ᠨᠡᠶ᠋ᠢᠲᠡ 255 ᠠᠰᠠᠭᠤᠳᠠᠯ᠎ᠤᠨ ᠰᠦᠪᠡᠭᠴᠢ᠎ᠶᠢ ᠪᠠᠢᠴᠠᠭᠠᠨ ᠢᠯᠡᠷᠡᠭᠦᠯᠵᠦ᠂ 189 ᠬᠡᠷᠡᠭ᠎ᠢ ᠬᠡᠷᠡᠭ ᠪᠣᠯᠭᠠᠨ ᠳᠡᠩᠰᠡᠯᠡᠵᠦ ᠪᠠᠢᠴᠠᠭᠠᠨ ᠰᠢᠢᠳᠪᠦᠷᠢᠯᠡᠵᠦ᠂ ᠨᠡᠶ᠋ᠢᠲᠡ 1066.3 ᠲᠦᠮᠡᠨ ᠲᠥᠭᠥᠷᠢᠭ ᠵᠣᠭᠣᠰ᠎ᠢᠶᠠᠷ ᠲᠣᠷᠭᠠᠪᠠ ᠁ ᠡᠨᠡ ᠵᠢᠯ᠎ᠦᠨ 5 ᠰᠠᠷ᠎ᠠ᠎ᠠᠴᠠ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠪᠣᠯᠣᠨ ᠠᠷᠠᠳ᠎ᠤᠨ ᠪᠠᠢᠴᠠᠭᠠᠬᠤ ᠬᠣᠷᠢᠶ᠎ᠠ ᠬᠠᠮᠲᠤᠷᠠᠨ ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠠᠮᠢ ᠠᠬᠤᠢ᠎ᠶᠢᠨ ᠬᠠᠮᠠᠭᠠᠯᠠᠯᠲᠠ᠎ᠶᠢᠨ ᠲᠤᠰᠬᠠᠢ ᠠᠵᠢᠯᠯᠠᠭ᠎ᠠ᠎ᠶᠢ ᠥᠷᠨᠢᠭᠦᠯᠵᠦ᠂ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠭᠰᠠᠨ ᠪᠠᠢᠨ᠎ᠠ᠃
ᠲᠤᠰᠬᠠᠢ ᠠᠵᠢᠯᠯᠠᠭ᠎ᠠ᠎ᠶᠢᠨ ᠳᠤᠮᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ᠎ᠤ ᠪᠠᠢᠴᠠᠭᠠᠬᠤ ᠪᠠᠢᠭᠤᠯᠭ᠎ᠠ ᠯᠤᠭ᠎ᠠ ᠨᠡᠪᠲᠡᠷᠡᠯᠴᠡᠨ ᠬᠠᠮᠵᠢᠯᠴᠠᠭ᠎ᠠ᠎ᠪᠠᠨ ᠴᠢᠩᠭᠠᠳᠬᠠᠵᠤ᠂ ᠤᠰᠤᠨ ᠠᠰᠢᠭ᠍ᠯᠠᠯᠲᠠ᠎ᠶᠢᠨ ᠬᠦᠷᠢᠶᠡᠨ᠎ᠳᠡᠬᠢ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠬᠠᠮᠲᠤ᠎ᠪᠠᠷ ᠠᠬᠢᠭᠤᠯᠵᠤ ᠂ ᠤᠰᠤᠨ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠬᠦᠴᠦᠲᠡᠢ ᠴᠣᠬᠢᠯᠲᠠ ᠥᠭᠴᠦ᠂ ᠰᠠᠪᠠ ᠭᠠᠵᠠᠷ᠎ᠤᠨ ᠤᠰᠤ ᠲᠠᠲᠠᠵᠤ ᠬᠡᠷᠡᠭᠯᠡᠬᠦ ᠡᠮᠬᠢ ᠳᠢᠭ᠌ᠯᠢᠮ᠎ᠢ ᠵᠢᠷᠤᠮᠵᠢᠭᠤᠯᠤᠨ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠪᠠᠢᠴᠠᠭᠠᠬᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠠᠮᠵᠢᠯᠴᠠᠬᠤ ᠲᠣᠭᠲᠠᠴᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠪᠠ᠃
ᠥᠪᠥᠷ ᠮᠣᠩᠭᠣᠯ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠲᠤᠰᠬᠠᠢ ᠵᠦᠢᠯ᠎ᠦᠨ ᠪᠠᠢᠴᠠᠭᠠᠯᠲᠠ᠎ᠶᠢ ᠤᠶᠠᠯᠳᠤᠭᠤᠯᠤᠨ᠂ ᠬᠠᠤᠯᠢ ᠬᠡᠷᠡᠭᠵᠢᠭᠦᠯᠦᠯᠲᠡ᠎ᠶᠢᠨ ᠲᠣᠭᠣᠷᠢᠨ ᠪᠠᠢᠴᠠᠭᠠᠬᠤ ᠡᠷᠴᠢᠮ᠎ᠢᠶᠡᠨ ᠴᠢᠩᠭᠠᠷᠠᠭᠤᠯᠵᠤ᠂ ᠵᠢᠯᠣᠭᠣᠴᠢ ᠦᠭᠡᠢ ᠨᠢᠰᠬᠡᠯ ᠂ ᠸᠢᠳᠢᠤ᠋᠎ᠪᠠᠷ ᠬᠢᠨᠠᠨ ᠡᠵᠡᠮᠳᠡᠬᠦ ᠵᠢᠴᠢ ᠳᠠᠭᠠᠭᠤᠯᠢ ᠣᠳᠣᠨ᠎ᠤ ᠠᠯᠤᠰ ᠰᠡᠷᠡᠯ ᠵᠡᠷᠭᠡ ᠪᠠᠭᠠᠵᠢ᠎ᠶᠢ ᠭᠦᠢᠴᠡᠳ ᠠᠰᠢᠭ᠍ᠯᠠᠨ᠂ ᠠᠰᠠᠭᠤᠳᠠᠯ᠎ᠤᠨ ᠰᠦᠪᠡᠭᠴᠢ᠎ᠶᠢ ᠪᠥᠬᠥ ᠲᠠᠯ᠎ᠠ᠎ᠪᠠᠷ ᠨᠠᠷᠢᠨ ᠨᠢᠮᠪᠠᠢ ᠣᠢᠯᠠᠭᠠᠨ ᠪᠠᠢᠴᠠᠭᠠᠵᠤ᠂ ᠬᠠᠮᠢᠶ᠎ᠠ ᠪᠦᠬᠦᠢ ᠠᠰᠠᠭᠤᠳᠠᠯ ᠪᠠ ᠰᠦᠪᠡᠭᠴᠢ᠎ᠶᠢ ᠬᠠᠷᠭᠤᠭᠤᠯᠤᠨ ᠪᠠᠢᠴᠠᠭᠠᠵᠤ ᠰᠤᠳᠤᠯᠤᠨ ᠮᠠᠭᠠᠳᠯᠠᠬᠤ᠎ᠶᠢ ᠴᠢᠩᠭᠠᠳᠬᠠᠨ᠂ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠬᠦ ᠪᠠ ᠵᠣᠬᠢᠶᠠᠨ ᠪᠠᠢᠭᠤᠯᠵᠤ ᠴᠡᠭᠴᠡᠯᠡᠨ ᠰᠠᠢᠵᠢᠷᠠᠭᠤᠯᠬᠤ᠎ᠶᠢ ᠲᠦᠯᠬᠢᠨ ᠠᠬᠢᠭᠤᠯᠪᠠ; ᠠᠵᠢᠯ ᠲᠦᠷᠦᠯ᠎ᠦᠨ ᠬᠢᠨᠠᠯᠲᠠ ᠬᠠᠮᠢᠶᠠᠷᠤᠯᠲᠠ ᠬᠢᠭᠡᠳ ᠪᠠᠢᠴᠠᠭᠠᠬᠤ ᠬᠢᠨᠠᠯᠲᠠ᠎ᠶᠢᠨ ᠨᠡᠢᠯᠡᠯ ᠬᠦᠴᠦᠨ᠎ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠰᠦᠪᠡᠭᠴᠢ᠎ᠶᠢ ᠰᠢᠯᠵᠢᠭᠦᠯᠦᠨ ᠬᠦᠷᠭᠡᠬᠦ᠂ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ ᠪᠠ ᠫᠠᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠭᠦᠯᠬᠦ᠎ᠶᠢ ᠴᠢᠩᠭᠠᠳᠬᠠᠵᠤ᠂ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠢᠳᠠᠪᠤᠷᠢᠵᠢᠭᠤᠯᠬᠤ᠎ᠶᠢ ᠬᠦᠴᠦᠲᠡᠢ ᠲᠦᠯᠬᠢᠨ ᠠᠬᠢᠭᠤᠯᠤᠨ᠎ᠠ᠃