ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2025-11-12

        10 ᠰᠠᠷ᠎ᠠ᠎ᠶᠢᠨ 24᠎ᠦ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠪᠠ᠃
        ᠬᠤᠷᠠᠯ᠎ᠠᠴᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ ᠲᠡᠢᠰᠢ ᠤᠷᠤᠭᠰᠢᠯᠠᠬᠤ ᠰᠢᠨ᠎ᠡ ᠠᠶᠠᠨ ᠵᠠᠮ ᠳᠡᠭᠡᠷ᠎ᠡ ᠬᠤᠷᠠᠯᠳᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ᠂ ᠨᠠᠮ ᠪᠣᠯᠣᠨ ᠤᠯᠤᠰ᠎ᠤᠨ ᠦᠢᠯᠡᠰ᠎ᠦᠨ ᠬᠥᠭᠵᠢᠯᠲᠡ᠎ᠳᠦ ᠴᠢᠬᠤᠯᠠ ᠶᠡᠬᠡ ᠪᠥᠭᠡᠳ ᠠᠯᠤᠰ ᠬᠡᠳᠤ᠎ᠶᠢᠨ ᠨᠥᠯᠥᠭᠡ ᠦᠵᠡᠭᠦᠯᠬᠦ ᠨᠢ ᠯᠠᠪᠲᠠᠢ ᠶᠤᠮ᠃ ᠶᠡᠷᠦᠩᠬᠡᠢ ᠱᠦᠵᠢ ᠰᠢ᠎ᠶᠢᠨ ᠫᠢᠩ᠎ᠤᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠠᠯᠤᠰ ᠬᠡᠲᠦ᠎ᠶᠢᠨ ᠤᠳᠬ᠎ᠠ ᠰᠠᠨᠠᠭ᠎ᠠ᠎ᠲᠠᠢ ᠂ ᠥᠨᠳᠥᠷ᠎ᠲᠦ ᠵᠣᠭᠰᠣᠨ ᠠᠯᠤᠰ᠎ᠢ ᠪᠠᠷᠠᠯᠠᠵᠤ ᠂ ᠬᠠᠷᠠᠭ᠎ᠠ ᠥᠷᠭᠡᠨ ᠂ ᠠᠭᠤᠯᠬᠤᠨ ᠡᠯᠪᠡᠭ ᠪᠠᠶᠠᠯᠢᠭ᠋ ᠪᠠᠢᠵᠤ ᠂ ᠠᠯᠢ ᠤᠯᠠᠨ ᠴᠢᠭᠯᠡᠯᠲᠦ ᠴᠢᠨᠠᠷᠲᠠᠢ᠂ ᠦᠨᠳᠦᠰᠦᠨ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠴᠢᠬᠤᠯᠠ ᠶᠡᠬᠡ ᠠᠰᠠᠭᠤᠳᠠᠯ᠎ᠳᠤ ᠰᠢᠨᠵᠢᠯᠡᠬᠦ ᠤᠬᠠᠭᠠᠨᠴᠢ᠎ᠪᠠᠷ ᠬᠠᠷᠢᠭᠤᠯᠲᠠ ᠥᠭᠴᠡᠢ᠂ ᠡᠨᠡ ᠪᠣᠯ ᠮᠠᠨ᠎ᠤ ᠨᠠᠮ ᠰᠢᠨ᠎ᠡ ᠠᠶᠠᠨ ᠵᠠᠮ᠎ᠳᠠᠭᠠᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ᠂ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠲᠠᠰᠤᠷᠠᠯᠳᠠ ᠦᠭᠡᠢ ᠲᠦᠯᠬᠢᠨ ᠤᠷᠤᠭᠰᠢᠯᠠᠭᠤᠯᠬᠤ ᠤᠯᠤᠰ ᠲᠦᠷᠦ᠎ᠶᠢᠨ ᠲᠤᠩᠬᠠᠭ ᠮᠥᠨ᠂ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠭᠡᠷᠡᠯ ᠭᠢᠯᠪᠠᠭ᠎ᠠ᠎ᠶᠢ ᠰᠠᠴᠤᠷᠠᠭᠤᠯᠤᠭᠰᠠᠨ ᠬᠥᠲᠥᠯᠪᠦᠷᠢ᠎ᠶᠢᠨ ᠴᠢᠨᠠᠷᠲᠠᠢ ᠲᠤᠯᠭᠤᠷ ᠪᠢᠴᠢᠭ ᠮᠥᠨ᠃ ᠪᠥᠬᠥᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ᠨᠢ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠣᠷᠣᠰᠢᠵᠤ ᠪᠠᠢᠭ᠎ᠠ ᠲᠡᠦᠬᠡᠨ ᠣᠷᠣᠨ ᠪᠠᠢᠷᠢ ᠵᠢᠴᠢ ᠱᠠᠲᠤᠴᠢ ᠴᠢᠨᠠᠷᠲᠠᠢ ᠣᠨᠴᠠᠯᠢᠭ᠋᠎ᠢ ᠣᠨᠣᠪᠴᠢᠲᠠᠶ ᠡᠵᠡᠮᠰᠢᠵᠦ ᠂ ᠮᠠᠨ᠎ᠤ ᠤᠯᠤᠰ᠎ᠤᠨ ᠬᠥᠭᠵᠢᠯᠲᠡ᠎ᠶᠢᠨ ᠣᠷᠴᠢᠨ ᠲᠣᠭᠣᠷᠢᠨ᠎ᠳᠤ ᠲᠤᠯᠭᠠᠷᠠᠵᠤ ᠪᠠᠢᠭ᠎ᠠ ᠨᠠᠷᠢᠨ ᠪᠤᠳᠤᠯᠢᠶᠠᠨᠲᠠᠢ ᠬᠤᠪᠢᠷᠠᠯᠲᠠ᠎ᠶᠢ ᠭᠦᠨᠵᠡᠭᠡᠢ ᠵᠠᠳᠠᠯᠵᠤ ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠢ ᠰᠡᠳᠬᠢᠴᠡ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠰᠦᠪᠡᠭᠴᠢᠯᠡᠪᠡ᠂ ᠡᠨᠡ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠮᠥᠨ᠂ ᠡᠨᠡ ᠨᠢ ᠰᠢᠨ᠎ᠡ ᠠᠶᠠᠨ ᠵᠠᠮ᠎ᠳᠤ ᠬᠣᠶᠠᠷ ᠶᠡᠬᠡ ᠭᠠᠢᠬᠠᠮᠰᠢᠭ᠍ᠲᠤ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ᠎ᠳᠦ ᠬᠦᠴᠦᠲᠡᠢ ᠵᠢᠯᠣᠭᠣᠳᠤᠯᠭ᠎ᠠ ᠬᠠᠩᠭᠠᠬᠤ ᠨᠢ ᠯᠠᠪᠲᠠᠢ ᠶᠤᠮ᠃ ᠶᠠᠮᠤᠨ᠎ᠤ ᠬᠠᠷᠢᠶ᠎ᠠ ᠰᠢᠰᠲᠧᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠪᠣᠯᠭᠠᠵᠤ ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠪᠠᠢᠳᠠᠯ᠎ᠢ ᠲᠠᠰᠤᠷᠠᠯᠳᠠ ᠦᠭᠡᠢ ᠪᠤᠢ ᠪᠣᠯᠭᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
        ᠬᠤᠷᠠᠯ᠎ᠠᠴᠠ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠥᠷᠦᠨ ᠤᠷᠤᠭᠰᠢᠯᠠᠵᠤ᠂ ᠡᠷᠡᠮᠡᠬᠡᠢᠯᠡᠨ ᠳᠠᠪᠰᠢᠵᠤ᠂ ᠨᠠᠮ ᠪᠣᠯᠣᠨ ᠤᠯᠤᠰ᠎ᠤᠨ ᠠᠵᠢᠯ ᠦᠢᠯᠡᠰ ᠰᠢᠨ᠎ᠡ ᠡᠭᠦᠳᠦᠯᠲᠡ᠎ᠶᠢᠨ ᠴᠢᠨᠠᠷᠲᠠᠢ ᠠᠬᠢᠴᠠ᠂ ᠰᠢᠪᠲᠤᠯᠤᠯᠲᠠ᠎ᠶᠢᠨ ᠴᠢᠨᠠᠷᠲᠠᠢ ᠬᠤᠪᠢᠰᠤᠯᠲᠠ᠂ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠰᠢᠨ᠎ᠡ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ ᠰᠢᠨ᠎ᠡ ᠠᠶᠠᠨ ᠰᠠᠢᠨ ᠡᠬᠢᠯᠡᠯᠲᠡ᠎ᠶᠢ ᠪᠡᠶᠡᠯᠡᠭᠦᠯᠵᠡᠢ᠃ 《 ᠬᠣᠶᠠᠷ᠎ᠢ ᠲᠣᠭᠲᠠᠭᠠᠬᠤ 》 ᠪᠣᠯ ᠨᠠᠮ ᠪᠠ ᠠᠷᠠᠳ ᠲᠦᠮᠡᠨ᠎ᠦ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠯᠢᠪᠠ ᠲᠣᠭᠲᠠᠭᠠᠯᠲᠤ ᠪᠤᠰᠤ ᠴᠢᠨᠠᠷ᠎ᠢ ᠠᠷᠭᠠᠴᠠᠬᠤ᠎ᠶᠢᠨ ᠬᠠᠮᠤᠭ᠎ᠤᠨ ᠶᠡᠬᠡ ᠲᠣᠭᠲᠠᠭᠠᠯᠲᠤ ᠴᠢᠨᠠᠷ᠂ ᠬᠠᠮᠤᠭ᠎ᠤᠨ ᠶᠡᠬᠡ ᠢᠳᠡ ᠬᠦᠴᠦ᠂ ᠬᠠᠮᠤᠭ᠎ᠤᠨ ᠶᠡᠬᠡ ᠪᠠᠲᠤᠯᠠᠭ᠎ᠠ ᠮᠥᠨ ᠭᠡᠳᠡᠭ᠎ᠢ ᠦᠢᠯᠡᠳᠦᠯᠭᠡ ᠭᠡᠷᠡᠴᠢᠯᠡᠭᠰᠡᠨ ᠪᠠᠢᠨ᠎ᠠ᠃ 《 ᠬᠣᠶᠠᠷ᠎ᠢ ᠲᠣᠭᠲᠠᠭᠠᠬᠤ 》᠎ᠶᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠤᠯᠠᠮ ᠨᠢᠭᠡ ᠠᠯᠬᠤᠮ ᠭᠦᠨᠵᠡᠭᠡᠢ ᠣᠢᠯᠠᠭᠠᠵᠤ᠂ 《 ᠲᠦᠷᠪᠡᠨ ᠤᠬᠠᠮᠰᠠᠷ 》᠎ᠢᠶᠠᠨ ᠤᠯᠠᠮ ᠨᠢᠭᠡ ᠠᠯᠬᠤᠮ ᠴᠢᠩᠭᠠᠳᠬᠠᠵᠤ᠂ 《 ᠲᠦᠷᠪᠡᠨ ᠢᠲᠡᠭᠡᠯ 》᠎ᠢᠶᠡᠨ ᠪᠠᠲᠤᠳᠬᠠᠨ᠂ 《 ᠬᠣᠶᠠᠷ᠎ᠢ ᠬᠠᠮᠠᠭᠠᠯᠠᠬᠤ 》᠎ᠶᠢ ᠪᠡᠶᠡᠯᠡᠭᠦᠯᠵᠦ᠂ ᠢᠮᠠᠭᠲᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠤᠰᠤᠨ ᠠᠰᠢᠭ᠍ᠯᠠᠯᠲᠠ᠎ᠶᠢᠨ ᠠᠵᠢᠯ᠎ᠢ ᠢᠮᠠᠭᠲᠠ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ᠎ᠢᠶᠡᠷ ᠤᠷᠤᠭᠰᠢᠯᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
        ᠬᠤᠷᠠᠯ᠎ᠠᠴᠠ ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ ᠂ ᠰᠢᠰᠲᠧᠮ᠎ᠲᠠᠢ ᠵᠠᠰᠠᠬᠤ ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠬᠢᠨᠠᠮᠠᠭᠠᠢ ᠦᠢᠯᠡᠳᠦᠯᠭᠡᠵᠢᠭᠦᠯᠵᠦ ᠂ ᠤᠯᠤᠰ ᠲᠦᠷᠦ᠎ᠪᠡᠷ ᠪᠠᠷᠢᠮᠵᠢᠶ᠎ᠠ ᠲᠤᠯᠭᠠᠬᠤ᠂ ᠰᠡᠳᠬᠢᠴᠡ᠎ᠪᠡᠷ ᠪᠠᠷᠢᠮᠵᠢᠶ᠎ᠠ ᠲᠤᠯᠭᠠᠬᠤ᠂ ᠡᠭᠦᠷᠭᠡ᠎ᠪᠡᠷ ᠪᠠᠷᠢᠮᠵᠢᠶ᠎ᠠ ᠲᠤᠯᠭᠠᠬᠤ ᠠᠵᠢᠯ᠎ᠢ ᠭᠦᠨᠵᠡᠭᠡᠢ ᠥᠷᠨᠢᠭᠦᠯᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠱᠠᠲᠤᠴᠢ ᠴᠢᠨᠠᠷᠲᠠᠢ ᠱᠠᠭᠠᠷᠳᠠᠯᠭ᠎ᠠ᠎ᠶᠢ ᠣᠨᠣᠪᠴᠢᠲᠠᠶ ᠡᠵᠡᠮᠳᠡᠵᠦ᠂ ᠢᠷᠡᠭᠡᠳᠦᠢ᠎ᠶᠢᠨ ᠲᠠᠪᠤᠨ ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ᠎ᠳᠠᠬᠢ ᠤᠯᠤᠰ᠎ᠤᠨ ᠬᠥᠭᠵᠢᠯᠲᠡ᠎ᠶᠢᠨ ᠤᠳᠤᠷᠢᠳᠤᠮᠵᠢ᠂ ᠪᠠᠢᠯᠳᠤᠬᠤ ᠪᠣᠳᠣᠯᠭ᠎ᠠ᠎ᠶᠢᠨ ᠭᠣᠣᠯᠳᠠᠯᠭ᠎ᠠ᠂ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠣᠨᠣᠪᠴᠢᠲᠠᠶ ᠡᠵᠡᠮᠳᠡᠵᠦ᠂ ᠪᠦᠬᠦ ᠤᠯᠤᠰ᠎ᠤᠨ ᠶᠡᠬᠡ ᠲᠠᠯ᠎ᠠ᠎ᠳᠤ ᠣᠷᠣᠨ ᠪᠠᠢᠷᠢ᠎ᠪᠠᠨ ᠣᠨᠣᠪᠴᠢᠲᠠᠶ ᠲᠣᠭᠲᠠᠭᠠᠵᠤ᠂ 《 ᠰᠠᠨᠠᠭᠤᠯᠭ᠎ᠠ 》᠎ᠶᠢᠨ ᠡᠯ᠎ᠡ ᠵᠦᠢᠯ᠎ᠦᠨ ᠱᠠᠭᠠᠷᠳᠠᠯᠭ᠎ᠠ᠎ᠶᠢ ᠤᠰᠤᠨ ᠠᠰᠢᠭ᠍ᠯᠠᠯᠲᠠ᠎ᠶᠢᠨ ᠡᠯ᠎ᠡ ᠵᠦᠢᠯ᠎ᠦᠨ ᠠᠵᠢᠯ᠎ᠢ ᠲᠥᠯᠥᠪᠯᠡᠨ ᠠᠬᠢᠭᠤᠯᠬᠤ ᠶᠠᠪᠤᠴᠠ᠎ᠳᠤ ᠲᠡᠷᠡ ᠬᠡᠪ᠎ᠢᠶᠡᠷ ᠨᠢ ᠨᠠᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ᠎ᠦ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ᠎ᠦ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠯᠡᠵᠦ ᠂ ᠤᠰᠤᠨ᠎ᠤ ᠭᠠᠮᠰᠢᠭ᠋ ᠂ ᠤᠰᠤᠨ᠎ᠤ ᠡᠬᠢ ᠪᠠᠶᠠᠯᠢᠭ᠋ ᠂ ᠤᠰᠤᠨ᠎ᠤ ᠠᠮᠢ ᠠᠬᠤᠢ ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠶᠢ ᠨᠢᠭᠡᠳᠦᠯᠲᠡᠢ ᠲᠥᠯᠥᠪᠯᠡᠵᠦ ᠂ ᠤᠰᠤᠨ ᠠᠰᠢᠭ᠍ᠯᠠᠯᠲᠠ᠎ᠶᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠵᠦ ᠂ ᠤᠰᠤᠨ ᠠᠰᠢᠭ᠍ᠯᠠᠯᠲᠠ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠵᠦ ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ ᠂ ᠤᠰᠤᠨ᠎ᠤ ᠡᠬᠢ ᠪᠠᠶᠠᠯᠢᠭ᠋᠎ᠢ ᠠᠷᠪᠢᠯᠠᠨ ᠡᠷᠴᠢᠮᠵᠢᠭᠦᠯᠦᠨ ᠠᠰᠢᠭ᠍ᠯᠠᠬᠤ ᠴᠢᠳᠠᠪᠤᠷᠢ ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢ ᠬᠠᠮᠠᠭᠠᠯᠠᠨ ᠵᠠᠰᠠᠬᠤ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠦ ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠱᠠᠭᠠᠷᠳᠠᠪᠠ᠃
        ᠬᠤᠷᠠᠯ᠎ᠠᠴᠠ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠪᠡᠨ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶᠢ ᠤᠰᠤᠨ ᠠᠰᠢᠭ᠍ᠯᠠᠯᠲᠠ᠎ᠶᠢᠨ ᠠᠵᠢᠯ᠎ᠤᠨ ᠡᠯ᠎ᠡ ᠲᠠᠯ᠎ᠠ᠎ᠶᠢᠨ ᠪᠦᠬᠦ ᠶᠠᠪᠤᠴᠠ᠎ᠳᠤ ᠲᠤᠭᠤᠰᠢᠯᠠᠭᠤᠯᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠬᠡᠷᠡᠭᠲᠡᠢ᠃ ᠶᠠᠮᠤᠨ᠎ᠤ ᠬᠠᠷᠢᠶ᠎ᠠ ᠰᠢᠰᠲᠧᠮ᠎ᠦᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠤᠷᠳᠤ ᠬᠤᠭᠤᠴᠠᠭ᠎ᠠ᠎ᠪᠠᠷ ᠠᠬᠢᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠬᠤ ᠪᠠ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠢᠯᠭᠠᠬᠤ᠎ᠶᠢ ᠠᠬᠢᠭᠤᠯᠵᠤ᠂ ᠨᠠᠮ᠎ᠤᠨ ᠰᠤᠷᠲᠠᠯ᠎ᠤᠨ ᠪᠠ ᠴᠢᠬᠡᠴᠢ ᠵᠠᠰᠠᠭ᠎ᠤᠨ ᠪᠠᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠠᠵᠢᠯ᠎ᠢ ᠴᠢᠩᠭᠠᠳᠬᠠᠵᠤ᠂ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ ᠱᠠᠭᠠᠷᠳᠠᠯᠭ᠎ᠠ᠎ᠶᠢ ᠡᠷᠡᠰ᠎ᠢᠶᠡᠷ ᠪᠣᠳᠠᠲᠠᠢ᠎ᠳᠤ ᠨᠠᠢᠳᠠᠪᠤᠷᠢᠵᠢᠭᠤᠯᠵᠤ᠂ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠠᠭᠤᠯᠠ ᠨᠢ ᠲᠤᠩᠭᠠᠯᠠᠭ ᠤᠰᠤ ᠨᠢ ᠰᠠᠢᠬᠠᠨ᠂ ᠰᠤᠷᠲᠠᠯ ᠴᠢᠬᠡᠴᠢ ᠣᠪᠣᠷ ᠲᠥᠪ ᠪᠠᠢᠬᠤ᠎ᠶᠢ ᠪᠠᠲᠤᠯᠠᠬᠤ ᠬᠡᠷᠡᠭᠲᠡᠢ᠃ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠲᠡᠮᠦᠷ ᠮᠡᠲᠦ ᠶᠣᠰᠣ᠌ ᠳᠦᠷᠢᠮ᠎ᠢᠶᠡᠷ ᠰᠠᠢᠨ ᠰᠤᠷᠲᠠᠯ᠎ᠢ ᠳᠠᠪᠲᠠᠨ ᠪᠤᠢ ᠪᠣᠯᠭᠠᠵᠤ᠂ ᠨᠠᠮ᠎ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ᠎ᠤ ᠠᠵᠢᠯ ᠬᠢᠵᠦ ᠦᠢᠯᠡᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            