ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠠᠯᠠᠱᠠ ᠠᠢᠮᠠᠭ ᠬᠢᠭᠡᠳ ᠰᠧᠴᠤᠸᠠᠨ ᠮᠤᠵᠢ᠎ᠶᠢᠨ ᠠᠪᠠ ᠰᠢᠶᠠᠨ ᠮᠤᠵᠢ ᠣᠷᠣᠨ ᠠᠯᠤᠰᠯᠠᠭᠰᠠᠨ ᠤᠰᠤᠨ᠎ᠤ ᠡᠷᠬᠡ᠎ᠶᠢᠨ ᠠᠷᠠᠯᠵᠢᠶᠠᠨ᠎ᠤ ᠪᠦᠳᠦᠭᠦᠪᠴᠢ ᠬᠡᠯᠡᠯᠴᠡᠭᠡᠷ ᠲᠣᠭᠲᠠᠪᠠ
ᠨᠡᠶ᠋ᠢᠲᠡᠯᠡᠭᠰᠡᠨ ᠴᠠᠭ᠄ 2025-11-01

ᠠᠯᠠᠱᠠ ᠠᠢᠮᠠᠭ᠎ᠤᠨ ᠤᠰᠤᠨ᠎ᠤ ᠶᠠᠪᠤᠳᠠᠯ᠎ᠤᠨ ᠲᠣᠪᠴᠢᠶ᠎ᠠ ᠬᠢᠭᠡᠳ ᠰᠧᠴᠤᠸᠠᠨ ᠮᠤᠵᠢ᠎ᠶᠢᠨ ᠭᠠᠨᠽᠢ ᠵᠧᠦ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ 3 ᠵᠢᠯ᠎ᠳᠦ ᠨᠡᠶ᠋ᠢᠲᠡ 180 ᠲᠦᠮᠡᠨ ᠪᠣᠰᠣᠭ᠎ᠠ ᠳᠥᠷᠪᠡᠯᠵᠢᠨ ᠮᠧᠲᠷ᠎ᠦᠨ ᠤᠰᠤᠨ᠎ᠤ ᠡᠷᠬᠡ᠎ᠶᠢᠨ ᠠᠷᠠᠯᠵᠢᠶ᠎ᠠ ᠬᠢᠭᠰᠡᠨ᠎ᠦ ᠳᠠᠷᠠᠭ᠎ᠠ ᠂ ᠣᠢᠷ᠎ᠠ᠎ᠳᠤ ᠂ ᠠᠯᠠᠱᠠ ᠠᠢᠮᠠᠭ ᠬᠢᠭᠡᠳ ᠰᠧᠴᠤᠸᠠᠨ ᠮᠤᠵᠢ᠎ᠶᠢᠨ ᠠᠪᠠ ᠰᠢᠶᠠᠨ ᠮᠤᠵᠢ ᠣᠷᠣᠨ ᠠᠯᠤᠰᠯᠠᠭᠰᠠᠨ ᠤᠰᠤᠨ᠎ᠤ ᠡᠷᠬᠡ᠎ᠶᠢᠨ ᠠᠷᠠᠯᠵᠢᠶᠠᠨ᠎ᠤ ᠪᠦᠳᠦᠭᠦᠪᠴᠢ ᠬᠡᠯᠡᠯᠴᠡᠭᠡᠷ ᠲᠣᠭᠲᠠᠪᠠ ᠂ ᠡᠨᠡ ᠪᠣᠯ ᠥᠪᠥᠷ ᠮᠣᠩᠭᠣᠯ᠎ᠤᠨ ᠭᠠᠷ᠎ᠤᠨ ᠥᠰᠥᠭ ᠵᠢᠷᠤᠭᠰᠠᠨ ᠬᠠᠲᠤᠨ ᠭᠣᠣᠯ᠎ᠤᠨ ᠰᠠᠪᠠ ᠭᠠᠵᠠᠷ᠎ᠤᠨ ᠮᠤᠵᠢ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠤᠰᠤᠨ᠎ᠤ ᠡᠷᠬᠡ᠎ᠶᠢᠨ ᠠᠷᠠᠯᠵᠢᠶᠠᠨ᠎ᠤ ᠬᠣᠶᠠᠳᠠᠭᠢ ᠬᠡᠯᠡᠯᠴᠡᠭᠡᠷ ᠪᠣᠯᠣᠨ᠎ᠠ ᠃ ᠬᠡᠯᠡᠯᠴᠡᠭᠡᠷ᠎ᠦᠨ ᠠᠭᠤᠯᠭ᠎ᠠ᠎ᠶᠢ ᠦᠨᠳᠦᠰᠦᠯᠡᠪᠡᠯ ᠂ ᠬᠣᠶᠠᠷ ᠲᠠᠯ᠎ᠠ᠎ᠪᠠᠷ᠎ᠢᠶᠠᠨ 5 ᠵᠢᠯ᠎ᠦᠨ ᠳᠣᠲᠣᠷ᠎ᠠ 1500 ᠲᠦᠮᠡᠨ ᠪᠣᠰᠣᠭ᠎ᠠ ᠳᠥᠷᠪᠡᠯᠵᠢᠨ ᠮᠧᠲᠷ᠎ᠦᠨ ᠤᠰᠤᠨ᠎ᠤ ᠡᠷᠬᠡ᠎ᠶᠢᠨ ᠠᠷᠠᠯᠵᠢᠶ᠎ᠠ᠎ᠶᠢ ᠪᠡᠶᠡᠯᠡᠭᠦᠯᠦᠨ᠎ᠡ ᠃

ᠰᠧᠴᠤᠸᠠᠨ ᠮᠤᠵᠢ ᠪᠣᠯ ᠬᠥᠬᠡ ᠮᠥᠷᠡᠨ ᠂ ᠬᠠᠲᠤᠨ ᠭᠣᠣᠯ᠎ᠤᠨ ᠳᠡᠭᠡᠳᠦ ᠤᠷᠤᠰᠬᠠᠯ᠎ᠳᠤ ᠣᠷᠣᠰᠢᠵᠤ ᠂ 《 ᠳᠤᠮᠳᠠᠳᠤ᠎ᠶᠢᠨ ᠤᠰᠤᠨ ᠴᠠᠮᠬᠠᠭ 》᠎ᠤᠨ ᠴᠢᠬᠤᠯᠠ ᠪᠦᠷᠢᠯᠳᠦᠭᠦᠨ ᠬᠡᠰᠡᠭ ᠪᠣᠯᠬᠤ ᠪᠥᠭᠡᠳ ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠴᠢᠬᠤᠯᠠ ᠲᠤᠯᠬᠤ ᠴᠡᠭ ᠪᠣᠯᠣᠨ᠎ᠠ ᠃ ᠠᠯᠠᠱᠠ ᠠᠢᠮᠠᠭ ᠪᠣᠯ ᠤᠰᠤ ᠬᠦᠨᠳᠦ ᠨᠣᠴᠢᠲᠠᠢ ᠳᠤᠲᠠᠭᠳᠠᠵᠤ ᠪᠠᠢᠭ᠎ᠠ ᠭᠠᠵᠠᠷ ᠣᠷᠣᠨ ᠪᠣᠯᠣᠨ᠎ᠠ ᠂ ᠲᠤᠬᠠᠢ᠎ᠶᠢᠨ ᠭᠠᠵᠠᠷ᠎ᠤᠨ ᠠᠵᠤ ᠠᠬᠤᠢ᠎ᠶᠢᠨ ᠬᠥᠭᠵᠢᠯᠲᠡ᠎ᠶᠢ ᠳᠠᠭᠠᠯᠳᠤᠨ ᠂ ᠡᠯ᠎ᠡ ᠠᠵᠢᠯ ᠲᠥᠷᠥᠯ᠎ᠦᠨ ᠬᠢᠨ᠎ᠦ ᠤᠰᠤᠨ᠎ᠤ ᠡᠬᠢ ᠪᠠᠶᠠᠯᠢᠭ᠋᠎ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ ᠂ ᠤᠰᠤᠨ᠎ᠤ ᠡᠬᠢ ᠪᠠᠶᠠᠯᠢᠭ᠋ ᠳᠤᠲᠠᠭᠳᠠᠬᠤ ᠨᠢ ᠲᠤᠬᠠᠢ᠎ᠶᠢᠨ ᠭᠠᠵᠠᠷ᠎ᠤᠨ ᠠᠵᠤ ᠠᠬᠤᠢ᠎ᠶᠢᠨ ᠬᠥᠭᠵᠢᠯᠲᠡ᠎ᠶᠢ ᠬᠢᠵᠠᠭᠠᠷᠯᠠᠬᠤ ᠨᠢᠭᠡ ᠶᠡᠬᠡ ᠪᠣᠭᠣᠮᠢ ᠪᠣᠯᠵᠠᠢ ᠃ ᠰᠧᠴᠤᠸᠠᠨ ᠮᠤᠵᠢ᠎ᠶᠢᠨ ᠬᠠᠲᠤᠨ ᠭᠣᠣᠯ᠎ᠤᠨ ᠰᠠᠪᠠ ᠭᠠᠵᠠᠷ᠎ᠤᠨ ᠤᠰᠤ ᠬᠡᠷᠡᠭᠯᠡᠬᠦ ᠬᠡᠮᠵᠢᠶ᠎ᠡ ᠵᠢᠯ ᠪᠦᠷᠢ ᠦᠯᠡᠳᠡᠪᠦᠷᠢ᠎ᠲᠠᠢ ᠪᠠᠢᠵᠤ ᠂ ᠠᠯᠠᠱᠠ ᠠᠢᠮᠠᠭ᠎ᠤᠨ ᠤᠰᠤ ᠬᠡᠷᠡᠭᠯᠡᠬᠦ ᠬᠡᠷᠡᠭᠴᠡᠭᠡ᠎ᠶᠢᠨ ᠳᠤᠲᠠᠭᠤᠳᠠᠯ ᠨᠡᠯᠢᠶᠡᠳ ᠶᠡᠬᠡ ᠪᠠᠢᠵᠤ ᠂ ᠬᠣᠶᠠᠷ ᠲᠠᠯ᠎ᠠ᠎ᠶᠢᠨ ᠬᠠᠮᠲᠤᠷᠠᠯᠴᠠᠭᠠᠨ᠎ᠤ ᠬᠦᠰᠡᠯ ᠡᠷᠡᠮᠡᠯᠵᠡᠯ ᠴᠢᠩᠭ᠎ᠠ ᠪᠠᠢᠨ᠎ᠠ ᠃

2025 ᠣᠨ᠎ᠤ 6 ᠰᠠᠷ᠎ᠠ᠎ᠳᠤ ᠂ ᠤᠰᠤᠨ ᠠᠰᠢᠭ᠍ᠯᠠᠯᠲᠠ᠎ᠶᠢᠨ ᠶᠠᠮᠤᠨ᠎ᠠᠴᠠ 《 ᠬᠠᠲᠤᠨ ᠭᠣᠣᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭᠰᠠᠨ ᠤᠰᠤ ᠬᠡᠷᠡᠭᠯᠡᠬᠦ ᠡᠷᠬᠡ᠎ᠶᠢᠨ ᠠᠷᠠᠯᠵᠢᠶ᠎ᠠ᠎ᠶᠢ ᠢᠳᠡᠪᠬᠢᠲᠡᠢ᠎ᠪᠡᠷ ᠬᠠᠢᠨ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠬᠤ ᠲᠤᠬᠠᠢ ᠰᠠᠨᠠᠯ 》᠎ᠢ ᠳᠠᠷᠤᠮᠠᠯᠯᠠᠨ ᠲᠠᠷᠬᠠᠭᠠᠵᠤ ᠂ 2 ᠵᠢᠯ᠎ᠡᠴᠡ 3 ᠵᠢᠯ᠎ᠦᠨ ᠬᠤᠭᠤᠴᠠᠭ᠎ᠠ᠎ᠶᠢ ᠬᠡᠷᠡᠭᠯᠡᠵᠦ ᠪᠠᠢᠭᠠᠳ ᠬᠠᠲᠤᠨ ᠭᠣᠣᠯ᠎ᠤᠨ ᠰᠠᠪᠠ ᠭᠠᠵᠠᠷ᠎ᠲᠤ ᠬᠠᠷᠢᠶᠠᠯᠠᠯ ᠨᠢ ᠲᠣᠳᠣᠷᠬᠠᠢ ᠂ ᠡᠷᠬᠡ ᠬᠠᠷᠢᠭᠤᠴᠠᠯᠭ᠎ᠠ ᠨᠢ ᠲᠣᠳᠣᠷᠬᠠᠢ ᠂ ᠡᠷᠭᠢᠯᠲᠡ ᠨᠢ ᠤᠷᠤᠭᠰᠢᠲᠠᠢ ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠤᠰᠤ ᠬᠡᠷᠡᠭᠯᠡᠬᠦ ᠡᠷᠬᠡ᠎ᠶᠢᠨ ᠠᠷᠠᠯᠵᠢᠶᠠᠨ᠎ᠤ ᠳᠦᠷᠢᠮ᠎ᠦᠨ ᠰᠢᠰᠲᠧᠮ᠎ᠢ ᠪᠠᠶ᠋ᠢᠭᠤᠯᠬᠤ᠎ᠪᠠᠷ ᠲᠣᠳᠣᠷᠬᠠᠢ ᠲᠣᠭᠲᠠᠭᠠᠪᠠ ᠃ ᠠᠯᠠᠱᠠ ᠠᠢᠮᠠᠭ᠎ᠤᠨ ᠬᠢᠨ ᠤᠰᠤᠨ᠎ᠤ ᠡᠬᠢ ᠪᠠᠶᠠᠯᠢᠭ᠋᠎ᠢ ᠥᠨᠳᠥᠷ ᠪᠦᠲᠦᠮᠵᠢᠲᠡᠶ ᠠᠰᠢᠭ᠍ᠯᠠᠬᠤ᠎ᠳᠤ ᠢᠳᠡᠪᠬᠢᠲᠡᠢ᠎ᠪᠡᠷ ᠭᠠᠷᠬᠤ ᠵᠠᠮ ᠡᠷᠢᠵᠦ ᠂ ᠰᠧᠴᠤᠸᠠᠨ ᠮᠤᠵᠢ᠎ᠲᠠᠢ ᠮᠤᠵᠢ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠤᠰᠤᠨ᠎ᠤ ᠡᠷᠬᠡ᠎ᠶᠢᠨ ᠠᠷᠠᠯᠵᠢᠶᠠᠨ᠎ᠤ 2 ᠬᠡᠯᠡᠯᠴᠡᠭᠡᠷ ᠲᠣᠭᠲᠠᠵᠤ ᠂ ᠥᠪᠥᠷ ᠮᠣᠩᠭᠣᠯ ᠪᠠ ᠰᠧᠴᠤᠸᠠᠨ᠎ᠤ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠂ ᠮᠤᠵᠢ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠤᠰᠤᠨ᠎ᠤ ᠡᠷᠬᠡ᠎ᠶᠢᠨ ᠪᠠᠢᠩᠭᠤ᠎ᠶᠢᠨ ᠠᠷᠠᠯᠵᠢᠶᠠᠨ᠎ᠤ ᠵᠠᠭᠪᠤᠷ᠎ᠢ ᠪᠣᠶ ᠪᠣᠯᠭᠠᠬᠤ ᠲᠠᠯ᠎ᠠ᠎ᠪᠠᠷ ᠢᠳᠡᠪᠬᠢᠲᠡᠢ ᠠᠬᠢᠭᠤᠯᠬᠤ ᠦᠢᠯᠡᠳᠦᠯ᠎ᠲᠠᠢ ᠪᠠᠢᠵᠤ ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠬᠠᠮᠵᠢᠯᠴᠠᠨ ᠠᠬᠢᠭᠤᠯᠬᠤ᠎ᠳᠤ ᠳᠠᠭᠤᠷᠢᠶᠠᠵᠤ ᠪᠣᠯᠬᠤ ᠂ ᠳᠡᠯᠭᠡᠷᠡᠭᠦᠯᠵᠦ ᠪᠣᠯᠬᠤ ᠲᠤᠷᠰᠢᠯᠭ᠎ᠠ ᠬᠠᠩᠭᠠᠭᠰᠠᠨ ᠪᠠᠢᠨ᠎ᠠ ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            