ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠲᠥᠷᠥᠬᠦᠦ ᠪᠦᠯᠦᠭ᠎ᠤᠨ ᠤᠰᠤ ᠠᠷᠪᠢᠯᠠᠬᠤ ᠣᠨᠣᠰᠢᠯᠠᠯᠲᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ᠎ᠶᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-11-12

ᠲᠦᠷᠦᠭᠦᠬᠡᠨ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠦᠷᠦᠭᠦᠸ᠋ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠣᠨᠣᠰᠢᠯᠠᠯᠲᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ᠎ᠶᠢ ᠵᠢᠩᠬᠢᠨᠢ᠎ᠪᠡᠷ ᠡᠬᠢᠯᠡᠭᠦᠯᠬᠦ᠎ᠶᠢᠨ ᠬᠠᠮᠲᠤ ᠪᠡᠶᠡᠯᠡᠭᠦᠯᠪᠡ᠃

ᠲᠤᠰ ᠤᠳᠠᠭᠠᠨ᠎ᠤ ᠦᠢᠯᠡᠴᠢᠯᠡᠭᠡ ᠨᠢ ᠬᠠᠲᠤᠨ ᠭᠣᠣᠯ᠎ᠤᠨ ᠰᠠᠪᠠ ᠭᠠᠵᠠᠷ᠎ᠤᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠤᠰᠤ ᠶᠡᠬᠡ ᠬᠣᠷᠣᠭᠳᠠᠭᠤᠯᠬᠤ ᠠᠵᠤ ᠠᠬᠤᠢᠯᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠤᠰᠤ ᠬᠡᠷᠡᠭᠯᠡᠬᠦ ᠨᠢᠭᠡᠴᠢ᠎ᠶᠢᠨ ᠰᠠᠢᠨ ᠳᠤᠷ᠎ᠠ᠎ᠶᠢᠨ ᠵᠠᠷᠴᠢᠮ ᠪᠠ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠦᠢᠯᠡᠴᠢᠯᠡᠭᠡᠨ᠎ᠦ ᠪᠠᠢᠷᠢ ᠲᠣᠭᠲᠠᠭᠠᠯᠲᠠ ᠶᠣᠰᠣᠭᠠᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠵᠡᠷᠭᠡ ᠲᠢᠩᠬᠢᠮ᠎ᠦᠨ ᠬᠠᠷᠢᠶ᠎ᠠ ᠨᠢᠭᠡᠴᠢ ᠪᠣᠯᠣᠨ ᠬᠠᠮᠢᠶ᠎ᠠ ᠪᠦᠬᠦᠢ ᠣᠷᠣᠨ ᠪᠦᠰᠡ᠎ᠶᠢᠨ ᠲᠤᠰᠬᠠᠢ ᠮᠡᠷᠭᠡᠵᠢᠯᠲᠡᠨ ᠂ ᠤᠰᠤ ᠠᠷᠪᠢᠯᠠᠬᠤ ᠮᠡᠷᠭᠡᠵᠢᠯ᠎ᠦᠨ ᠭᠣᠣᠯᠯᠠᠭ᠍ᠴᠢ ᠬᠦᠴᠦᠨ᠎ᠢ ᠵᠣᠬᠢᠶᠠᠨ ᠪᠠᠢᠭᠤᠯᠵᠤ ᠂ ᠤᠷᠢᠳ ᠬᠣᠵᠢᠳ ᠥᠪᠥᠷ ᠮᠣᠩᠭᠣᠯ᠎ᠤᠨ ᠢ ᠭᠣᠣ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠣᠯᠣᠨ ᠠᠯᠠᠱᠠ ᠠᠢᠮᠠᠭ᠎ᠤᠨ ᠬᠤ᠌ ᠮᠧᠩ ᠡᠨᠧᠷᠭᠢ᠎ᠶᠢᠨ ᠠᠵᠤ ᠦᠢᠯᠡᠰ᠎ᠦᠨ ᠬᠢᠵᠠᠭᠠᠷᠲᠤ ᠺᠣᠮᠫᠠᠨᠢ᠎ᠳᠤ ᠬᠦᠷᠴᠦ ᠂ ᠠᠵᠤ ᠠᠬᠤᠢᠯᠠᠯ᠎ᠦᠨ ᠤᠰᠤ ᠬᠡᠷᠡᠭᠯᠡᠬᠦ ᠤᠷ᠎ᠠ ᠮᠡᠷᠭᠡᠰᠢᠯ᠂ ᠤᠰᠤ ᠠᠷᠪᠢᠯᠠᠬᠤ ᠲᠥᠬᠥᠭᠡᠷᠦᠮᠵᠢ᠎ᠶᠢᠨ ᠠᠵᠢᠯᠯᠠᠭᠠᠨ ᠬᠢᠭᠡᠳ ᠬᠠᠮᠢᠶᠠᠷᠤᠯᠲᠠ᠎ᠶᠢᠨ ᠳᠦᠷᠢᠮ᠎ᠤᠨ ᠪᠠᠢᠭᠤᠯᠤᠯᠲᠠ ᠵᠡᠷᠭᠡ᠎ᠶᠢᠨ ᠲᠣᠭᠣᠷᠢᠨ᠎ᠳᠤ ᠣᠨᠣᠰᠢᠯᠠᠭᠰᠠᠨ ᠰᠠᠨᠠᠯ ᠭᠠᠷᠭᠠᠵᠤ᠂ ᠢᠯᠠᠩᠭᠤᠶ᠎ᠠ ᠤᠰᠤ ᠠᠷᠪᠢᠯᠠᠬᠤ ᠤᠷ᠎ᠠ ᠮᠡᠷᠭᠡᠰᠢᠯ ᠬᠣᠴᠤᠷᠤᠩᠭᠤᠢ᠂ ᠤᠰᠤ ᠠᠷᠪᠢᠯᠠᠬᠤ ᠳᠦᠷᠢᠮ ᠲᠡᠭᠦᠯᠳᠡᠷ ᠪᠤᠰᠤ ᠵᠡᠷᠭᠡ ᠳᠤᠲᠠᠭᠤᠳᠠᠯ᠎ᠦᠨ ᠠᠰᠠᠭᠤᠳᠠᠯ᠎ᠳᠦ ᠴᠢᠭᠯᠡᠭᠦᠯᠦᠨ᠂ 《 ᠨᠢᠭᠡ ᠠᠵᠤ ᠠᠬᠤᠢᠯᠠᠯ᠎ᠳᠦ ᠨᠢᠭᠡ ᠲᠥᠷᠥ᠎ᠶᠢᠨ ᠪᠣᠳᠣᠯᠭ᠎ᠠ 》᠎ᠶᠢᠨ ᠤᠰᠤ ᠠᠷᠪᠢᠯᠠᠬᠤ ᠰᠠᠨᠠᠭᠤᠯᠭ᠎ᠠ᠎ᠶᠢ ᠳᠤᠷᠠᠳᠬᠤ᠎ᠶᠢᠨ ᠬᠠᠮᠲᠤ ᠤᠰᠤ ᠬᠡᠷᠡᠭᠯᠡᠬᠦ ᠨᠢᠭᠡᠴᠢ᠎ᠳᠦ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ᠎ᠶᠢᠨ ᠲᠥᠰᠥᠯ᠎ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ ᠥᠭᠴᠡᠢ᠃

ᠣᠢᠯᠠᠭᠠᠭᠰᠠᠨ᠎ᠢᠶᠠᠷ ᠂ ᠤᠰᠤᠨ ᠠᠰᠢᠭ᠍ᠯᠠᠯᠲᠠ᠎ᠶᠢᠨ ᠶᠠᠮᠤᠨ᠎ᠤ ᠤᠰᠤ ᠠᠷᠪᠢᠯᠠᠬᠤ ᠣᠨᠣᠰᠢᠯᠠᠯᠲᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ᠎ᠶᠢ ᠠᠬᠢᠭᠤᠯᠬᠤ ᠲᠤᠬᠠᠢ ᠪᠠᠢᠷᠢᠯᠠᠭᠤᠯᠤᠯᠲᠠ ᠶᠣᠰᠣᠭᠠᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭᠠᠨ᠎ᠤ ᠲᠠᠪᠴᠠᠩ᠎ᠤᠨ ᠦᠢᠯᠡᠳᠦᠯ ᠪᠠ ᠬᠠᠮᠢᠶ᠎ᠠ ᠪᠦᠬᠦᠢ ᠤᠰᠤ ᠠᠷᠪᠢᠯᠠᠬᠤ ᠦᠢᠯᠡᠴᠢᠯᠡᠭᠡᠨ᠎ᠦ ᠨᠢᠭᠡᠴᠢ᠎ᠶᠢᠨ ᠲᠤᠯᠭᠠᠭᠤᠷᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ ᠂ ᠵᠢᠯ ᠪᠦᠷᠢ ᠤᠰᠤ ᠬᠡᠷᠡᠭᠯᠡᠬᠦ ᠬᠡᠮᠵᠢᠶ᠎ᠡ᠎ᠪᠡᠷ ᠨᠡᠯᠢᠶᠡᠳ ᠶᠡᠬᠡ᠂ ᠤᠰᠤ ᠠᠷᠪᠢᠯᠠᠬᠤ ᠢᠳᠡᠪᠬᠢᠵᠢᠯ᠎ᠢᠶᠡᠷ ᠨᠡᠯᠢᠶᠡᠳ ᠥᠨᠳᠥᠷ ᠤᠰᠤ ᠬᠡᠷᠡᠭᠯᠡᠬᠦ ᠨᠢᠭᠡᠴᠢ᠎ᠨᠦᠭᠦᠳ᠎ᠢ ᠰᠣᠩᠭᠣᠨ ᠤᠰᠤ ᠠᠷᠪᠢᠯᠠᠬᠤ᠎ᠶᠢ ᠣᠨᠣᠰᠢᠯᠠᠬᠤ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡᠨ᠎ᠢ ᠥᠷᠨᠢᠭᠦᠯᠵᠦ᠂ ᠤᠰᠤ ᠬᠡᠷᠡᠭᠯᠡᠬᠦ ᠨᠢᠭᠡᠴᠢ᠎ᠳᠦ ᠲᠥᠷᠥ᠎ᠶᠢᠨ ᠪᠣᠳᠣᠯᠭ᠎ᠠ᠂ ᠦᠢᠯᠡᠴᠢᠯᠡᠭᠡ ᠂ ᠮᠡᠷᠭᠡᠵᠢᠯ ᠬᠦᠷᠭᠡᠨ ᠥᠭᠴᠦ᠂ ᠬᠥᠲᠥᠯᠥᠨ ᠳᠠᠭᠠᠭᠤᠯᠵᠤ ᠵᠢᠱ᠌ᠢᠶ᠎ᠡ ᠦᠵᠡᠭᠦᠯᠬᠦ ᠦᠢᠯᠡᠳᠦᠯ᠎ᠢ ᠪᠠᠳᠠᠷᠠᠭᠤᠯᠤᠨ᠂ ᠠᠵᠤ ᠠᠬᠤᠢᠯᠠᠯ᠎ᠤᠨ ᠤᠰᠤ ᠠᠷᠪᠢᠯᠠᠬᠤ ᠥᠭᠡᠷᠡᠴᠢᠯᠡᠯᠲᠡ᠎ᠳᠦ ᠬᠦᠴᠦ ᠨᠡᠮᠡᠷᠢᠯᠡᠵᠦ᠂ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠋᠎ᠢ ᠨᠡᠮᠡᠭᠳᠡᠭᠦᠯᠦᠨ᠎ᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            