ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠲᠥᠪᠡᠳ᠎ᠦᠨ ᠯᠠ ᠯᠥᠸᠧ ᠤᠰᠤᠨ ᠠᠰᠢᠭ᠍ᠯᠠᠯᠲᠠ᠎ᠶᠢᠨ ᠬᠦᠢᠰᠦ ᠵᠢᠴᠢ ᠢᠵᠢ ᠪᠦᠷᠢᠳᠦᠭᠦᠯᠬᠦ ᠤᠰᠤᠯᠠᠯᠲᠠ᠎ᠶᠢᠨ ᠣᠷᠣᠨ᠎ᠤ ᠢᠨᠵᠧᠨᠧᠷᠢᠩ ᠪᠠᠷᠢᠯᠭ᠎ᠠ ᠳᠠᠭᠤᠰᠴᠤ ᠰᠢᠯᠭᠠᠨ ᠠᠪᠬᠤ᠎ᠳᠤ ᠬᠢᠷᠢ ᠲᠡᠩᠴᠡᠪᠡ
ᠨᠡᠶ᠋ᠢᠲᠡᠯᠡᠭᠰᠡᠨ ᠴᠠᠭ᠄ 2025-11-12

2025 ᠣᠨ᠎ᠤ 10 ᠳ᠋ᠤᠭᠠᠷ ᠰᠠᠷ᠎ᠠ᠎ᠶᠢᠨ 31᠎ᠦ ᠡᠳᠦᠷ ᠂ ᠲᠥᠪᠡᠳ᠎ᠦᠨ ᠯᠠ ᠯᠥᠸᠧ ᠤᠰᠤᠨ ᠠᠰᠢᠭ᠍ᠯᠠᠯᠲᠠ᠎ᠶᠢᠨ ᠬᠦᠢᠰᠦ ᠵᠢᠴᠢ ᠢᠵᠢ ᠪᠦᠷᠢᠳᠦᠭᠦᠯᠬᠦ ᠤᠰᠤᠯᠠᠯᠲᠠ᠎ᠶᠢᠨ ᠣᠷᠣᠨ᠎ᠤ ᠢᠨᠵᠧᠨᠧᠷᠢᠩ ᠨᠢ ᠤᠰᠤᠨ ᠠᠰᠢᠭ᠍ᠯᠠᠯᠲᠠ᠎ᠶᠢᠨ ᠶᠠᠮᠤᠨ᠎ᠤ ᠡᠷᠭᠢᠯᠡᠭᠰᠡᠨ ᠪᠠᠷᠢᠯᠭ᠎ᠠ ᠳᠠᠭᠤᠰᠤᠭᠰᠠᠨ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠪᠡ᠃

ᠯᠠ ᠯᠥᠸᠧ ᠤᠰᠤᠨ ᠠᠰᠢᠭ᠍ᠯᠠᠯᠲᠠ᠎ᠶᠢᠨ ᠬᠦᠢᠰᠦ ᠵᠢᠴᠢ ᠢᠵᠢ ᠪᠦᠷᠢᠳᠦᠭᠦᠯᠬᠦ ᠤᠰᠤᠯᠠᠯᠲᠠ᠎ᠶᠢᠨ ᠣᠷᠣᠨ᠎ᠤ ᠢᠨᠵᠧᠨᠧᠷᠢᠩ ᠪᠣᠯ ᠲᠥᠷᠥ᠎ᠶᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭᠠᠭᠰᠠᠨ 172 ᠵᠦᠢᠯ᠎ᠦᠨ ᠤᠰᠤ ᠠᠷᠪᠢᠯᠠᠵᠤ ᠤᠰᠤ ᠬᠠᠩᠭᠠᠬᠤ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠨᠢᠭᠡ ᠪᠣᠯᠣᠨ᠎ᠠ᠂ ᠭᠣᠣᠯ ᠴᠣᠭᠴᠠᠲᠤ ᠢᠨᠵᠧᠨᠧᠷᠢᠩ᠎ᠢ 2015 ᠣᠨ᠎ᠤ 5 ᠳ᠋ᠤᠭᠠᠷ ᠰᠠᠷ᠎ᠠ᠎ᠳᠤ ᠡᠬᠢᠯᠡᠨ ᠪᠠᠢᠭᠤᠯᠵᠤ ᠂ 2019 ᠣᠨ᠎ᠤ 9 ᠳ᠋ᠦ᠍ᠭᠡᠷ ᠰᠠᠷ᠎ᠠ᠎ᠳᠤ ᠬᠠᠭᠠᠯᠲᠠ᠎ᠶᠢ ᠪᠠᠭᠤᠯᠭᠠᠵᠤ ᠤᠰᠤ ᠬᠠᠳᠠᠭᠠᠯᠠᠵᠤ᠂ 2020 ᠣᠨ᠎ᠤ 12 ᠳ᠋ᠤᠭᠠᠷ ᠰᠠᠷ᠎ᠠ᠎ᠳᠤ ᠪᠠᠷᠢᠵᠤ ᠳᠠᠭᠤᠰᠬᠠᠵᠠᠢ᠃ ᠢᠨᠵᠧᠨᠧᠷᠢᠩ᠎ᠦᠨ ᠠᠩᠬᠠᠨ᠎ᠤ ᠬᠤᠭᠤᠴᠠᠭ᠎ᠠ᠎ᠶᠢᠨ ᠠᠵᠢᠯᠯᠠᠭᠠᠨ᠎ᠢ ᠡᠬᠢᠯᠡᠭᠦᠯᠦᠭᠰᠡᠨ᠎ᠡᠴᠡ ᠨᠠᠭᠠᠰᠢ ᠂ ᠤᠰᠤᠯᠠᠯᠲᠠ᠎ᠶᠢᠨ ᠣᠷᠣᠨ᠎ᠤ 45.39 ᠲᠦᠮᠡᠨ ᠮᠦ᠍ ᠭᠠᠵᠠᠷ ᠰᠢᠷᠣᠢ᠎ᠳᠤ ᠤᠰᠤᠨ᠎ᠤ ᠡᠬᠢ ᠰᠤᠷᠪᠤᠯᠵᠢ᠎ᠶᠢᠨ ᠪᠠᠲᠤᠯᠠᠭ᠎ᠠ ᠬᠠᠩᠭᠠᠵᠤ ᠂ ᠰᠢᠭᠠᠽᠧ ᠣᠷᠣᠨ᠎ᠤ ᠤᠰᠤᠨ᠎ᠤ ᠡᠬᠢ ᠪᠠᠶᠠᠯᠢᠭ᠋ ᠳᠤᠲᠠᠭᠳᠠᠵᠤ ᠪᠠᠢᠭ᠎ᠠ ᠠᠰᠠᠭᠤᠳᠠᠯ᠎ᠢ ᠰᠢᠢᠳᠪᠦᠷᠢᠯᠡᠵᠦ᠂ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠰᠠᠢᠵᠢᠷᠠᠭᠤᠯᠵᠤ᠂ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠤᠰᠤᠨ ᠠᠰᠢᠭ᠍ᠯᠠᠯᠲᠠ᠎ᠶᠢᠨ ᠲᠤᠯᠭᠠᠭᠤᠷᠢᠯᠠᠯ ᠬᠠᠩᠭᠠᠬᠤ᠎ᠶᠢᠨ ᠬᠠᠮᠲᠤ ᠽᠠᠩ ᠵᠦᠩ ᠴᠠᠬᠢᠯᠭᠠᠨ ᠲᠣᠣᠷ᠎ᠲᠤ ᠴᠠᠬᠢᠯᠭᠠᠨ ᠬᠦᠴᠦᠨ᠎ᠦ ᠳᠡᠮᠵᠢᠯᠭᠡ ᠬᠠᠩᠭᠠᠬᠤ᠎ᠶᠢᠨ ᠬᠠᠮᠲᠤ ᠳᠣᠣᠷᠠᠳᠤ ᠤᠷᠤᠰᠬᠠᠯ᠎ᠤᠨ ᠴᠢᠬᠤᠯᠠ ᠰᠢᠶᠠᠩ ᠪᠠᠯᠭᠠᠰᠤᠨ᠎ᠤ ᠦᠶᠡᠷ᠎ᠢ ᠰᠡᠷᠭᠡᠢᠯᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠬᠥᠷᠥᠰᠥ ᠰᠢᠷᠣᠢ᠎ᠶᠢᠨ ᠢᠳᠡᠭᠳᠡᠯ᠎ᠢ ᠪᠠᠭᠠᠰᠬᠠᠵᠤ᠂ ᠤᠰᠤᠯᠠᠯᠲᠠ᠂ ᠤᠰᠤ ᠬᠠᠩᠭᠠᠬᠤ᠂ ᠴᠠᠬᠢᠯᠭᠠᠨ ᠭᠠᠷᠭᠠᠬᠤ᠂ ᠦᠶᠡᠷ᠎ᠢ ᠰᠡᠷᠭᠡᠢᠯᠡᠬᠦ ᠪᠠ ᠠᠮᠢ ᠠᠬᠤᠢ᠎ᠶᠢᠨ ᠦᠷ᠎ᠡ ᠠᠰᠢᠭ᠋᠎ᠢ ᠢᠯᠡᠳᠲᠡ ᠪᠠᠳᠠᠷᠠᠭᠤᠯᠪᠠ᠃

ᠲᠥᠪᠡᠳ᠎ᠦᠨ ᠯᠠ ᠯᠥᠸᠧ ᠤᠰᠤᠨ ᠠᠰᠢᠭ᠍ᠯᠠᠯᠲᠠ᠎ᠶᠢᠨ ᠬᠦᠢᠰᠦ ᠵᠢᠴᠢ ᠢᠵᠢ ᠪᠦᠷᠢᠳᠦᠭᠦᠯᠦᠭᠰᠡᠨ ᠤᠰᠤᠯᠠᠯᠲᠠ᠎ᠶᠢᠨ ᠣᠷᠣᠨ᠎ᠤ ᠢᠨᠵᠧᠨᠧᠷᠢᠩ ᠨᠢ ᠪᠠᠷᠢᠯᠭ᠎ᠠ ᠳᠠᠭᠤᠰᠴᠤ ᠰᠢᠯᠭᠠᠨ ᠠᠪᠬᠤ᠎ᠳᠤ ᠬᠢᠷᠢ ᠲᠡᠩᠴᠡᠭᠰᠡᠨ ᠨᠢ ᠢᠨᠵᠧᠨᠧᠷᠢᠩ᠎ᠦᠨ ᠦᠷ᠎ᠡ ᠠᠰᠢᠭ᠋᠎ᠢ ᠪᠦᠬᠦ ᠲᠠᠯ᠎ᠠ᠎ᠪᠠᠷ ᠪᠠᠳᠠᠷᠠᠭᠤᠯᠬᠤ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

ᠲᠠᠷᠠᠭᠠᠴᠢ᠎ᠶᠢᠨ ᠠᠯᠬᠤᠮ᠎ᠳᠤ᠂ ᠣᠳᠣᠬᠢᠴᠢᠯᠠᠭᠰᠠᠨ ᠤᠰᠤᠨ ᠴᠥᠭᠥᠷᠥᠮ᠎ᠦᠨ ᠠᠵᠢᠯᠯᠠᠭᠠᠨ᠎ᠤ ᠬᠠᠮᠢᠶᠠᠷᠤᠯᠲᠠ᠎ᠶᠢᠨ ᠵᠢᠭ᠍ᠰᠠᠭᠠᠯ᠎ᠤᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠤᠰᠤᠨ ᠴᠥᠭᠥᠷᠥᠮ᠎ᠦᠨ ᠠᠵᠢᠯᠯᠠᠭᠠᠨ᠎ᠤ ᠲᠣᠬᠢᠷᠠᠭᠤᠯᠤᠯᠲᠠ᠎ᠶᠢᠨ ᠨᠠᠷᠢᠯᠢᠭ᠋ ᠣᠨᠣᠴᠠᠲᠠᠢ᠂ ᠮᠡᠳᠡᠭᠡ ᠵᠠᠩᠭᠢᠴᠢᠯᠠᠯᠲᠠ᠂ ᠣᠳᠣᠬᠢᠴᠢᠯᠠᠯᠲᠠ᠎ᠶᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ ; ᠲᠣᠭᠠᠴᠢᠯᠠᠭᠰᠠᠨ ᠢᠬᠢᠷ᠎ᠡ ᠰᠢᠰᠲᠧᠮᠵᠢ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠪᠠ ᠪᠠᠴᠢᠮ ᠪᠠᠢᠳᠠᠯ᠎ᠢ ᠠᠷᠭᠠᠴᠠᠬᠤ᠎ᠶᠢᠨ ᠳᠠᠭᠠᠬᠤ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠦᠨ᠎ᠡ ; ᠤᠰᠤᠨ ᠴᠥᠭᠥᠷᠥᠮ᠎ᠦᠨ ᠪᠠᠭᠲᠠᠭᠠᠮᠵᠢ᠎ᠶᠢᠨ ᠬᠠᠮᠢᠶᠠᠷᠤᠯᠲᠠ ᠪᠠ ᠲᠣᠬᠢᠷᠠᠭᠤᠯᠤᠨ ᠬᠡᠷᠡᠭᠯᠡᠬᠦ ᠬᠢᠨᠠᠯᠲᠠ ᠬᠠᠮᠢᠶᠠᠷᠤᠯᠲᠠ᠎ᠶᠢ ᠴᠢᠩᠳᠠᠯᠠᠵᠤ᠂ ᠤᠰᠤᠨ ᠠᠰᠢᠭ᠍ᠯᠠᠯᠲᠠ᠎ᠶᠢᠨ ᠠᠶᠤᠯᠭᠦᠢ ᠦᠢᠯᠡᠳᠪᠦᠷᠢᠯᠡᠯ᠎ᠦᠨ ᠲᠦᠭᠰᠢᠭᠦᠷᠢ᠎ᠶᠢ ᠡᠷᠢᠬᠦ᠂ ᠰᠤᠳᠤᠯᠤᠨ ᠮᠠᠭᠠᠳᠯᠠᠬᠤ ᠂ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠢᠯᠡᠬᠦ᠂ ᠰᠢᠢᠳᠪᠦᠷᠢᠯᠡᠬᠦ ᠂ ᠬᠠᠷᠢᠭᠤᠴᠠᠯᠭ᠎ᠠ ᠡᠭᠦᠷᠭᠡᠯᠡᠬᠦ 《 ᠵᠢᠷᠭᠤᠭᠠᠨ ᠵᠦᠢᠯ᠎ᠦᠨ ᠲᠣᠭᠲᠠᠴᠠ》᠎ᠶᠢ ᠪᠥᠬᠥ ᠲᠠᠯ᠎ᠠ᠎ᠪᠠᠷ ᠠᠬᠢᠭᠤᠯᠵᠤ ᠂ ᠢᠨᠵᠧᠨᠧᠷᠢᠩ᠎ᠦᠨ ᠠᠵᠢᠯᠯᠠᠭᠠᠨ᠎ᠤ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠢᠨᠵᠧᠨᠧᠷᠢᠩ᠎ᠦᠨ ᠶᠡᠷᠦᠩᠬᠡᠢᠯᠡᠭᠰᠡᠨ ᠦᠷ᠎ᠡ ᠠᠰᠢᠭ᠋᠎ᠢ ᠭᠦᠢᠴᠡᠳ ᠪᠥᠭᠡᠳ ᠤᠳᠠᠭᠠᠨ ᠳᠠᠭᠠᠭᠠᠮᠠᠭᠠᠢ᠎ᠪᠠᠷ ᠪᠠᠳᠠᠷᠠᠭᠤᠯᠬᠤ᠎ᠶᠢ ᠦᠨᠡᠨ ᠬᠦ᠌ ᠪᠠᠲᠤᠯᠠᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            