10 ᠳ᠋ᠤᠭᠠᠷ ᠰᠠᠷ᠎ᠠ᠎ᠶᠢᠨ 30᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠶᠠᠮᠤᠨ᠎ᠤ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠥᠳᠡᠭᠡ ᠲᠣᠰᠬᠣᠨ᠎ᠤ ᠭᠣᠣᠯ ᠨᠠᠭᠤᠷ ᠴᠥᠭᠥᠷᠥᠮ᠎ᠦᠨ ᠰᠢᠰᠲᠧᠮ᠎ᠦᠨ ᠵᠠᠰᠠᠯᠲᠠ ᠪᠠ ᠠᠮᠢ ᠠᠬᠤᠢ᠎ᠶᠢᠨ ᠬᠠᠮᠠᠭᠠᠯᠠᠯᠲᠠ᠎ᠶᠢᠨ ᠠᠵᠢᠯ᠎ᠢ ᠥᠷᠨᠢᠭᠦᠯᠬᠦ ᠲᠤᠬᠠᠢ ᠰᠤᠳᠤᠯᠤᠨ ᠶᠠᠷᠢᠯᠴᠠᠪᠠ᠃
ᠬᠤᠷᠠᠯ᠎ᠠᠴᠠ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠤᠰᠤ᠎ᠶᠢ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠬᠠᠮᠢᠶ᠎ᠠ ᠪᠦᠬᠦᠢ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢᠯᠠᠭᠠᠭᠳᠠᠬᠤᠨ᠎ᠢ ᠪᠠᠲᠤ ᠪᠡᠬᠢ ᠪᠤᠶ ᠪᠣᠯᠭᠠᠨ ᠦᠢᠯᠡᠳᠦᠯᠭᠡᠵᠢᠭᠦᠯᠵᠦ ᠂ ᠠᠯᠤᠰ ᠬᠡᠳᠦ᠎ᠳᠦ ᠰᠠᠭᠤᠷᠢᠯᠠᠨ ᠬᠥᠳᠡᠭᠡ ᠲᠣᠰᠬᠣᠨ᠎ᠤ ᠭᠣᠣᠯ ᠮᠥᠷᠡᠨ ᠨᠠᠭᠤᠷ ᠴᠥᠭᠥᠷᠥᠮ᠎ᠦᠨ ᠰᠢᠰᠲᠧᠮ᠎ᠦᠨ ᠵᠠᠰᠠᠯᠲᠠ ᠪᠠ ᠠᠮᠢ ᠠᠬᠤᠢ᠎ᠶᠢᠨ ᠬᠠᠮᠠᠭᠠᠯᠠᠯᠲᠠ᠎ᠶᠢ ᠰᠦᠪᠡᠭᠴᠢᠯᠡᠨ ᠠᠬᠢᠭᠤᠯᠵᠤ ᠂ ᠵᠠᠰᠠᠵᠤ ᠬᠠᠮᠠᠭᠠᠯᠠᠬᠤ ᠬᠠᠷᠠᠯᠲᠠ᠂ ᠡᠭᠦᠷᠭᠡ᠂ ᠪᠠᠷᠢᠮᠵᠢᠶ᠎ᠠ᠂ ᠠᠷᠭ᠎ᠠ ᠵᠠᠮ᠎ᠢ ᠣᠨᠣᠪᠴᠢᠲᠠᠢ ᠡᠵᠡᠮᠳᠡᠵᠦ᠂ ᠭᠣᠣᠯ ᠨᠠᠭᠤᠷ᠎ᠤᠨ ᠳᠠᠷᠤᠭ᠎ᠠ᠎ᠶᠢᠨ ᠳᠦᠷᠢᠮ᠎ᠦᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠠᠮᠤᠷ ᠲᠦᠪᠰᠢᠨ ᠭᠣᠣᠯ ᠨᠠᠭᠤᠷ᠂ ᠠᠮᠢ ᠨᠠᠰᠤᠨ᠎ᠤ ᠭᠣᠣᠯ ᠨᠠᠭᠤᠷ᠂ ᠵᠣᠯ ᠵᠢᠷᠭᠠᠯᠲᠤ ᠭᠣᠣᠯ ᠨᠠᠭᠤᠷ᠎ᠢ ᠴᠢᠷᠮᠠᠢᠨ ᠪᠦᠲᠦᠭᠡᠨ ᠪᠠᠢᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠢᠯᠡᠰ ᠪᠣᠰᠬᠠᠬᠤ ᠪᠠ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ᠎ᠢᠶᠠᠷ ᠠᠬᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠤᠯᠠᠮ ᠴᠢᠨᠠᠭᠰᠢᠳᠠ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃