ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2025-11-12

       10 ᠳ᠋ᠤᠭᠠᠷ ᠰᠠᠷ᠎ᠠ᠎ᠶᠢᠨ 29᠎ᠦ ᠡᠳᠦᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠨᠠᠮ᠎ᠤᠨ ᠤᠳᠤᠷᠢᠳᠬᠤ ᠳᠤᠭᠤᠢᠯᠠᠩ᠎ᠤᠨ ᠥᠷᠭᠡᠳᠬᠡᠭᠰᠡᠨ ᠬᠤᠷᠠᠯ᠎ᠢ ᠡᠷᠭᠢᠯᠡᠨ ᠬᠤᠷᠠᠯᠳᠤᠭᠤᠯᠵᠤ ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠵᠤ ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ ᠃
       ᠬᠤᠷᠠᠯ᠎ᠠᠴᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠠᠩᠭᠢᠯᠠᠭ᠎ᠠ᠎ᠶᠢᠨ ᠦᠶ᠎ᠡ᠎ᠳᠦ ᠬᠤᠷᠠᠯᠳᠤᠭᠰᠠᠨ ᠴᠢᠬᠤᠯᠠ ᠬᠤᠷᠠᠯ ᠪᠣᠯᠣᠨ᠎ᠠ᠂ ᠡᠨᠡ ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ᠂ ᠠᠯᠤᠰ ᠬᠡᠳᠦ᠎ᠶᠢᠨ ᠨᠥᠯᠥᠭᠡ᠎ᠲᠠᠢ ᠶᠤᠮ᠃ ᠪᠥᠬᠥᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭᠰᠠᠨ 《 ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ 》 ᠪᠣᠯ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠳᠦ ᠵᠣᠷᠢᠭᠤᠯᠤᠨ ᠬᠢᠭᠰᠡᠨ ᠦᠵᠦ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶᠢᠨ ᠵᠢᠷᠤᠭ ᠲᠥᠯᠥᠪᠯᠡᠭᠡ ᠪᠣᠯᠣᠨ᠎ᠠ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠤᠬᠠᠮᠰᠠᠷ ᠪᠠ ᠠᠵᠢᠯᠯᠠᠭ᠎ᠠ᠎ᠶᠢᠨ ᠤᠬᠠᠮᠰᠠᠷ᠎ᠢᠶᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠬᠤ᠂ ᠰᠠᠢᠲᠤᠷ ᠤᠬᠠᠭᠤᠯᠬᠤ᠂ ᠰᠠᠢᠲᠤᠷ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠵᠤ᠂ ᠨᠠᠢᠳᠠᠪᠤᠷᠢᠵᠢᠭᠤᠯᠤᠯᠲᠠ᠎ᠶᠢ ᠲᠡᠷᠡ ᠶᠣᠰᠣᠭᠠᠷ ᠨᠢ ᠰᠠᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
       ᠬᠤᠷᠠᠯ᠎ᠠᠴᠠ ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠣᠯᠣᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠨᠢᠭᠡᠳᠬᠡᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠨᠢᠭᠡᠳᠬᠡᠵᠦ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠣᠯᠣᠨ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠲᠠᠢ ᠨᠢᠭᠡᠳᠬᠡᠨ ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠂ ᠤᠰᠤᠨ᠎ᠤ ᠠᠮᠤᠷ ᠲᠦᠪᠰᠢᠨ᠎ᠢ ᠪᠠᠲᠤᠯᠠᠬᠤ ᠬᠠᠷᠠᠯᠲᠠ᠎ᠶᠢ ᠲᠣᠭᠲᠠᠭᠠᠵᠤ ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠰᠢᠰᠲᠧᠮ᠎ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠣᠣᠷ᠎ᠤᠨ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠵᠦ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠤᠰᠤ ᠠᠷᠪᠢᠯᠠᠬᠤ ᠳᠦᠷᠢᠮ᠎ᠦᠨ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠪᠠᠢᠭᠤᠯᠤᠨ ᠪᠦᠷᠢᠨᠰᠢᠭᠦᠯᠵᠦ᠂ ᠪᠠᠢᠭᠤᠯᠤᠮᠵᠢ ᠲᠣᠭᠲᠠᠴᠠ᠎ᠶᠢᠨ ᠬᠠᠤᠯᠢᠵᠢᠯ᠎ᠤᠨ ᠬᠠᠮᠢᠶᠠᠷᠤᠯᠲᠠ᠎ᠶᠢ ᠴᠢᠩᠭᠠᠳᠬᠠᠵᠤ ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠴᠢᠳᠠᠪᠤᠷᠢ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢ ᠬᠠᠮᠠᠭᠠᠯᠠᠨ ᠵᠠᠰᠠᠬᠤ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠦᠶᠡᠷ᠎ᠢ ᠰᠡᠷᠭᠡᠢᠯᠡᠬᠦ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ᠂ ᠠᠮᠤ ᠪᠤᠳᠠᠭᠠᠨ᠎ᠤ ᠠᠮᠤᠷ ᠲᠦᠪᠰᠢᠨ᠂ ᠠᠮᠢ ᠠᠬᠤᠢ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠬᠤᠷᠠᠯ᠎ᠠᠴᠠ ᠂ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠲᠥᠷᠥᠯ ᠵᠦᠢᠯ᠎ᠦᠨ ᠲᠥᠯᠦᠪᠵᠢᠭᠦᠯᠭᠡ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠣᠣᠷ ᠬᠢᠭᠡᠳ ᠤᠯᠤᠰ᠎ᠤᠨ ᠭᠣᠣᠯᠯᠠᠭ᠍ᠴᠢ ᠲᠣᠣᠷ ᠂ ᠣᠷᠣᠨ ᠪᠦᠰᠡ᠎ᠶᠢᠨ ᠤᠰᠤᠨ᠎ᠤ ᠲᠣᠣᠷ᠎ᠤᠨ ᠬᠣᠯᠪᠣᠯᠳᠤᠨ ᠨᠡᠪᠲᠡᠷᠡᠯᠴᠡᠬᠦ᠎ᠶᠢ ᠴᠢᠩᠭᠠᠳᠬᠠᠵᠤ ᠂ ᠤᠰᠤᠨ᠎ᠤ ᠲᠣᠣᠷ᠎ᠤᠨ ᠨᠢᠷᠤᠭᠤᠪᠴᠢ ᠢᠨᠵᠧᠨᠧᠷᠢᠩ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠨᠠᠷᠢᠯᠢᠭ᠋ ᠬᠢᠵᠦ ᠂ ᠬᠠᠲᠤᠨ ᠭᠣᠣᠯ ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ ᠵᠡᠷᠭᠡ ᠤᠰᠤ ᠭᠥᠷᠳᠡᠬᠦ ᠣᠷᠣᠨ᠎ᠤ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠪᠣᠳᠠᠲᠠᠢᠵᠢᠭᠤᠯᠵᠤ ᠂ ᠴᠤᠤᠯ ᠭᠣᠣᠯ᠎ᠢ ᠲᠠᠲᠠᠵᠤ ᠯᠢᠶᠣᠤᠾᠧ ᠭᠣᠣᠯ᠎ᠳᠤ ᠲᠤᠰᠠᠯᠠᠬᠤ ᠂ ᠴᠤᠤᠯ ᠭᠣᠣᠯ᠎ᠢ ᠲᠠᠲᠠᠵᠤ ᠯᠢᠶᠣᠤᠾᠧ ᠭᠣᠣᠯ᠎ᠳᠤ ᠲᠤᠰᠠᠯᠠᠬᠤ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢ ᠲᠦᠷᠭᠡᠳᠬᠡᠨ ᠂ ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠡᠮᠬᠢ ᠵᠢᠷᠤᠮ᠎ᠲᠠᠢ ᠠᠬᠢᠭᠤᠯᠵᠤ ᠂ ᠳ᠋ᠦᠩ᠎ᠲᠠᠢ ᠽᠢ ᠤᠰᠤᠨ ᠴᠥᠭᠥᠷᠥᠮ᠎ᠦᠨ ᠬᠡᠪ᠎ᠦᠨ ᠤᠰᠤᠨ ᠬᠠᠳᠠᠭᠠᠯᠠᠭᠳᠠᠴᠠ᠎ᠶᠢ ᠲᠦᠷᠭᠡᠳᠬᠡᠨ ᠠᠬᠢᠭᠤᠯᠵᠤ ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠎ᠢ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠢᠭᠤᠯᠬᠤ ᠬᠡᠷᠡᠭᠲᠡᠢ ᠃ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠲᠦᠷᠦᠯ ᠵᠦᠢᠯ᠎ᠦᠨ ᠲᠥᠯᠦᠪᠵᠢᠭᠦᠯᠭᠡ᠎ᠶᠢ ᠰᠠᠢᠲᠤᠷ ᠠᠳᠬᠤᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠰᠢᠨᠵᠢᠯᠡᠬᠦ ᠤᠬᠠᠭᠠᠨᠴᠢ᠎ᠪᠠᠷ ᠰᠠᠢᠲᠤᠷ ᠬᠢᠵᠦ᠂ ᠣᠳᠣᠬᠠᠨ᠎ᠤ ᠰᠢᠨ᠎ᠡ ᠪᠠᠢᠳᠠᠯ᠂ ᠰᠢᠨ᠎ᠡ ᠱᠠᠭᠠᠷᠳᠠᠯᠭ᠎ᠠ᠎ᠶᠢ ᠭᠦᠨᠵᠡᠭᠡᠢ ᠵᠠᠳᠠᠯᠵᠤ᠂ ᠤᠰᠤᠨ ᠠᠰᠢᠭ᠍ᠯᠠᠯᠲᠠ᠎ᠶᠢᠨ ᠶᠠᠮᠤᠨ᠂ ᠰᠠᠪᠠ ᠭᠠᠵᠠᠷ᠎ᠤᠨ ᠪᠠᠢᠭᠤᠯᠤᠮᠵᠢ᠎ᠲᠠᠢ ᠢᠳᠡᠪᠬᠢᠲᠡᠢ ᠨᠡᠪᠲᠡᠷᠡᠯᠴᠡᠨ ᠵᠣᠯᠭᠠᠭᠤᠯᠵᠤ᠂ ᠨᠡᠩ ᠤᠯᠠᠨ ᠲᠦᠷᠦᠯ ᠵᠦᠢᠯ᠎ᠢ ᠤᠯᠤᠰ᠎ᠤᠨ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠳᠦ ᠣᠷᠣᠭᠤᠯᠬᠤ᠎ᠪᠠᠷ ᠴᠢᠷᠮᠠᠢᠬᠤ ᠬᠡᠷᠡᠭᠲᠡᠢ᠃ ᠣᠳᠣᠬᠠᠨ᠎ᠤ ᠠᠵᠢᠯ᠎ᠢᠶᠠᠨ ᠰᠠᠢᠲᠤᠷ ᠬᠢᠵᠦ ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢᠶᠡᠨ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠪᠥᠬᠥ ᠵᠢᠯ᠎ᠦᠨ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠥᠬᠥ ᠬᠦᠴᠦᠨ᠎ᠢᠶᠡᠷ᠎ᠢᠶᠡᠨ ᠴᠢᠨᠠᠷ ᠰᠠᠢᠲᠠᠢ ᠪᠡᠶᠡᠯᠡᠭᠦᠯᠵᠦ ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠲᠡᠭᠦᠰ ᠠᠮᠵᠢᠯᠲᠠ᠎ᠲᠠᠢ ᠲᠡᠭᠦᠰᠬᠦ᠎ᠶᠢ ᠪᠠᠲᠤᠯᠠᠵᠤ ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ᠎ᠳᠦ ᠰᠠᠭᠤᠷᠢ᠎ᠶᠢ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ᠃
       ᠳᠠᠷᠠᠭ᠎ᠠ ᠳ᠋ᠤᠨᠢ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ ( ᠥᠷᠭᠡᠳᠬᠡᠭᠰᠡᠨ )᠎ᠤᠨ ᠠᠷᠪᠠᠨ ᠭᠤᠷᠪᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ᠎ᠶᠢᠨ ᠬᠤᠷᠠᠯ᠎ᠢ ᠬᠤᠷᠠᠯᠳᠤᠭᠤᠯᠵᠤ᠂ 《 ᠰᠢ᠎ᠵᠢᠨ᠎ᠫᠢᠩ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠲᠤᠬᠠᠢ ᠶᠠᠷᠢᠭ᠍ᠰᠠᠨ ᠨᠢ 》 ᠭᠡᠬᠦ ᠨᠣᠮ᠎ᠤᠨ ᠲᠠᠪᠤᠳᠤᠭᠠᠷ ᠪᠣᠳᠢ᠂  《 ᠰᠢ᠎ᠵᠢᠨ᠎ᠫᠢᠩ᠎ᠤᠨ ᠵᠣᠬᠢᠶᠠᠯ ᠪᠦᠲᠦᠭᠡᠯ᠎ᠦᠨ ᠰᠣᠩᠭᠣᠮᠠᠯ 》᠎ᠤᠨ ᠬᠡᠰᠡᠭ ᠠᠭᠤᠯᠭ᠎ᠠ ᠵᠢᠴᠢ 《 ᠨᠠᠮ᠎ᠤᠨ ᠬᠣᠷᠢᠶ᠎ᠠ ( ᠨᠠᠮ᠎ᠤᠨ ᠤᠳᠤᠷᠢᠳᠬᠤ ᠳᠤᠭᠤᠢᠯᠠᠩ ) ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠬᠤ ᠲᠣᠭᠲᠠᠭᠠᠯ 》᠎ᠢ ᠤᠯᠠᠮᠵᠢᠯᠠᠨ ᠰᠤᠷᠤᠯᠴᠠᠭᠰᠠᠨ ᠪᠥᠭᠡᠳ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠠᠢᠷᠢᠯᠠᠭᠤᠯᠤᠨ ᠲᠣᠬᠢᠷᠠᠭᠤᠯᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            