10 ᠳ᠋ᠤᠭᠠᠷ ᠰᠠᠷ᠎ᠠ᠎ᠶᠢᠨ 30᠎ᠤ ᠡᠳᠦᠷ ᠂ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠂ ᠤᠰᠤᠨ ᠠᠰᠢᠭ᠍ᠯᠠᠯᠲᠠ᠎ᠶᠢᠨ ᠶᠠᠮᠤᠨ ᠪᠡᠭᠡᠵᠢᠩ᠎ᠳᠦ 《 ᠤᠰᠤᠨ᠎ᠤ ᠡᠬᠢ ᠪᠠᠶᠠᠯᠢᠭ᠋᠎ᠤᠨ ᠭᠠᠢᠯᠢ᠎ᠶᠢ ᠲᠠᠲᠠᠪᠤᠷᠢᠯᠠᠨ ᠬᠠᠮᠢᠶᠠᠷᠬᠤ ᠬᠠᠮᠵᠢᠯᠴᠠᠭᠠᠨ᠎ᠤ ᠲᠣᠭᠲᠠᠴᠠ᠎ᠶᠢ ᠪᠠᠶ᠋ᠢᠭᠤᠯᠬᠤ ᠰᠠᠨᠠᠮᠵᠢ᠎ᠶᠢᠨ ᠪᠢᠴᠢᠭ 》᠎ᠲᠦ ᠭᠠᠷᠤᠨ ᠥᠰᠥᠭ ᠵᠢᠷᠤᠵᠤ ᠂ ᠬᠣᠶᠠᠷ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ ᠂ ᠤᠰᠤᠨ᠎ᠤ ᠡᠬᠢ ᠪᠠᠶᠠᠯᠢᠭ᠋᠎ᠤᠨ ᠭᠠᠢᠯᠢ᠎ᠶᠢᠨ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠂ ᠤᠰᠤᠨ᠎ᠤ ᠡᠬᠢ ᠪᠠᠶᠠᠯᠢᠭ᠋᠎ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ᠎ᠪᠡᠷ ᠠᠰᠢᠭ᠍ᠯᠠᠬᠤ᠎ᠶᠢ ᠠᠬᠢᠭᠤᠯᠪᠠ᠃
ᠲᠣᠰ ᠤᠳᠠᠭᠠᠨ᠎ᠤ ᠰᠠᠨᠠᠮᠵᠢ᠎ᠶᠢᠨ ᠪᠢᠴᠢᠭ᠎ᠲᠦ ᠭᠠᠷᠤᠨ ᠥᠰᠥᠭ ᠵᠢᠷᠤᠭᠰᠠᠨ ᠶᠠᠪᠤᠳᠠᠯ ᠪᠣᠯ ᠬᠣᠶᠠᠷ ᠰᠠᠯᠠᠭ᠎ᠠ ᠮᠥᠴᠢᠷ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ 《 ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠨᠠᠢᠳᠠᠪᠤᠷᠢᠵᠢᠭᠤᠯᠵᠤ ᠂ ᠤᠰᠤᠨ᠎ᠤ ᠡᠬᠢ ᠪᠠᠶᠠᠯᠢᠭ᠋᠎ᠤᠨ ᠰᠦᠢᠳᠬᠡᠯ᠎ᠢ ᠭᠠᠢᠯᠢ ᠪᠣᠯᠭᠠᠨ ᠥᠭᠡᠷᠡᠴᠢᠯᠡᠬᠦ 》 ᠲᠤᠬᠠᠢ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ ᠂ ᠤᠰᠤᠨ᠎ᠤ ᠡᠬᠢ ᠪᠠᠶᠠᠯᠢᠭ᠋᠎ᠤᠨ ᠬᠦᠷᠢᠶᠡᠨ᠎ᠳᠡᠬᠢ ᠥᠭᠡᠷᠡᠴᠢᠯᠡᠯᠲᠡ᠎ᠶᠢ ᠬᠠᠮᠵᠢᠯᠴᠠᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠂ ᠮᠥᠨ ᠴᠤ᠌ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢ ᠬᠠᠮᠲᠤ᠎ᠪᠠᠷ ᠠᠬᠢᠭᠤᠯᠬᠤ ᠪᠣᠳᠠᠲᠠᠢ ᠠᠵᠢᠯᠯᠠᠭ᠎ᠠ ᠮᠥᠨ ᠃ ᠰᠠᠨᠠᠮᠵᠢ᠎ᠶᠢᠨ ᠪᠢᠴᠢᠭ᠎ᠢ ᠦᠨᠳᠦᠰᠦᠯᠡᠪᠡᠯ᠂ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠪᠣᠯᠣᠨ ᠤᠰᠤᠨ ᠠᠰᠢᠭ᠍ᠯᠠᠯᠲᠠ᠎ᠶᠢᠨ ᠶᠠᠮᠤᠨ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠂ ᠪᠠᠢᠩᠭᠤ᠎ᠶᠢᠨ ᠲᠠᠬᠢᠨ ᠬᠠᠷᠭᠤᠭᠤᠯᠬᠤ᠂ ᠬᠢᠨᠠᠨ ᠬᠠᠮᠢᠶᠠᠷᠤᠯᠲᠠ᠎ᠶᠢᠨ ᠮᠡᠳᠡᠭᠡ ᠵᠠᠩᠭᠢ᠎ᠶᠢ ᠬᠠᠷᠢᠯᠴᠠᠨ ᠬᠡᠷᠡᠭᠯᠡᠬᠦ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢᠷᠡᠭᠦᠯᠬᠦ᠎ᠶᠢᠨ ᠬᠠᠮᠲᠤ ᠡᠯ᠎ᠡ ᠭᠠᠵᠠᠷ᠎ᠤᠨ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠢ ᠵᠢᠯᠣᠭᠣᠳᠤᠨ ᠡᠳᠦᠷ ᠲᠤᠳᠤᠮ᠎ᠤᠨ ᠬᠠᠮᠵᠢᠯᠴᠠᠭ᠎ᠠ᠎ᠶᠢ ᠴᠢᠩᠭᠠᠳᠬᠠᠵᠤ᠂ ᠬᠠᠮᠵᠢᠯᠴᠠᠨ ᠬᠠᠮᠲᠤ᠎ᠪᠠᠷ ᠵᠠᠰᠠᠬᠤ ᠭᠦᠨᠴᠡ ᠪᠣᠯᠣᠨ ᠥᠷᠭᠡᠴᠡ᠎ᠶᠢ ᠳᠠᠰᠤᠷᠠᠯᠳᠠ ᠦᠭᠡᠢ ᠥᠷᠭᠡᠳᠬᠡᠵᠦ᠂ ᠥᠨᠳᠥᠷ ᠦᠷ᠎ᠡ ᠪᠦᠲᠦᠮᠵᠢᠲᠡᠢ ᠵᠠᠰᠠᠯᠲᠠ᠎ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃
ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠳᠡᠳ᠋ ᠳᠠᠷᠤᠭ᠎ᠠ ᠵᠤᠤ ᠵᠢᠩ᠂ ᠤᠰᠤᠨ ᠠᠰᠢᠭ᠍ᠯᠠᠯᠲᠠ᠎ᠶᠢᠨ ᠶᠠᠮᠤᠨ᠎ᠤ ᠳᠡᠳ᠋ ᠰᠠᠢᠳ ᠸᠠᠩ ᠪᠦᠦ ᠧᠨ ᠬᠣᠶᠠᠷ ᠰᠠᠯᠠᠭ᠎ᠠ ᠮᠥᠴᠢᠷ᠎ᠢ ᠲᠥᠯᠥᠭᠡᠯᠡᠨ ᠰᠠᠨᠠᠮᠵᠢ᠎ᠶᠢᠨ ᠪᠢᠴᠢᠭ᠎ᠲᠦ ᠭᠠᠷᠤᠨ ᠦᠰᠦᠭ ᠵᠢᠷᠤᠪᠠ᠃ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠲᠣᠪᠴᠢᠶᠠᠨ ᠳᠠᠷᠤᠭ᠎ᠠ ᠬ᠍ᠸ ᠵᠢᠩ ᠯᠢᠨ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠭᠠᠷᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ᠃