ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠹᠦᠵᠢᠶᠠᠨ᠎ᠳᠤ ᠤᠬᠠᠭᠤᠯᠤᠨ ᠲᠠᠢᠯᠪᠤᠷᠢᠯᠠᠪᠠ
ᠨᠡᠶ᠋ᠢᠲᠡᠯᠡᠭᠰᠡᠨ ᠴᠠᠭ᠄ 2025-11-14

      ᠰᠢᠨᠬᠤᠸᠠ ᠬᠣᠷᠢᠶᠠᠨ᠎ᠤ ᠹᠦᠵᠧᠦ᠎ᠶᠢᠨ 11 ᠳ᠋ᠦ᠍ᠭᠡᠷ ᠰᠠᠷ᠎ᠠ᠎ᠶᠢᠨ 3᠎ᠤ ᠡᠳᠦᠷ᠎ᠦᠨ ᠮᠡᠳᠡᠭᠡ ( ᠰᠤᠷᠪᠤᠯᠵᠢᠯᠠᠭ᠍ᠴᠢ ᠦ᠋ ᠵᠢᠶᠠᠨ ᠹᠧᠩ ) ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠮᠡᠳᠡᠭᠦᠯᠦᠯᠲᠡ᠎ᠶᠢᠨ ᠬᠤᠷᠠᠯ 11 ᠳ᠋ᠦ᠍ᠭᠡᠷ ᠰᠠᠷ᠎ᠠ᠎ᠶᠢᠨ 3᠎ᠤ ᠡᠳᠦᠷ ᠹᠦᠵᠢᠶᠠᠨ ᠮᠤᠵᠢ᠎ᠶᠢᠨ ᠹᠦᠵᠧᠦ ᠬᠣᠲᠠ᠎ᠳᠤ ᠬᠤᠷᠠᠯᠳᠤᠪᠠ᠃ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠬᠡᠯᠲᠡᠰ᠎ᠦᠨ ᠳᠠᠷᠤᠭ᠎ᠠ ᠯᠢ ᠭᠦᠸᠧ ᠶᠢᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
      ᠮᠡᠳᠡᠭᠦᠯᠦᠯᠲᠡ᠎ᠶᠢᠨ ᠬᠤᠷᠠᠯ ᠳᠡᠭᠡᠷ᠎ᠡ᠂ ᠯᠢ ᠭᠦᠸᠧ ᠶᠢᠩ ᠶᠡᠷᠦᠩᠬᠡᠢ ᠱᠦᠵᠢ ᠰᠢ᠎ᠶᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠪᠦᠭᠦᠳᠡ ᠬᠤᠷᠠᠯ᠎ᠤᠨ 《 ᠰᠠᠨᠠᠭᠤᠯᠭ᠎ᠠ 》᠎ᠶᠢᠨ ᠲᠣᠭᠣᠷᠢᠨ᠎ᠳᠤ᠂ ᠪᠥᠬᠥᠳᠡ ᠬᠤᠷᠠᠯ᠎ᠤᠨ ᠦᠨᠳᠦᠰᠦᠨ ᠪᠠᠢᠳᠠᠯ ᠪᠠ 《 ᠰᠠᠨᠠᠭᠤᠯᠭ᠎ᠠ 》᠎ᠶᠢ ᠨᠣᠣᠷᠠᠭᠯᠠᠭᠰᠠᠨ ᠶᠠᠪᠤᠴᠠ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠴᠠ᠎ᠳᠠᠬᠢ ᠴᠢᠬᠤᠯᠠ ᠪᠠᠢᠷᠢ ᠰᠠᠭᠤᠷᠢ᠎ᠶᠢ ᠣᠨᠣᠪᠴᠢᠲᠠᠶ ᠡᠵᠡᠮᠰᠢᠬᠦ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ ᠪᠠ ᠭᠣᠣᠯ ᠬᠠᠷᠠᠯᠲᠠ᠎ᠶᠢ ᠭᠦᠨᠵᠡᠭᠡᠢ ᠣᠢᠯᠠᠭᠠᠬᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢᠴᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠤᠬᠠᠭᠤᠯᠤᠨ ᠲᠠᠢᠯᠪᠤᠷᠢᠯᠠᠪᠠ᠃
      ᠯᠢ ᠭᠦᠸᠧ ᠶᠢᠩ ᠤᠬᠠᠭᠤᠯᠤᠨ ᠲᠠᠢᠯᠪᠤᠷᠢᠯᠠᠬᠤ᠎ᠳᠠᠭᠠᠨ᠂ 《 ᠬᠣᠶᠠᠷ᠎ᠢ ᠲᠣᠭᠲᠠᠭᠠᠬᠤ 》᠎ᠶᠢᠨ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《 ᠬᠣᠶᠠᠷ᠎ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠵᠦ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠨᠡᠢᠭᠡᠮ ᠵᠢᠷᠤᠮ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠣᠢᠯᠠᠭᠠᠬᠤ ᠯᠤᠭ᠎ᠠ ᠬᠣᠯᠪᠣᠨ ᠨᠠᠪᠲᠠᠷᠡᠭᠦᠯᠵᠦ᠂ ᠨᠡᠩ ᠤᠬᠠᠮᠰᠠᠷ᠎ᠠᠴᠠ᠎ᠪᠠᠨ ᠰᠢᠨᠵᠢᠯᠡᠬᠦ ᠤᠬᠠᠭᠠᠨᠴᠢ ᠤᠨᠤᠯ᠎ᠢᠶᠠᠷ ᠦᠢᠯᠡᠳᠦᠯᠭᠡ᠎ᠪᠡᠨ ᠵᠢᠯᠣᠭᠣᠳᠤᠭᠤᠯᠵᠤ᠂ ᠠᠵᠢᠯ᠎ᠢᠶᠠᠨ ᠠᠬᠢᠭᠤᠯᠵᠤ᠂ ᠨᠠᠷᠢᠨ ᠬᠢᠨᠠᠮᠠᠭᠠᠢ ᠪᠠᠷᠢᠮᠵᠢᠶ᠎ᠠ᠎ᠲᠠᠢ ᠬᠠᠷᠭᠤᠭᠤᠯᠵᠤ᠂ ᠡᠯ᠎ᠡ ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠶᠡᠬᠡ᠎ᠪᠡᠷ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠶᠢᠨ ᠲᠥᠯᠥᠭᠡ ᠬᠠᠮᠲᠤ᠎ᠪᠠᠷ ᠲᠡᠮᠡᠴᠡᠬᠦ ᠬᠡᠷᠡᠭᠲᠡᠢ ᠭᠡᠵᠦ ᠢᠯᠡᠷᠬᠡᠢᠯᠡᠪᠡ᠃
      3᠎ᠤ ᠡᠳᠦᠷ᠎ᠦᠨ ᠦᠳᠡ᠎ᠶᠢᠨ ᠬᠣᠢᠨ᠎ᠠ᠂ ᠯᠢ ᠭᠦᠸᠧ ᠶᠢᠩ ᠹᠦᠵᠧᠦ ᠬᠣᠲᠠ᠎ᠶᠢᠨ ᠮᠢᠨᠵᠢᠶᠠᠩ ᠮᠥᠷᠡᠨ᠎ᠦ ᠭᠣᠣᠯ ᠤᠷᠤᠰᠬᠠᠯ᠎ᠤᠨ ᠦᠶᠡᠷ᠎ᠢ ᠰᠡᠷᠭᠡᠢᠯᠡᠨ ᠳᠡᠭᠡᠭᠰᠢᠯᠡᠭᠦᠯᠬᠦ ᠢᠨᠵᠧᠨᠧᠷᠢᠩ᠎ᠦᠨ ᠪᠠᠷᠢᠯᠭ᠎ᠠ᠎ᠶᠢᠨ ᠠᠵᠢᠯ᠎ᠤᠨ ᠲᠤᠬᠠᠢ᠎ᠶᠢᠨ ᠲᠠᠯᠠᠪᠠᠶ᠎ᠳᠤ ᠬᠦᠷᠴᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢᠨ ᠲᠣᠭᠣᠷᠢᠨ᠎ᠳᠤ᠂ ᠢᠨᠵᠧᠨᠧᠷᠢᠩ᠎ᠦᠨ ᠪᠦᠲᠦᠭᠡᠨ ᠪᠠᠢᠭᠤᠯᠤᠭ᠍ᠴᠢᠳ᠎ᠲᠠᠢ ᠰᠠᠨᠠᠯ᠎ᠢᠶᠠᠨ ᠰᠣᠯᠢᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            