ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠭᠢᠷᠢᠨ᠎ᠦ ᠶᠠᠨᠪᠢᠶᠠᠨ ᠵᠧᠦ᠎ᠶᠢᠨ ᠾᠦᠨ ᠴᠦᠨ ᠬᠣᠲᠠ᠎ᠳᠤ 5.5 ᠲᠠᠰ᠎ᠤᠨ ᠭᠠᠵᠠᠷ ᠬᠥᠳᠡᠯᠦᠯᠲᠡ ᠡᠭᠦᠰᠴᠦ ᠂ ᠤᠰᠤᠨ ᠠᠰᠢᠭ᠍ᠯᠠᠯᠲᠠ᠎ᠶᠢᠨ ᠶᠠᠮᠤᠨ ᠤᠰᠤᠨ ᠠᠰᠢᠭ᠍ᠯᠠᠯᠲᠠ᠎ᠶᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠋᠎ᠠᠴᠠ ᠠᠪᠤᠷᠠᠬᠤ ᠠᠵᠢᠯ᠎ᠢ ᠲᠣᠬᠢᠷᠠᠭᠤᠯᠤᠨ ᠵᠢᠯᠤᠭᠣᠳᠬᠤ ᠲᠣᠭᠲᠠᠴᠠ᠎ᠶᠢ ᠦᠳᠲᠡᠷ ᠲᠦᠷᠭᠡᠨ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-11-11

       10 ᠳ᠋ᠤᠭᠠᠷ ᠰᠠᠷ᠎ᠠ᠎ᠶᠢᠨ 25᠎ᠤ ᠡᠳᠦᠷ᠎ᠦᠨ 19 ᠴᠠᠭ 45 ᠮᠢᠨᠦ᠋ᠲ 22 ᠰᠧᠺᠦ᠋ᠨ᠋ᠳ᠋᠎ᠲᠦ ᠭᠢᠷᠢᠨ᠎ᠦ ᠶᠠᠨᠪᠢᠶᠠᠨ ᠵᠧᠦ᠎ᠶᠢᠨ ᠾᠦᠨ ᠴᠦᠨ ᠬᠣᠲᠠ᠎ᠳᠤ 5.5 ᠲᠠᠰ᠎ᠤᠨ ᠭᠠᠵᠠᠷ ᠬᠥᠳᠡᠯᠦᠯᠲᠡ ᠡᠭᠦᠰᠪᠡ ᠃ ᠤᠰᠤᠨ ᠠᠰᠢᠭ᠍ᠯᠠᠯᠲᠠ᠎ᠶᠢᠨ ᠶᠠᠮᠤᠨ ᠤᠰᠤᠨ ᠠᠰᠢᠭ᠍ᠯᠠᠯᠲᠠ᠎ᠶᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠋᠎ᠠᠴᠠ ᠠᠪᠤᠷᠠᠬᠤ ᠠᠵᠢᠯ᠎ᠢ ᠲᠣᠬᠢᠷᠠᠭᠤᠯᠤᠨ ᠵᠢᠯᠤᠭᠣᠳᠬᠤ ᠲᠣᠭᠲᠠᠴᠠ᠎ᠶᠢ ᠦᠳᠲᠡᠷ ᠲᠦᠷᠭᠡᠨ ᠡᠬᠢᠯᠡᠨ ᠬᠡᠷᠡᠭᠵᠢᠭᠦᠯᠵᠦ᠂ 25᠎ᠤ ᠡᠳᠦᠷ᠎ᠦᠨ ᠣᠷᠣᠢ ᠲᠤᠰᠬᠠᠢ ᠰᠡᠳᠦᠪᠲᠦ ᠵᠥᠪᠳᠡᠯᠴᠡᠭᠡ᠎ᠶᠢ ᠵᠣᠬᠢᠶᠠᠨ ᠪᠠᠢᠭᠤᠯᠤᠨ ᠤᠰᠤᠨ ᠠᠰᠢᠭ᠍ᠯᠠᠯᠲᠠ᠎ᠶᠢᠨ ᠢᠨᠵᠧᠨᠧᠷᠢᠩ ᠪᠠ ᠬᠥᠳᠡᠭᠡ ᠲᠣᠰᠬᠣᠨ᠎ᠤ ᠤᠰᠤᠨ᠎ᠤ ᠬᠠᠩᠭᠠᠯᠭ᠎ᠠ᠎ᠳᠤ ᠦᠵᠡᠭᠦᠯᠬᠦ ᠭᠠᠵᠠᠷ ᠬᠥᠳᠡᠯᠦᠯᠲᠡ᠎ᠶᠢᠨ ᠨᠥᠯᠥᠭᠡ᠎ᠶᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠵᠤ᠂ ᠭᠠᠵᠠᠷ ᠬᠥᠳᠡᠯᠦᠭᠰᠡᠨ ᠣᠷᠣᠨ᠎ᠤ ᠪᠣᠷᠣᠭᠠᠨ ᠤᠰᠤᠨ᠎ᠤ ᠪᠠᠢᠳᠠᠯ᠎ᠢ ᠰᠤᠳᠤᠯᠤᠨ ᠮᠠᠭᠠᠳᠯᠠᠵᠤ᠂ ᠤᠰᠤᠨ ᠠᠰᠢᠭ᠍ᠯᠠᠯᠲᠠ᠎ᠶᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠋᠎ᠠᠴᠠ ᠠᠪᠤᠷᠠᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃
       ᠤᠰᠤᠨ ᠠᠰᠢᠭ᠍ᠯᠠᠯᠲᠠ᠎ᠶᠢᠨ ᠶᠠᠮᠤᠨ ᠪᠦᠬᠦ ᠤᠯᠤᠰ᠎ᠤᠨ 《 ᠤᠰᠤᠨ ᠠᠰᠢᠭ᠍ᠯᠠᠯᠲᠠ᠎ᠶᠢᠨ ᠨᠢᠭᠡ ᠬᠠᠭᠤᠳᠠᠰᠤ ᠵᠢᠷᠤᠭ 》᠎ᠢ ᠦᠨᠳᠦᠰᠦᠯᠡᠨ᠂ ᠭᠠᠵᠠᠷ ᠬᠥᠳᠡᠯᠦᠭᠰᠡᠨ ᠣᠷᠣᠨ᠎ᠤ ᠭᠣᠣᠯ ᠮᠥᠷᠡᠨ ᠵᠢᠴᠢ ᠤᠰᠤᠨ ᠴᠥᠭᠥᠷᠥᠮ᠂ ᠤᠰᠤᠨ ᠴᠠᠬᠢᠯᠭᠠᠨ ᠦᠷᠳᠡᠭᠡ᠂ ᠬᠠᠰᠢᠯᠭ᠎ᠠ᠂ ᠬᠥᠳᠡᠭᠡ ᠲᠣᠰᠬᠣᠨ᠎ᠤ ᠤᠰᠤ ᠬᠠᠩᠭᠠᠬᠤ ᠪᠠᠷᠢᠯᠭ᠎ᠠ᠂ ᠤᠰᠤᠨ ᠬᠠᠭᠠᠯᠲᠠ᠂ ᠤᠰᠤᠨ ᠰᠢᠨᠵᠢᠯᠡᠭᠡᠨ᠎ᠦ ᠬᠡᠮᠵᠢᠯᠲᠡ᠎ᠶᠢᠨ ᠦᠷᠳᠡᠭᠡ ᠵᠡᠷᠭᠡ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠲᠠᠷᠬᠠᠯᠲᠠ᠎ᠶᠢᠨ ᠪᠠᠢᠳᠠᠯ᠎ᠢ ᠦᠳᠲᠡᠷ ᠲᠦᠷᠭᠡᠨ ᠵᠢᠭ᠍ᠰᠠᠭᠠᠨ ᠪᠠᠢᠴᠠᠭᠠᠬᠤ᠎ᠶᠢᠨ ᠬᠠᠮᠲᠤ ᠴᠠᠭ ᠲᠤᠬᠠᠢ ᠳ᠋ᠤᠨᠢ ᠬᠢᠷᠢᠨ ᠮᠤᠵᠢ᠎ᠶᠢᠨ ᠤᠰᠤᠨ ᠠᠰᠢᠭ᠍ᠯᠠᠯᠲᠠ᠎ᠶᠢᠨ ᠲᠢᠩᠬᠢᠮ᠎ᠳᠦ ᠮᠡᠳᠡᠭᠳᠡᠵᠦ᠂ ᠣᠷᠣᠨ ᠨᠤᠲᠤᠭ᠎ᠤᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠢ ᠱᠠᠯᠠᠪᠳᠠᠭᠤᠯᠵᠤ ᠪᠠᠢᠭᠠᠳ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠭᠠᠵᠠᠷ ᠬᠥᠳᠡᠯᠦᠯᠲᠡ᠎ᠶᠢᠨ ᠬᠣᠬᠢᠷᠠᠯ᠎ᠤᠨ ᠪᠠᠢᠳᠠᠯ᠎ᠢ ᠪᠦᠬᠦ ᠲᠠᠯ᠎ᠠ᠎ᠪᠠᠷ ᠵᠢᠭ᠍ᠰᠠᠭᠠᠨ ᠣᠢᠯᠠᠭᠠᠪᠠ᠃ ᠭᠢᠷᠢᠨ ᠮᠤᠵᠢ᠎ᠶᠢᠨ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠯᠣᠣ ᠯᠦᠩ ᠺᠧᠦ᠎ᠶᠢᠨ ᠤᠰᠤᠨ ᠴᠥᠭᠥᠷᠥᠮ ᠪᠣᠯᠣᠨ ᠭᠠᠵᠠᠷ ᠬᠥᠳᠡᠯᠦᠭᠰᠡᠨ ᠣᠷᠣᠨ᠎ᠤ ᠪᠤᠰᠤᠳ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠳᠤ ᠪᠠᠢᠴᠠᠭᠠᠯᠲᠠ ᠬᠢᠬᠦ ᠠᠵᠢᠯ᠎ᠢ ᠲᠡᠷᠡ ᠳᠠᠷᠤᠢ ᠳ᠋ᠤᠨᠢ ᠵᠣᠬᠢᠶᠠᠨ ᠪᠠᠢᠭᠤᠯᠵᠤ ᠂ ᠣᠳᠣᠬᠠᠨ᠎ᠳᠤ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠭᠠᠵᠠᠷ ᠬᠥᠳᠡᠯᠦᠭᠰᠡᠨ᠎ᠠᠴᠠ ᠪᠣᠯᠵᠤ ᠬᠣᠬᠢᠷᠠᠵᠤ ᠰᠦᠢᠳᠦᠭᠰᠡᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠣᠯᠣᠭᠰᠠᠨ ᠦᠭᠡᠢ ᠃ ᠤᠷᠢᠳᠴᠢᠯᠠᠭᠰᠠᠨ ᠮᠡᠳᠡᠭᠡ᠎ᠶᠢ ᠦᠨᠳᠦᠰᠦᠯᠡᠪᠡᠯ ᠂ ᠭᠠᠵᠠᠷ ᠬᠥᠳᠡᠯᠦᠭᠰᠡᠨ ᠣᠷᠣᠨ᠎ᠳᠤ ᠥᠨᠥᠳᠥᠷ ᠪᠠ ᠢᠷᠡᠬᠦ 3 ᠡᠳᠦᠷ᠎ᠲᠦ ᠦᠨᠳᠦᠰᠦᠨ᠎ᠳᠡᠭᠡᠨ ᠪᠣᠷᠣᠭᠠᠨ ᠦᠭᠡᠢ᠃
       ᠤᠰᠤᠨ ᠠᠰᠢᠭ᠍ᠯᠠᠯᠲᠠ᠎ᠶᠢᠨ ᠶᠠᠮᠤᠨ ᠭᠠᠵᠠᠷ ᠬᠥᠳᠡᠯᠦᠭᠰᠡᠨ ᠣᠷᠣᠨ᠎ᠤ ᠪᠣᠷᠣᠭᠠᠨ᠎ᠤ ᠪᠠᠢᠳᠠᠯ ᠂ ᠤᠰᠤᠨ᠎ᠤ ᠪᠠᠢᠳᠠᠯ ᠵᠢᠴᠢ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠠᠵᠢᠯᠯᠠᠭᠠᠨ᠎ᠤ ᠪᠠᠢᠳᠠᠯ᠎ᠢ ᠦᠷᠭᠦᠯᠵᠢᠯᠡᠨ ᠨᠢᠭ᠍ᠲᠠ ᠠᠩᠬᠠᠷᠴᠤ ᠂ ᠭᠢᠷᠢᠨ ᠮᠤᠵᠢ᠎ᠶᠢᠨ ᠤᠰᠤᠨ ᠠᠰᠢᠭ᠍ᠯᠠᠯᠲᠠ᠎ᠶᠢᠨ ᠲᠢᠩᠬᠢᠮ᠎ᠢ ᠵᠢᠯᠣᠭᠣᠳᠤᠨ ᠭᠠᠵᠠᠷ ᠬᠥᠳᠡᠯᠦᠭᠰᠡᠨ ᠣᠷᠣᠨ᠎ᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠭᠠᠵᠠᠷ ᠬᠥᠳᠡᠯᠦᠯᠲᠡ᠎ᠶᠢᠨ ᠬᠣᠬᠢᠷᠠᠯ᠎ᠢ ᠵᠢᠭ᠍ᠰᠠᠭᠠᠨ ᠪᠠᠢᠴᠠᠭᠠᠬᠤ ᠪᠠ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠠᠵᠢᠯ᠎ᠢ ᠦᠷᠭᠦᠯᠵᠢᠯᠡᠨ ᠰᠠᠢᠲᠤᠷ ᠬᠢᠵᠦ ᠂ ᠬᠣᠶᠠᠳᠠᠭ᠍ᠴᠢ ᠭᠠᠮᠰᠢᠭ᠋ ᠡᠭᠦᠰᠬᠦ᠎ᠠᠴᠠ ᠴᠢᠩᠭ᠎ᠠ ᠰᠡᠷᠭᠡᠢᠯᠡᠵᠦ ᠪᠠᠢᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            