ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠠᠷᠪᠠᠨ ᠳᠣᠯᠣᠳᠤᠭᠠᠷ ᠬᠤᠭᠤᠴᠠᠭᠠᠨ᠎ᠤ ᠪᠥᠬᠥ ᠤᠯᠤᠰ᠎ᠤᠨ ᠤᠰᠤᠨ ᠠᠰᠢᠭ᠍ᠯᠠᠯᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ ᠶᠠᠪᠤᠭᠳᠠᠪᠠ
ᠨᠡᠶ᠋ᠢᠲᠡᠯᠡᠭᠰᠡᠨ ᠴᠠᠭ᠄ 2025-11-12

      2025 ᠣᠨ᠎ᠤ 10 ᠰᠠᠷ᠎ᠠ᠎ᠶᠢᠨ 22᠎ᠤᠨ ᠡᠳᠦᠷ᠎ᠡᠴᠡ 23᠎ᠤ ᠡᠳᠦᠷ ᠪᠣᠯᠲᠠᠯ᠎ᠠ᠂ ᠠᠷᠪᠠᠨ ᠳᠣᠯᠣᠳᠤᠭᠠᠷ ᠬᠤᠭᠤᠴᠠᠭᠠᠨ᠎ᠤ ᠪᠥᠬᠥ ᠤᠯᠤᠰ᠎ᠤᠨ ᠤᠰᠤᠨ ᠠᠰᠢᠭ᠍ᠯᠠᠯᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ ( ᠵᠦᠩᠶᠤᠸᠠᠨ ᠬᠤᠨᠳᠠᠭᠠᠲᠤ ) ᠾᠧᠨᠠᠨ ᠮᠤᠵᠢ᠎ᠶᠢᠨ ᠵᠧᠩᠵᠧᠦ ᠬᠣᠲᠠ᠎ᠳᠤ ᠠᠮᠵᠢᠯᠲᠠ᠎ᠲᠠᠢ ᠶᠠᠪᠤᠭᠳᠠᠪᠠ᠃ ᠤᠰᠤᠨ ᠠᠰᠢᠭ᠍ᠯᠠᠯᠲᠠ᠎ᠶᠢᠨ ᠶᠠᠮᠤᠨ᠎ᠤ ᠳᠡᠳ᠋ ᠰᠠᠢᠳ ᠯᠢᠦ ᠳ᠋ᠦᠩ ᠱᠦᠨ᠂ ᠾᠧᠨᠠᠨ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠮᠤᠵᠢ᠎ᠶᠢᠨ ᠳᠠᠷᠤᠭ᠎ᠠ ᠯᠢᠦᠢ ᠭᠦᠸᠧ ᠹᠠᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
      ᠯᠢᠦ ᠳ᠋ᠦᠩ ᠱᠦᠨ᠂ ᠤᠰᠤᠨ ᠠᠰᠢᠭ᠍ᠯᠠᠯᠲᠠ ᠪᠣᠯ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠠᠭᠤᠷᠢ ᠴᠢᠨᠠᠷᠲᠠᠢ ᠠᠵᠢᠯ ᠲᠥᠷᠥᠯ ᠮᠥᠨ ᠂ ᠤᠰᠤᠨ᠎ᠤ ᠠᠮᠤᠷ ᠲᠦᠪᠰᠢᠨ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠣᠳᠣᠬᠠᠨ᠎ᠳᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠡᠭᠦᠷᠭᠡ ᠬᠦᠨᠳᠦ᠂ ᠥᠷᠢᠰᠦᠯᠳᠦᠭᠡᠨ ᠬᠠᠲᠠᠭᠤ ᠪᠡᠷᠬᠡ ᠪᠠᠢᠵᠤ᠂ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠢ᠂ ᠲᠤᠰᠬᠠᠢᠵᠢᠭ᠍ᠰᠠᠨ ᠤᠰᠤᠨ ᠠᠰᠢᠭ᠍ᠯᠠᠯᠲᠠ᠎ᠶᠢᠨ ᠴᠢᠳᠠᠪᠤᠷᠢᠲᠠᠨ᠎ᠢ ᠪᠠᠴᠢᠮ ᠱᠠᠭᠠᠷᠳᠠᠵᠤ ᠪᠠᠢᠨ᠎ᠠ᠃ ᠤᠰᠤᠨ ᠠᠰᠢᠭ᠍ᠯᠠᠯᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠨᠤᠭᠤᠳ ᠰᠢᠨ᠎ᠡ ᠴᠠᠭ ᠦᠶ᠎ᠡ᠎ᠡᠴᠡ ᠣᠯᠭᠣᠭᠰᠠᠨ ᠡᠷᠬᠢᠮ ᠳᠡᠭᠡᠳᠦ ᠡᠭᠦᠷᠭᠡ ᠪᠣᠯᠣᠨ ᠲᠡᠦᠬᠡᠲᠦ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ ᠂ ᠶᠡᠷᠦᠩᠬᠡᠢ ᠱᠦᠵᠢ ᠰᠢ᠎ᠶᠢᠨ ᠫᠢᠩ᠎ᠤᠨ ᠰᠤᠷᠭᠠᠨ ᠬᠥᠮᠦᠵᠢᠯ᠎ᠦᠨ ᠲᠤᠬᠠᠢ ᠴᠢᠬᠤᠯᠠ ᠥᠭᠦᠯᠡᠯᠲᠡ ᠪᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠬᠤ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠣᠢᠯᠠᠭᠠᠵᠤ ᠂ ᠤᠰᠤᠨ ᠠᠰᠢᠭ᠍ᠯᠠᠯᠲᠠ᠎ᠶᠢᠨ ᠮᠡᠷᠭᠡᠵᠢᠯ ᠤᠷ᠎ᠠ ᠴᠢᠳᠠᠪᠤᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠶᠠᠰᠤ ᠴᠢᠨᠠᠷ ᠪᠠ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠲᠡᠭᠡᠭᠰᠢᠯᠡᠬᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᠯᠢᠦ ᠳ᠋ᠦᠩ ᠱᠦᠨ᠂ ᠤᠰᠤᠨ ᠠᠰᠢᠭ᠍ᠯᠠᠯᠲᠠ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠨᠢ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠬᠠᠵᠤ᠂ ᠤᠯᠤᠰ᠎ᠤᠨ 《 ᠭᠣᠣᠯ ᠮᠥᠷᠡᠨ᠎ᠦ ᠪᠠᠢᠯᠳᠤᠬᠤ ᠪᠣᠳᠣᠯᠭ᠎ᠠ 》 ᠳ᠋ᠤ᠌ ᠦᠢᠯᠡᠴᠢᠯᠡᠬᠦ᠎ᠶᠢ ᠲᠤᠯᠭᠠᠭᠤᠷᠢᠯᠠᠵᠤ᠂ ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠬᠥᠮᠥᠵᠢᠭᠦᠯᠬᠦ ᠲᠥᠰᠥᠯ᠎ᠢ ᠲᠡᠭᠦᠯᠳᠡᠷᠵᠢᠭᠦᠯᠵᠦ᠂ ᠦᠢᠯᠡᠳᠦᠯᠭᠡ᠎ᠶᠢᠨ ᠵᠢᠭᠠᠨ ᠰᠤᠷᠭᠠᠯᠲᠠ᠎ᠶᠢ ᠴᠢᠩᠭᠠᠳᠬᠠᠵᠤ᠂ ᠬᠠᠮ ᠬᠡᠯᠪᠡᠷᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠬᠤ ᠬᠡᠷᠡᠭᠲᠡᠢ᠃ ᠬᠥᠮᠥᠵᠢᠭᠦᠯᠬᠦ ᠵᠠᠭᠪᠤᠷ᠎ᠲᠤ ᠰᠢᠨ᠎ᠡ᠎ᠶᠢ ᠡᠭᠦᠳᠴᠦ ᠂ ᠤᠰᠤᠨ ᠠᠰᠢᠭ᠍ᠯᠠᠯᠲᠠ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠰᠢᠯᠢᠳᠡᠭ᠎ᠢ ᠪᠣᠯᠪᠠᠰᠤᠷᠠᠭᠤᠯᠬᠤ᠎ᠶᠢ ᠠᠬᠢᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ᠎ᠶᠢ ᠭᠦᠨᠵᠡᠭᠡᠢᠷᠡᠭᠦᠯᠵᠦ ᠂ ᠤᠰᠤᠨ ᠠᠰᠢᠭ᠍ᠯᠠᠯᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠠᠮᠵᠢᠯᠴᠠᠨ ᠰᠢᠨ᠎ᠡ᠎ᠶᠢ ᠡᠭᠦᠳᠬᠦ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠃ ᠰᠤᠷᠭᠠᠨ ᠬᠥᠮᠦᠵᠢᠯ᠎ᠦᠨ ᠵᠢᠳᠬᠦᠯᠲᠡᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠴᠠᠭ ᠦᠶ᠎ᠡ᠎ᠶᠢᠨ ᠤᠰᠤᠨ ᠠᠰᠢᠭ᠍ᠯᠠᠯᠲᠠ᠎ᠶᠢᠨ ᠤᠷᠠᠨ ᠳᠠᠷᠬᠠᠨ᠎ᠤ ᠪᠠᠭ᠍ᠰᠢ᠎ᠶᠢ ᠬᠥᠮᠥᠵᠢᠭᠦᠯᠵᠦ᠂ ᠪᠠᠭ᠍ᠰᠢ ᠨᠠᠷ᠎ᠤᠨ ᠪᠢᠴᠢᠭ ᠵᠢᠭᠠᠵᠤ ᠬᠥᠮᠥᠨ᠎ᠢ ᠬᠥᠮᠥᠵᠢᠭᠦᠯᠬᠦ ᠴᠢᠳᠠᠪᠤᠷᠢ᠎ᠶᠢ ᠳᠡᠭᠡᠭᠰᠢᠯᠡᠭᠦᠯᠵᠦ᠂ ᠪᠠᠭ᠍ᠰᠢ᠎ᠶᠢᠨ ᠮᠣᠷᠠᠯ ᠪᠠᠭ᠍ᠰᠢ᠎ᠶᠢᠨ ᠰᠤᠷᠲᠠᠯ᠎ᠤᠨ ᠪᠠᠢᠭᠤᠯᠤᠯᠲᠠ᠎ᠶᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠦᠷᠢᠨᠰᠢᠭᠦᠯᠬᠦ ᠬᠡᠷᠡᠭᠲᠡᠢ᠃ ᠤᠷᠤᠯᠳᠤᠭᠠᠨ᠎ᠢ ᠦᠷᠭᠦᠯᠵᠢᠯᠡᠨ ᠰᠠᠢᠲᠤᠷ ᠡᠷᠬᠢᠯᠡᠵᠦ᠂ ᠡᠨᠧᠷᠭᠢ ᠣᠯᠭᠣᠵᠤ ᠤᠰᠤᠨ ᠠᠰᠢᠭ᠍ᠯᠠᠯᠲᠠ᠎ᠶᠢ ᠴᠢᠨᠠᠷ ᠰᠠᠢᠲᠠᠢ ᠬᠥᠭᠵᠢᠭᠦᠯᠵᠦ᠂ ᠤᠷ᠎ᠠ ᠮᠡᠷᠭᠡᠵᠢᠯ᠎ᠦᠨ ᠤᠷᠤᠯᠳᠤᠭᠠᠨ᠎ᠤ ᠶᠡᠷᠦᠩᠬᠡᠢᠯᠡᠭᠰᠡᠨ ᠬᠥᠮᠥᠨ ᠬᠥᠮᠥᠵᠢᠭᠦᠯᠬᠦ ᠴᠢᠳᠠᠪᠬᠢ᠎ᠶᠢ ᠴᠢᠩᠭᠠᠳᠬᠠᠵᠤ᠂ ᠠᠵᠢᠯ ᠲᠦᠷᠦᠯ᠎ᠦᠨ ᠣᠨᠴᠠᠯᠢᠭ᠋᠎ᠢ ᠪᠠᠲᠤ ᠰᠠᠬᠢᠵᠤ᠂ ᠴᠢᠳᠠᠪᠤᠷᠢᠲᠠᠨ᠎ᠢ ᠬᠥᠮᠥᠵᠢᠭᠦᠯᠬᠦ ᠪᠠ ᠠᠵᠢᠯ ᠲᠦᠷᠦᠯ᠎ᠦᠨ ᠬᠡᠷᠡᠭᠴᠡᠭᠡ ᠱᠠᠭᠠᠷᠳᠠᠯᠭ᠎ᠠ᠎ᠶᠢᠨ ᠲᠣᠬᠢᠷᠠᠯᠴᠠᠬᠤ ᠬᠡᠮᠵᠢᠶ᠎ᠡ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠤᠷᠤᠯᠳᠤᠭᠠᠨ᠎ᠳᠤ ᠣᠷᠣᠯᠴᠠᠭᠰᠠᠨ ᠶᠡᠬᠡ ᠳᠡᠭᠡᠳᠦ ᠰᠤᠷᠭᠠᠭᠤᠯᠢ ᠪᠣᠯᠣᠨ ᠪᠠᠭ᠍ᠰᠢ ᠨᠠᠷ ᠤᠷᠤᠯᠳᠤᠭᠠᠨ᠎ᠤ ᠲᠠᠪᠴᠠᠩ᠎ᠢ ᠭᠦᠢᠴᠡᠳ ᠠᠰᠢᠭ᠍ᠯᠠᠵᠤ᠂ ᠰᠤᠷᠭᠠᠭᠤᠯᠢ ᠡᠷᠬᠢᠯᠡᠬᠦ ᠦᠷ᠎ᠡ ᠪᠦᠲᠦᠮᠵᠢ᠎ᠪᠡᠨ ᠳᠡᠯᠭᠡᠨ ᠦᠵᠡᠭᠦᠯᠵᠦ᠂ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ᠎ᠢᠶᠡᠨ ᠳᠡᠯᠭᠡᠨ ᠦᠵᠡᠭᠦᠯᠵᠦ᠂ ᠤᠷᠤᠯᠳᠤᠭᠠᠨ᠎ᠢᠶᠠᠷ ᠰᠤᠷᠭᠠᠨ ᠬᠥᠮᠦᠵᠢᠯ᠎ᠢ ᠠᠬᠢᠭᠤᠯᠬᠤ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠥᠭᠡᠷᠡᠴᠢᠯᠡᠯᠲᠡ᠎ᠶᠢ ᠠᠬᠢᠭᠤᠯᠬᠤ᠂ ᠤᠷᠤᠯᠳᠤᠭᠠᠨ᠎ᠢᠶᠠᠷ ᠪᠠᠢᠭᠤᠯᠤᠯᠲᠠ᠎ᠶᠢ ᠠᠬᠢᠭᠤᠯᠬᠤ᠎ᠶᠢ ᠬᠦᠰᠡᠵᠦ ᠪᠠᠢᠨ᠎ᠠ᠃ ᠤᠷᠤᠯᠳᠤᠭᠠᠨ᠎ᠳᠤ ᠣᠷᠣᠯᠴᠠᠭᠰᠠᠳ ᠵᠣᠷᠢᠭ᠍ᠲᠠᠢ᠎ᠪᠠᠷ ᠡᠷᠡᠯᠬᠡᠭᠯᠡᠨ ᠲᠡᠮᠡᠴᠡᠵᠦ᠂ ᠵᠣᠷᠢᠭ᠍ᠲᠠᠢ᠎ᠪᠠᠷ ᠤᠷᠤᠭᠰᠢᠯᠠᠨ ᠳᠠᠪᠰᠢᠵᠤ᠂ ᠤᠷᠤᠯᠳᠤᠭᠠᠨ᠎ᠤ ᠬᠡᠪ ᠨᠠᠮᠪᠠ᠂ ᠤᠷᠤᠯᠳᠤᠭᠠᠨ᠎ᠤ ᠬᠢᠷᠢ ᠲᠦᠪᠰᠢᠨ᠎ᠢ ᠡᠭᠦᠳᠴᠦ᠂ ᠰᠢᠨ᠎ᠡ ᠴᠠᠭ ᠦᠶ᠎ᠡ᠎ᠶᠢᠨ ᠤᠰᠤᠨ ᠠᠰᠢᠭ᠍ᠯᠠᠯᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠤᠨ ᠰᠠᠢᠨ ᠰᠠᠢᠬᠠᠨ ᠴᠤᠭ ᠵᠢᠪᠬᠤᠭ᠎ᠠ᠎ᠶᠢ ᠢᠯᠡᠷᠡᠭᠦᠯᠬᠦ᠎ᠶᠢ ᠬᠦᠰᠡᠵᠦ ᠪᠠᠢᠨ᠎ᠠ ᠴᠢᠬᠤᠯᠠᠴᠢᠯᠠᠪᠠ᠃
      ᠲᠣᠰ ᠬᠤᠭᠤᠴᠠᠭᠠᠨ᠎ᠤ ᠤᠷᠤᠯᠳᠤᠭᠠᠨ᠎ᠢ ᠤᠰᠤᠨ ᠠᠰᠢᠭ᠍ᠯᠠᠯᠲᠠ᠎ᠶᠢᠨ ᠶᠠᠮᠤᠨ᠎ᠤ ᠠᠵᠢᠯᠲᠠᠨ᠎ᠤ ᠶᠠᠪᠤᠳᠠᠯ᠎ᠤᠨ ᠵᠤᠷᠭᠠᠨ᠂ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠰᠤᠷᠭᠠᠨ ᠬᠥᠮᠦᠵᠢᠯ᠎ᠦᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠾᠧᠨᠠᠨ᠎ᠤ ᠤᠰᠤᠨ ᠠᠰᠢᠭ᠍ᠯᠠᠯᠲᠠ ᠬᠢᠭᠡᠳ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳᠠᠭᠠᠭᠠᠨ ᠡᠷᠬᠢᠯᠡᠪᠡ᠃ ᠤᠷᠤᠯᠳᠤᠭᠠᠨ ᠨᠢ ᠤᠰᠤᠨ ᠠᠰᠢᠭ᠍ᠯᠠᠯᠲᠠ᠎ᠶᠢᠨ ᠤᠷ᠎ᠠ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠪᠣᠳᠠᠲᠠᠢ ᠪᠠᠢᠳᠠᠯ᠎ᠲᠠᠢ ᠨᠢᠭ᠍ᠲᠠ ᠤᠶᠠᠯᠳᠤᠭᠤᠯᠤᠨ ᠨᠡᠶ᠋ᠢᠲᠡ 7 ᠤᠷᠤᠯᠳᠤᠭᠠᠨ᠎ᠤ ᠵᠦᠢᠯ᠎ᠢ ᠲᠣᠬᠢᠷᠠᠭᠤᠯᠪᠠ᠂ ᠡᠭᠦᠨ᠎ᠳᠦ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠤᠭᠤᠢᠯᠠᠩ᠎ᠳᠤ ᠣᠶᠤᠨᠲᠤ ᠤᠰᠤ ᠠᠷᠪᠢᠯᠠᠬᠤ ᠰᠢᠰᠲᠧᠮ᠎ᠦᠨ ᠵᠢᠷᠤᠭ ᠲᠥᠯᠥᠪᠯᠡᠭᠡ ᠪᠠ ᠤᠭᠰᠠᠷᠠᠯᠲᠠ᠂ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ BIM ᠵᠠᠭᠪᠤᠷ ᠪᠠᠶ᠋ᠢᠭᠤᠯᠬᠤ ᠪᠠ ᠬᠡᠷᠡᠭᠯᠡᠯᠲᠡ᠂ ᠭᠣᠣᠯ᠎ᠤᠨ ᠵᠠᠮ᠎ᠢ ᠵᠠᠰᠠᠵᠤ ᠰᠡᠷᠭᠡᠢᠯᠡᠬᠦ ᠮᠡᠷᠭᠡᠵᠢᠯ ᠂ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠬᠢᠬᠦ ᠥᠷᠲᠡᠭ ᠂ ᠢᠨᠵᠧᠨᠧᠷᠢᠩ᠎ᠦᠨ ᠬᠡᠮᠵᠢᠯᠲᠡ ᠵᠡᠷᠭᠡ 5 ᠤᠷᠤᠯᠳᠤᠭᠠᠨ᠎ᠤ ᠵᠦᠢᠯ᠎ᠢ ᠲᠣᠬᠢᠷᠠᠭᠤᠯᠵᠤ ᠂ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠳᠤᠭᠤᠢᠯᠠᠩ᠎ᠳᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠵᠢᠷᠤᠭ ᠲᠥᠯᠥᠪᠯᠡᠭᠡ ᠪᠠ ᠬᠡᠷᠡᠭᠯᠡᠯᠲᠡ᠂ ᠢᠨᠵᠧᠨᠧᠷᠢᠩ᠎ᠦᠨ ᠬᠡᠮᠵᠢᠯᠲᠡ ᠵᠡᠷᠭᠡ 2 ᠤᠷᠤᠯᠳᠤᠭᠠᠨ᠎ᠤ ᠵᠦᠢᠯ᠎ᠢ ᠲᠣᠬᠢᠷᠠᠭᠤᠯᠪᠠ᠃ ᠪᠥᠬᠥ ᠤᠯᠤᠰ᠎ᠤᠨ 39 ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ 800 ᠭᠠᠷᠤᠢ ᠪᠠᠭ᠍ᠰᠢ ᠰᠣᠷᠣᠭ᠍ᠴᠢ ᠤᠷᠤᠯᠳᠤᠭᠠᠨ᠎ᠳᠤ ᠣᠷᠣᠯᠴᠠᠵᠠᠢ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            