨᠣᠴᠠᠲᠠᠶ᠎ᠪᠠᠷ ᠨᠥᠬᠦᠪᠥᠷᠢ ᠥᠭᠬᠦ ᠵᠢᠴᠢ ᠤᠰᠤ ᠠᠷᠪᠢᠯᠠᠬᠤ ᠱᠠᠩᠨᠠᠯ᠎ᠤᠨ ᠪᠠᠷᠢᠮᠵᠢᠶ᠎ᠠ ᠵᠢ ᠲᠣᠳᠣᠷᠬᠠᠶ ᠲᠣᠭᠲᠠᠭ᠋ᠠᠪᠠ᠃ ᠤᠰᠤᠯᠠᠯᠲᠠ ᠵᠢᠨ ᠲᠣᠭᠲᠠᠭᠰᠠᠨ ᠲᠣᠭ᠎ᠠ᠎ᠠᠴᠠ ᠬᠡᠲᠦᠷᠡᠭᠰᠡᠨ ᠦᠭᠡᠢ ᠪᠠᠶ᠋ᠢᠳᠠᠯ ᠳᠣᠣᠷ᠎ᠠ᠂ ᠤᠰᠤᠨ ᠲᠠᠷᠢᠶᠠᠨ᠎ᠤ ᠪᠣᠰᠤᠭ᠎ᠠ ᠳᠥᠷᠪᠡᠯᠵᠢᠨ ᠮᠸᠲᠷ ᠪᠦᠷᠢ᠎ᠳᠤ 0.0246 ᠲᠥᠭᠦᠷᠢᠭ᠎ᠤᠨ ᠨᠥᠬᠦᠪᠥᠷᠢ ᠥᠭᠴᠦ᠂ ᠬᠠᠭᠤᠷᠠᠢ ᠲᠠᠷᠢᠶᠠᠨ᠎ᠤ ᠪᠣᠰᠤᠭ᠎ᠠ ᠳᠥᠷᠪᠡᠯᠵᠢᠨ ᠮᠸᠲᠷ ᠪᠦᠷᠢ᠎ᠳᠤ 0.29 ᠲᠥᠭᠦᠷᠢᠭ᠎ᠤᠨ ᠨᠥᠬᠦᠪᠥᠷᠢ ᠥᠭᠭᠦᠨ᠎ᠡ᠃ ᠲᠣᠭᠲᠠᠭᠰᠠᠨ ᠨᠣᠷᠮ᠎ᠠ ᠵᠢᠨ ᠳᠣᠲᠣᠷᠠᠬᠢ ᠤᠰᠤ ᠬᠡᠷᠡᠭᠯᠡᠬᠦ ᠬᠡᠮᠵᠢᠶ᠎ᠡ ᠵᠢ 10%᠎ᠪᠠᠷ ᠪᠠᠭ᠋ᠠᠰᠬᠠᠵᠤ᠂ ᠮᠥ᠍ ᠪᠦᠷᠢ᠎ᠳᠤ 2 ᠲᠥᠭᠦᠷᠢᠭ ᠱᠠᠩᠨᠠᠨ᠎ᠠ᠃ 2023 ᠣᠨ᠎ᠳᠤ᠂ ᠨᠠᠷᠢᠯᠢᠭ ᠣᠨᠣᠴᠠᠲᠠᠶ᠎ᠪᠠᠷ ᠨᠥᠬᠦᠪᠥᠷᠢ ᠣᠯᠭᠤᠵᠤ᠂ ᠤᠰᠤ ᠠᠷᠪᠢᠯᠠᠬᠤ ᠱᠠᠩᠨᠠᠯ ᠨᠥᠬᠦᠪᠥᠷᠢ ᠵᠢ ᠨᠡᠶ᠋ᠢᠲᠡ 100 ᠭᠠᠷᠤᠶ ᠲᠦᠮᠡᠨ ᠲᠥᠭᠦᠷᠢᠭ ᠲᠠᠷᠬᠠᠭ᠋ᠠᠪᠠ᠃ ᠬᠦᠯᠦᠨ ᠪᠤᠢ᠌ᠷ ᠬᠣᠲᠠ ᠵᠢᠨ ᠠᠷᠤᠨ ᠬᠣᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠡᠯᠡᠪᠡ᠃
ᠠᠷᠤᠨ ᠬᠤᠰᠢᠭᠤ 2017 ᠣᠨ᠎ᠳᠤ ᠥᠪᠥᠷ ᠮᠣᠩᠭᠣᠯ᠎ᠤᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠤᠰᠢᠭᠤ ᠰᠢᠶᠠᠨ ᠪᠣᠯᠤᠭᠰᠠᠨ᠎ᠠᠴᠠ ᠨᠠᠭ᠋ᠠᠰᠢ᠂ ᠤᠰᠤᠨ᠎ᠤ ᠦᠨ᠎ᠡ ᠬᠠᠩᠰᠢ ᠪᠦᠷᠢᠯᠳᠦᠬᠦ᠂ ᠲᠠᠷᠢᠶᠠᠯᠠᠩ᠎ᠳᠤ ᠬᠡᠷᠡᠭᠯᠡᠬᠦ ᠤᠰᠤ᠂ ᠨᠠᠷᠢᠯᠢᠭ ᠣᠨᠣᠪᠴᠢᠲᠠᠢ ᠨᠥᠬᠥᠪᠥᠷᠢ ᠥᠭᠬᠦ ᠵᠢᠴᠢ ᠤᠰᠤ ᠠᠷᠪᠢᠯᠠᠬᠤ ᠱᠠᠩᠨᠠᠯ᠂ ᠢᠨᠵᠧᠨᠧᠷᠢᠩ᠎ᠢ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠵᠡᠷᠭᠡ 4 ᠲᠠᠯ᠎ᠠ᠎ᠪᠠᠷ ᠬᠠᠢ᠌ᠨ ᠰᠦᠪᠡᠭᠴᠢᠯᠡᠯᠲᠡ ᠪᠠ ᠦᠢ᠍ᠯᠡᠳᠦᠯᠭᠡ ᠥᠷᠨᠢᠭᠦᠯᠪᠡ᠃ ᠰᠢᠨ᠎ᠡ ᠤᠰᠤᠨ᠎ᠤ ᠦᠨ᠎ᠡ ᠬᠠᠩᠰᠢ᠂ ᠨᠠᠷᠢᠯᠢᠭ ᠣᠨᠣᠴᠠᠲᠠᠶ᠎ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ᠎ᠢ ᠬᠠᠮᠲᠤ᠎ᠪᠠᠷ ᠬᠡᠷᠡᠭᠵᠢᠭᠦᠯᠬᠦ᠎ᠪᠠᠷ ᠳᠠᠮᠵᠢᠭᠤᠯᠤᠨ᠂ ᠲᠠᠷᠢᠶᠠᠴᠢᠳ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠪᠡ᠃
2019 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠨᠠᠷᠢᠯᠢᠭ ᠣᠨᠣᠴᠠᠲᠠᠶ ᠨᠥᠬᠦᠪᠥᠷᠢ ᠬᠢᠭᠡᠳ ᠤᠰᠤ ᠠᠷᠪᠢᠯᠠᠬᠤ ᠱᠠᠩᠨᠠᠯ᠎ᠤᠨ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ᠎ᠬᠢᠨ᠎ᠢ ᠢᠳᠡᠪᠬᠢᠲᠡᠶ᠎ᠪᠠᠷ ᠬᠥᠲᠥᠯᠥᠨ ᠵᠢᠯᠣᠭᠤᠳᠴᠤ ᠪᠠᠶ᠋ᠢᠭ᠋ᠠᠳ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠨᠠᠷᠢᠯᠢᠭ ᠣᠨᠣᠴᠠᠲᠠᠶ ᠨᠥᠬᠦᠪᠥᠷᠢ ᠬᠢᠭᠡᠳ ᠤᠰᠤ ᠠᠷᠪᠢᠯᠠᠬᠤ ᠱᠠᠩᠨᠠᠯ᠎ᠤᠨ ᠠᠷᠭ᠎ᠠ ᠵᠢ ᠲᠦᠷᠭᠡᠳᠬᠡᠨ ᠪᠠᠶ᠋ᠢᠭᠤᠯᠵᠤ᠂ ᠥᠷᠭᠡᠨ ᠣᠯᠠᠨ ᠲᠠᠷᠢᠶᠠᠴᠢᠳ᠎ᠤᠨ ᠤᠰᠤ ᠠᠷᠪᠢᠯᠠᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠡᠮᠬᠢ ᠵᠢᠷᠤᠮ᠎ᠲᠠᠢ ᠠᠬᠢᠭᠤᠯᠬᠤ ᠵᠢ ᠪᠠᠲᠤᠯᠠᠪᠠ᠃
2021 ᠣᠨ᠎ᠠᠴᠠ ᠨᠠᠭ᠋ᠠᠰᠢ᠂ ᠥᠪᠥᠷ ᠮᠣᠩᠭᠤᠯ ᠨᠡᠶ᠋ᠢᠲᠡ 2.45 ᠳ᠋ᠦᠩᠰᠢᠭᠤᠷ ᠲᠥᠭᠦᠷᠢᠭ᠎ᠤᠨ ᠲᠠᠷᠢᠶᠠᠯᠠᠩ᠎ᠤᠨ ᠤᠰᠤ ᠠᠷᠪᠢᠯᠠᠬᠤ ᠱᠠᠩᠨᠠᠯ ᠨᠥᠬᠦᠪᠥᠷᠢ᠎ᠳᠤ ᠬᠡᠷᠡᠭᠯᠡᠪᠡ᠃ ᠣᠳᠣᠬᠠᠨ᠎ᠳᠤ᠂ ᠥᠪᠥᠷ ᠮᠣᠩᠭᠤᠯ᠎ᠤᠨ ᠥᠭᠡᠷᠡᠴᠢᠯᠡᠯᠲᠡ᠎ᠳᠤ ᠬᠤᠯᠪᠣᠭᠳᠠᠭᠰᠠᠨ 82 ᠬᠤᠰᠢᠭᠤ ᠰᠢᠶᠠᠨ ᠴᠥᠮ ᠵᠣᠬᠢᠴᠠᠩᠭᠤᠶ ᠪᠥᠬᠦᠶ ᠨᠠᠷᠢᠯᠢᠭ ᠣᠨᠣᠴᠠᠲᠠᠶ ᠨᠥᠬᠦᠪᠥᠷᠢ ᠪᠠ ᠤᠰᠤ ᠠᠷᠪᠢᠯᠠᠬᠤ ᠱᠠᠩᠨᠠᠯ᠎ᠤᠨ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠨ ᠨᠡᠶ᠋ᠢᠲᠡᠯᠡᠪᠡ᠃
ᠡᠭᠦᠨ᠎ᠤ ᠬᠠᠮᠲᠤ᠂ ᠥᠪᠥᠷ ᠮᠣᠩᠭᠣᠯ᠎ᠨᠢ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠳᠤ ᠴᠢᠭᠯᠡᠭᠦᠯᠦᠨ ᠲᠠᠷᠢᠶᠠᠯᠠᠩ᠎ᠤᠨ ᠤᠰᠤ ᠠᠷᠪᠢᠯᠠᠭᠰᠠᠨᠢ ᠱᠠᠩᠨᠠᠬᠤ ᠲᠥᠰᠦᠯ᠎ᠢ ᠲᠤᠰᠬᠠᠶ᠋ᠢᠯᠠᠨ ᠲᠣᠭᠲᠠᠭ᠋ᠠᠵᠤ᠂ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠵᠢ ᠠᠬᠢᠭᠤᠯᠤᠨ ᠪᠣᠳᠣᠵᠤ ᠱᠠᠩᠨᠠᠪᠠ᠃ 2023 ᠣᠨ᠎ᠳᠤ᠂ ᠪᠠᠶᠠᠨᠨᠠᠭᠤᠷ ᠬᠤᠲᠠ 1 ᠳ᠋ᠦᠩᠰᠢᠭᠤᠷ ᠲᠥᠭᠦᠷᠢᠭ᠎ᠤᠨ ᠪᠠᠯᠠ ᠮᠥᠩᠭᠦ ᠭᠠᠷᠭ᠋ᠠᠵᠤ ᠱᠠᠩᠨᠠᠵᠤ ᠨᠥᠬᠦᠪᠥᠷᠢᠯᠡᠬᠦ᠎ᠳᠤ ᠬᠡᠷᠡᠭᠯᠡᠬᠦ᠎ᠪᠠᠷ ᠲᠥᠯᠥᠪᠯᠡᠵᠦ᠂ 2025 ᠣᠨ ᠪᠣᠯᠬᠤ᠎ᠳᠤ ᠤᠰᠤ ᠠᠷᠪᠢᠯᠠᠬᠤ ᠴᠢᠳᠠᠪᠤᠷᠢ ᠵᠢ 5 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠬᠦ᠎ᠪᠠᠷ ᠲᠥᠯᠥᠪᠯᠡᠵᠦ᠂ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠵᠢ 0.506 ᠪᠣᠯᠲᠠᠯ᠎ᠠ ᠳᠡᠭᠡᠭᠰᠢᠯᠡᠭᠦᠯᠪᠡ᠃
ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠤᠯ᠎ᠤᠨ ᠲᠠᠷᠢᠶᠠᠯᠠᠩ᠎ᠤᠨ ᠤᠰᠤ ᠬᠡᠷᠡᠭᠯᠡᠬᠦ ᠳᠤᠮᠳᠠᠴᠢ ᠶᠡᠷᠦᠩᠬᠡᠶ ᠬᠡᠮᠵᠢᠶ᠎ᠡ ᠵᠢ 122 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠣᠷᠴᠢᠮ᠎ᠳᠤ ᠲᠣᠭᠲᠠᠪᠤᠷᠢᠵᠢᠭᠤᠯᠵᠤ᠂ ᠶᠡᠷᠦᠩᠬᠡᠶ ᠤᠰᠤ ᠬᠡᠷᠡᠭᠯᠡᠬᠦ ᠬᠡᠮᠵᠢᠶ᠎ᠡ ᠵᠢᠨ 63.8% ᠵᠢ ᠡᠵᠡᠯᠡᠵᠦ᠂ ᠪᠥᠬᠦ ᠤᠯᠤᠰ᠎ᠤᠨ ᠲᠠᠷᠢᠶᠠᠯᠠᠩ᠎ᠤᠨ ᠤᠰᠤ ᠬᠡᠷᠡᠭᠯᠡᠬᠦ ᠳᠤᠮᠳᠠᠴᠢ ᠬᠠᠷᠢᠴᠠᠯ᠎ᠲᠠᠢ ᠪᠠᠷᠤᠭ ᠠᠳᠠᠯᠢ ᠪᠠᠢ᠌ᠳᠠᠭ᠃ ᠥᠪᠥᠷ ᠮᠣᠩᠭᠤᠯ᠎ᠤᠨ ᠲᠠᠷᠢᠶᠠᠯᠠᠩ᠎ᠤᠨ ᠤᠰᠤ ᠠᠷᠪᠢᠯᠠᠬᠤ ᠳᠠᠯᠳᠠ ᠬᠦᠴᠦᠨ ᠯᠤᠲᠤ ᠶᠡᠭᠡ ᠪᠠᠶ᠋ᠢᠵᠤ᠂ 《ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠰᠢᠢ᠍ᠳᠪᠦᠷᠢᠯᠡᠬᠦ᠎ᠳᠤ ᠪᠠᠰᠠ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠬᠦ ᠬᠡᠷᠡᠭᠲᠡᠶ᠃
ᠤᠰᠤ ᠬᠡᠷᠡᠭᠯᠡᠬᠦ ᠲᠣᠮᠣ ᠡᠷᠦᠬᠡ ᠤᠰᠤ ᠠᠷᠪᠢᠯᠠᠬᠤ ᠲᠣᠮᠣ ᠡᠷᠦᠬᠡ ᠪᠣᠯᠬᠤ ᠦᠶ᠎ᠡ᠎ᠳᠤ᠂ ᠤᠮᠠᠷᠠᠲᠤ ᠬᠢᠯᠢ ᠵᠢᠨ 《ᠠᠮᠤ ᠪᠤᠳᠠᠭ᠋ᠠᠨ᠎ᠤ ᠬᠥᠮᠥᠷᠭᠡ》 ᠵᠢᠨ ᠰᠠᠭᠤᠷᠢ ᠨᠡᠩ ᠪᠠᠲᠤ ᠪᠡᠬᠢ ᠪᠣᠯᠬᠤ ᠪᠣᠯᠤᠨ᠎ᠠ᠃
(《ᠦᠪᠦᠷ ᠮᠤᠩᠭᠤᠯ᠎ᠤᠨ ᠡᠳᠦᠷ᠎ᠤᠨ ᠰᠤᠨᠢᠨ)᠎ᠠᠴᠠ ᠰᠢᠯᠵᠢᠭᠦᠯᠪᠡ 2024 ᠣᠨ᠎ᠤ 8 ᠳ᠋ᠤᠭ᠋ᠠᠷ ᠰᠠᠷ᠎ᠠ ᠵᠢᠨ 27᠎ᠤ ᠡᠳᠦᠷ ᠰᠤᠷᠪᠤᠯᠵᠢᠯᠠᠭᠴᠢ ᠵᠠᠩ ᠬᠤᠶ ᠯᠢᠩ)