ᠴᠢᠩᠭ᠎ᠠ ᠬᠦᠢᠲᠡᠨ ᠠᠭᠠᠷ᠎ᠤᠨ ᠨᠥᠯᠥᠭᠡ᠎ᠪᠡᠷ᠂ 11 ᠰᠠᠷ᠎ᠠ᠎ᠶᠢᠨ 16᠎ᠤ ᠡᠳᠦᠷ᠎ᠡᠴᠡ 18᠎ᠤ ᠡᠳᠦᠷ ᠪᠣᠯᠲᠠᠯ᠎ᠠ ᠬᠠᠲᠤᠨ ᠭᠣᠣᠯ᠎ᠤᠨ ᠥᠪᠥᠷ ᠮᠣᠩᠭᠣᠯ᠎ᠤᠨ ᠭᠠᠵᠠᠷ ᠣᠷᠣᠨ᠎ᠤ ᠠᠭᠠᠷ᠎ᠤᠨ ᠳᠤᠯᠠᠭᠠᠨ ᠢᠯᠡᠳᠲᠡ ᠪᠠᠭᠤᠷᠠᠪᠠ᠃ ᠡᠭᠦᠨ᠎ᠦ ᠨᠥᠯᠥᠭᠡ᠎ᠪᠡᠷ᠂ 11 ᠰᠠᠷ᠎ᠠ᠎ᠶᠢᠨ 19᠎ᠦ ᠡᠳᠦᠷ᠎ᠦᠨ 8 ᠴᠠᠭ᠎ᠲᠤ᠂ ᠬᠠᠲᠤᠨ ᠭᠣᠣᠯ᠎ᠤᠨ ᠥᠪᠥᠷ ᠮᠣᠩᠭᠣᠯ᠎ᠤᠨ ᠪᠤᠭᠤᠲᠤ᠎ᠶᠢᠨ ᠭᠣᠣᠯ᠎ᠤᠨ ᠬᠡᠰᠡᠭ᠎ᠲᠦ ᠰᠥᠩ ᠬᠠᠯᠢᠶ᠎ᠠ ᠢᠯᠡᠷᠡᠵᠦ᠂ ᠰᠦᠩ ᠬᠠᠯᠢᠶ᠎ᠠ᠎ᠶᠢᠨ ᠨᠢᠭ᠍ᠲᠠᠴᠠ ᠨᠢ 10% ᠣᠷᠴᠢᠮ ᠪᠠᠢᠵᠤ᠂ ᠰᠥᠩ ᠬᠠᠯᠢᠶ᠎ᠠ᠎ᠶᠢᠨ ᠬᠤᠭᠤᠴᠠᠭ᠎ᠠ ᠡᠩ᠎ᠦᠨ ᠵᠢᠯ᠎ᠦᠨ ᠬᠢ᠎ᠡᠴᠡ 1 ᠡᠳᠦᠷ ᠤᠷᠢᠳᠴᠢᠯᠠᠵᠠᠢ᠃ ᠬᠠᠲᠤᠨ ᠭᠣᠣᠯ ᠲᠣᠰ ᠡᠳᠦᠷ᠎ᠡᠴᠡ ᠡᠬᠢᠯᠡᠨ 2025 ︱ 2026 ᠣᠨ᠎ᠤ ᠰᠦᠩ ᠬᠠᠯᠢᠶ᠎ᠠ᠎ᠶᠢᠨ ᠬᠤᠭᠤᠴᠠᠭᠠᠨ᠎ᠳᠤ ᠣᠷᠣᠪᠠ᠃
ᠤᠰᠤᠨ ᠠᠰᠢᠭ᠍ᠯᠠᠯᠲᠠ᠎ᠶᠢᠨ ᠶᠠᠮᠤᠨ ᠬᠠᠲᠤᠨ ᠭᠣᠣᠯ᠎ᠤᠨ ᠰᠥᠩ ᠬᠠᠯᠢᠶ᠎ᠠ᠎ᠶᠢ ᠰᠡᠷᠭᠡᠢᠯᠡᠬᠦ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠯᠤᠰ᠎ᠤᠨ ᠦᠶᠡᠷ᠎ᠢ ᠰᠡᠷᠭᠡᠢᠯᠡᠬᠦ ᠶᠡᠷᠦᠩᠬᠡᠢ ᠬᠡᠯᠲᠡᠰ᠎ᠦᠨ ᠳᠡᠳ᠋ ᠶᠡᠷᠦᠩᠬᠡᠢ ᠵᠢᠯᠣᠭᠣᠳᠤᠭ᠍ᠴᠢ᠂ ᠤᠰᠤᠨ ᠠᠰᠢᠭ᠍ᠯᠠᠯᠲᠠ᠎ᠶᠢᠨ ᠶᠠᠮᠤᠨ᠎ᠤ ᠰᠠᠢᠳ ᠯᠢ ᠭᠦᠸᠧ ᠶᠢᠩ ᠣᠯᠠᠨ ᠤᠳᠠᠭ᠎ᠠ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠦ᠂ 《 ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠬᠠᠲᠤᠨ ᠭᠣᠣᠯ᠎ᠤᠨ ᠭᠣᠣᠯ ᠰᠠᠯᠪᠤᠷᠢ ᠤᠷᠤᠰᠬᠠᠯ᠎ᠤᠨ ᠬᠠᠰᠢᠯᠭ᠎ᠠ ᠰᠡᠲᠡᠯᠬᠦ ᠦᠭᠡᠢ ᠪᠠᠢᠬᠤ᠎ᠶᠢ ᠦᠨᠡᠨ ᠬᠦ᠌ ᠪᠠᠲᠤᠯᠠᠬᠤ 》 ᠰᠥᠩ ᠬᠠᠯᠢᠶ᠎ᠠ᠎ᠶᠢ ᠰᠡᠷᠭᠡᠢᠯᠡᠬᠦ ᠠᠵᠢᠯ᠎ᠤᠨ ᠬᠠᠷᠠᠯᠲᠠ᠎ᠶᠢ ᠲᠣᠭᠲᠠᠭᠠᠵᠤ᠂ ᠡᠯ᠎ᠡ ᠵᠦᠢᠯ᠎ᠦᠨ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠨ᠂ ᠵᠢᠯ᠎ᠦᠨ ᠰᠥᠩ ᠬᠠᠯᠢᠶ᠎ᠠ᠎ᠶᠢ ᠰᠡᠷᠭᠡᠢᠯᠡᠬᠦ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠤᠰᠤᠨ ᠠᠰᠢᠭ᠍ᠯᠠᠯᠲᠠ᠎ᠶᠢᠨ ᠶᠠᠮᠤᠨ᠎ᠠᠴᠠ ᠤᠰᠤᠨ ᠠᠰᠢᠭ᠍ᠯᠠᠯᠲᠠ᠎ᠶᠢᠨ ᠶᠠᠮᠤᠨ᠎ᠤ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ ᠪᠣᠯᠣᠨ ᠬᠠᠲᠤᠨ ᠭᠣᠣᠯ ᠳᠠᠭᠠᠤ᠎ᠶᠢᠨ ᠬᠣᠯᠪᠣᠭᠳᠠᠯ ᠪᠦᠬᠦᠢ ᠮᠤᠵᠢ ᠣᠷᠣᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠵᠢᠯᠤᠭᠣᠳᠴᠤ ᠪᠠᠢᠭᠠᠳ ᠰᠥᠩ ᠬᠠᠯᠢᠶ᠎ᠠ᠎ᠶᠢ ᠰᠡᠷᠭᠡᠢᠯᠡᠬᠦ ᠠᠵᠢᠯᠯᠠᠭᠠᠨ᠎ᠤ ᠲᠣᠭᠲᠠᠴᠠ᠎ᠶᠢ ᠳᠠᠷᠤᠢ ᠲᠦᠷᠭᠡᠨ ᠡᠬᠢᠯᠡᠭᠦᠯᠵᠦ᠂ ᠬᠠᠮᠵᠢᠯᠴᠠᠨ ᠬᠠᠮᠲᠤᠷᠠᠯᠴᠠᠭ᠎ᠠ᠎ᠶᠢ ᠴᠢᠩᠭᠠᠳᠬᠠᠨ᠂ ᠰᠥᠩ ᠬᠠᠯᠢᠶ᠎ᠠ᠎ᠶᠢ ᠰᠡᠷᠭᠡᠢᠯᠡᠬᠦ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠪᠠ᠃ ᠨᠢᠭᠡ᠎ᠳᠦ᠂ ᠰᠥᠩ ᠬᠠᠯᠢᠶ᠎ᠠ᠎ᠶᠢ ᠰᠡᠷᠭᠡᠢᠯᠡᠬᠦ ᠠᠵᠢᠯ᠎ᠢ ᠤᠷᠢᠳᠴᠢᠯᠠᠨ ᠪᠠᠢᠷᠢᠯᠠᠭᠤᠯᠵᠠᠢ᠃ 10 ᠰᠠᠷ᠎ᠠ᠎ᠶᠢᠨ 22᠎ᠤᠨ ᠡᠳᠦᠷ᠂ ᠬᠠᠲᠤᠨ ᠭᠣᠣᠯ᠎ᠤᠨ ᠰᠥᠩ ᠬᠠᠯᠢᠶ᠎ᠠ᠎ᠶᠢ ᠰᠡᠷᠭᠡᠢᠯᠡᠬᠦ ᠠᠵᠢᠯ᠎ᠤᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠲᠣᠰ ᠵᠢᠯ᠎ᠦᠨ ᠰᠥᠩ ᠬᠠᠯᠢᠶ᠎ᠠ᠎ᠶᠢ ᠰᠡᠷᠭᠡᠢᠯᠡᠬᠦ ᠪᠠᠢᠳᠠᠯ᠎ᠢ ᠵᠠᠳᠠᠯᠤᠨ ᠰᠤᠳᠤᠯᠵᠤ ᠮᠠᠭᠠᠳᠯᠠᠨ᠂ ᠰᠥᠩ ᠬᠠᠯᠢᠶ᠎ᠠ᠎ᠶᠢ ᠰᠡᠷᠭᠡᠢᠯᠡᠬᠦ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠪᠠ᠃ ᠬᠣᠶᠠᠷ᠎ᠲᠤ᠂ ᠰᠦᠩ ᠬᠠᠯᠢᠶ᠎ᠠ᠎ᠶᠢᠨ ᠪᠠᠢᠳᠠᠯ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠪᠠ᠃ ᠴᠠᠭ ᠠᠭᠤᠷ᠎ᠤᠨ ᠪᠠᠢᠳᠠᠯ᠎ᠤᠨ ᠬᠤᠪᠢᠷᠠᠯᠲᠠ᠎ᠶᠢ ᠨᠢᠭ᠍ᠲᠠ ᠠᠩᠬᠠᠷᠴᠤ᠂ ᠠᠭᠠᠷ᠎ᠤᠨ ᠳᠤᠯᠠᠭᠠᠨ᠂ ᠤᠰᠤᠨ ᠴᠥᠭᠥᠷᠥᠮ᠎ᠦᠨ ᠤᠰᠤᠨ ᠬᠠᠳᠠᠭᠠᠯᠠᠭᠳᠠᠴᠠ᠂ ᠭᠣᠣᠯ᠎ᠤᠨ ᠤᠷᠤᠰᠬᠠᠯ᠎ᠤᠨ ᠬᠡᠮᠵᠢᠶ᠎ᠡ ᠵᠡᠷᠭᠡ ᠪᠠᠢᠳᠠᠯ᠎ᠢ ᠡᠳᠦᠷ ᠳᠠᠷᠠᠭᠠᠯᠠᠨ ᠮᠥᠷᠳᠡᠵᠦ᠂ ᠨᠢᠭ᠍ᠲᠠ ᠵᠥᠪᠳᠡᠯᠴᠡᠵᠦ ᠰᠤᠳᠤᠯᠤᠨ ᠮᠠᠭᠠᠳᠯᠠᠵᠤ᠂ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ᠎ᠶᠢ ᠦᠷᠭᠦᠯᠵᠢᠯᠡᠨ ᠨᠡᠢᠲᠡᠯᠡᠵᠦ᠂ ᠲᠣᠬᠢᠷᠠᠭᠤᠯᠤᠯᠲᠠ ᠬᠢᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ ᠭᠤᠷᠪᠠ᠎ᠳᠤ ᠂ ᠭᠣᠣᠯᠯᠠᠭ᠍ᠴᠢ ᠤᠰᠤᠨ ᠴᠥᠭᠥᠷᠥᠮ᠎ᠢ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠲᠣᠬᠢᠷᠠᠭᠤᠯᠪᠠ᠃ 《2025—2026 ᠣᠨ᠎ᠤ ᠬᠠᠲᠤᠨ ᠭᠣᠣᠯ᠎ᠤᠨ ᠰᠦᠩ ᠬᠠᠯᠢᠶ᠎ᠠ᠎ᠶᠢ ᠰᠡᠷᠭᠡᠢᠯᠡᠬᠦ ᠲᠣᠬᠢᠷᠠᠭᠤᠯᠤᠯᠲᠠ᠎ᠶᠢᠨ ᠲᠥᠰᠥᠯ》᠎ᠳᠦ ᠵᠠᠰᠠᠪᠤᠷᠢ ᠣᠷᠣᠭᠤᠯᠬᠤ ᠠᠵᠢᠯ᠎ᠢ ᠵᠣᠬᠢᠶᠠᠨ ᠪᠠᠢᠭᠤᠯᠵᠤ᠂ ᠯᠢᠦ ᠵᠢᠶᠠ ᠰᠢᠶᠠ᠂ ᠬᠠᠢᠷᠤᠪ᠎ᠤᠨ ᠲᠣᠬᠣᠢ᠂ ᠸᠠᠨ ᠵᠢᠶᠠ ᠵᠠᠢ ᠵᠡᠷᠭᠡ ᠭᠣᠣᠯᠯᠠᠭ᠍ᠴᠢ ᠤᠰᠤᠨ ᠴᠥᠭᠥᠷᠥᠮ᠎ᠢ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠲᠣᠬᠢᠷᠠᠭᠤᠯᠵᠤ᠂ ᠤᠰᠤᠨ ᠴᠥᠭᠥᠷᠥᠮ᠎ᠦᠨ ᠲᠣᠬᠢᠷᠠᠭᠤᠯᠤᠯᠲᠠ᠎ᠶᠢᠨ ᠲᠥᠰᠥᠯ᠎ᠢ ᠡᠷᠭᠢᠯᠳᠦᠭᠦᠯᠦᠨ ᠲᠣᠬᠢᠷᠠᠭᠤᠯᠵᠤ᠂ ᠭᠣᠣᠯ᠎ᠢ ᠲᠣᠭᠲᠠᠭᠤᠨ᠎ᠢᠶᠠᠷ ᠪᠢᠲᠡᠭᠦᠮᠵᠢᠯᠡᠬᠦ᠎ᠳᠦ ᠠᠰᠢᠭ᠍ᠲᠠᠢ ᠨᠥᠬᠥᠴᠡᠯ᠎ᠢ ᠡᠭᠦᠳᠴᠦ ᠥᠭᠴᠡᠢ᠃ ᠳᠥᠷᠪᠡ᠎ᠳᠦ ᠂ ᠭᠣᠣᠯ᠎ᠤᠨ ᠵᠠᠮ᠎ᠤᠨ ᠰᠦᠩ ᠬᠠᠯᠢᠶ᠎ᠠ᠎ᠶᠢ ᠰᠡᠷᠭᠡᠢᠯᠡᠨ ᠰᠠᠭᠠᠳ ᠲᠣᠳᠬᠠᠷ᠎ᠢ ᠠᠷᠢᠯᠭᠠᠬᠤ ᠠᠵᠢᠯ᠎ᠢ ᠰᠠᠢᠲᠤᠷ ᠬᠢᠪᠡ ᠃ ᠬᠠᠲᠤᠨ ᠭᠣᠣᠯ ᠳᠠᠭᠠᠤ᠎ᠶᠢᠨ ᠬᠣᠯᠪᠣᠭᠳᠠᠯ ᠪᠦᠬᠦᠢ ᠮᠤᠵᠢ ᠣᠷᠣᠨ᠎ᠤ ᠰᠥᠩ ᠬᠠᠯᠢᠶ᠎ᠠ᠎ᠶᠢ ᠰᠡᠷᠭᠡᠢᠯᠡᠬᠦ ᠠᠮᠤᠷ ᠲᠦᠪᠰᠢᠨ᠎ᠢ ᠨᠥᠯᠥᠭᠡᠯᠡᠬᠦ ᠬᠥᠪᠥᠮᠡᠯ ᠬᠥᠭᠥᠷᠭᠡ ᠪᠠ ᠪᠠᠢᠭᠤᠯᠵᠤ ᠪᠠᠢᠭ᠎ᠠ ᠪᠠᠷᠢᠯᠭ᠎ᠠ᠎ᠶᠢ ᠪᠥᠬᠥ ᠲᠠᠯ᠎ᠠ᠎ᠪᠠᠷ ᠪᠠᠢᠴᠠᠭᠠᠨ ᠰᠢᠢᠳᠪᠦᠷᠢᠯᠡᠬᠦ᠎ᠶᠢ ᠵᠢᠯᠤᠭᠣᠳᠴᠤ ᠂ ᠣᠷᠣᠨ ᠨᠤᠲᠤᠭ᠎ᠤᠨ ᠱᠠᠭᠠᠷᠳᠠᠯᠭ᠎ᠠ ᠶᠣᠰᠣᠭᠠᠷ ᠬᠥᠪᠥᠮᠡᠯ ᠬᠥᠭᠥᠷᠭᠡ᠎ᠶᠢ ᠨᠤᠷᠠᠭᠠᠬᠤ ᠂ ᠬᠥᠭᠥᠷᠭᠡ ᠲᠠᠯᠪᠢᠬᠤ ᠵᠡᠷᠭᠡ ᠰᠥᠩ ᠬᠠᠯᠢᠶ᠎ᠠ᠎ᠶᠢᠨ ᠬᠠᠷᠰᠢ ᠰᠠᠭᠠᠳ᠎ᠢ ᠠᠷᠢᠯᠭᠠᠬᠤ ᠪᠡᠯᠡᠳᠬᠡᠯ᠎ᠢ ᠰᠠᠢᠲᠤᠷ ᠬᠢᠬᠦ᠎ᠶᠢ ᠱᠠᠯᠠᠪᠳᠠᠭᠤᠯᠵᠤ᠂ ᠰᠥᠩ ᠬᠠᠯᠢᠶ᠎ᠠ᠎ᠶᠢᠨ ᠰᠠᠭᠠᠳ ᠦᠭᠡᠢ ᠨᠡᠪᠲᠡᠷᠡᠬᠦ᠎ᠶᠢ ᠦᠨᠡᠨ ᠬᠦ᠌ ᠪᠠᠲᠤᠯᠠᠪᠠ; ᠪᠠᠢᠭᠤᠯᠵᠤ ᠪᠠᠢᠭ᠎ᠠ ᠪᠠᠷᠢᠯᠭ᠎ᠠ᠎ᠶᠢᠨ ᠰᠥᠩ ᠬᠠᠯᠢᠶ᠎ᠠ᠎ᠶᠢᠨ ᠦᠶᠡᠷ᠎ᠦᠨ ᠬᠤᠭᠤᠴᠠᠭᠠᠨ᠎ᠤ ᠦᠶᠡᠷ᠎ᠢ ᠥᠩᠭᠡᠷᠡᠭᠦᠯᠬᠦ ᠲᠥᠰᠥᠯ᠎ᠢ ᠲᠡᠭᠦᠯᠳᠡᠷᠵᠢᠭᠦᠯᠵᠦ᠂ ᠭᠦ ᠰᠢᠶᠠᠨ ᠤᠰᠤᠨ ᠠᠰᠢᠭ᠍ᠯᠠᠯᠲᠠ᠎ᠶᠢᠨ ᠬᠦᠢᠰᠦ ᠪᠠᠷᠢᠯᠭ᠎ᠠ᠎ᠶᠢᠨ ᠣᠨ᠎ᠤ ᠰᠥᠩ ᠬᠠᠯᠢᠶ᠎ᠠ᠎ᠶᠢ ᠰᠡᠷᠭᠡᠢᠯᠡᠨ ᠦᠶᠡᠷ᠎ᠢ ᠥᠩᠭᠡᠷᠡᠭᠦᠯᠬᠦ ᠲᠥᠰᠥᠯ᠎ᠢ ᠵᠣᠬᠢᠶᠠᠨ ᠪᠠᠢᠭᠤᠯᠵᠤ ᠨᠠᠢᠷᠠᠭᠤᠯᠤᠨ ᠵᠣᠬᠢᠶᠠᠪᠠ᠃ ᠲᠠᠪᠤ᠎ᠳᠤ᠂ ᠬᠠᠰᠢᠯᠭ᠎ᠠ ᠳᠠᠯᠠᠩ᠎ᠢ ᠲᠣᠭᠣᠷᠢᠨ ᠪᠠᠢᠴᠠᠭᠠᠵᠤ ᠰᠠᠬᠢᠨ ᠬᠠᠮᠠᠭᠠᠯᠠᠬᠤ ᠬᠦᠴᠦᠨ᠎ᠢ ᠴᠢᠩᠭᠠᠳᠬᠠᠪᠠ᠃
ᠬᠠᠮᠢᠶ᠎ᠠ ᠪᠦᠬᠦᠢ ᠮᠤᠵᠢ ᠣᠷᠣᠨ᠎ᠢ ᠱᠠᠯᠠᠪᠳᠠᠭᠤᠯᠵᠤ ᠪᠠᠢᠭᠠᠳ ᠭᠣᠣᠯ᠎ᠤᠨ ᠵᠠᠮ᠂ ᠬᠠᠰᠢᠯᠭ᠎ᠠ ᠳᠠᠯᠠᠩ᠎ᠤᠨ ᠲᠣᠭᠣᠷᠢᠨ ᠪᠠᠢᠴᠠᠭᠠᠵᠤ ᠬᠣᠷᠢᠭ᠍ᠯᠠᠬᠤ᠎ᠶᠢ ᠰᠠᠢᠲᠤᠷ ᠬᠢᠵᠦ᠂ ᠲᠣᠭᠣᠷᠢᠨ ᠪᠠᠢᠴᠠᠭᠠᠬᠤ ᠡᠩᠨᠡᠭᠡ᠎ᠶᠢ ᠨᠠᠢᠳᠠᠪᠤᠷᠢᠵᠢᠭᠤᠯᠤᠨ᠂ ᠠᠶᠤᠯ᠎ᠠᠴᠠ ᠠᠪᠤᠷᠠᠬᠤ ᠪᠣᠳᠠᠰ ᠮᠠᠲᠧᠷᠢᠶᠠᠯ᠎ᠢ ᠭᠦᠢᠴᠡᠳ ᠪᠡᠯᠡᠳᠬᠡᠵᠦ ᠂ ᠠᠶᠤᠯ᠎ᠠᠴᠠ ᠠᠪᠤᠷᠠᠬᠤ ᠠᠪᠤᠷᠠᠨ ᠲᠤᠰᠠᠯᠠᠬᠤ ᠬᠦᠴᠦᠨ᠎ᠦ ᠬᠠᠮᠵᠢᠯᠴᠠᠨ ᠬᠥᠳᠡᠯᠦᠯᠴᠡᠬᠦ᠎ᠶᠢ ᠴᠢᠩᠭᠠᠷᠠᠭᠤᠯᠪᠠ᠃
ᠲᠠᠷᠠᠭᠠᠴᠢ᠎ᠶᠢᠨ ᠠᠯᠬᠤᠮ᠎ᠳᠤ᠂ ᠤᠰᠤᠨ ᠠᠰᠢᠭ᠍ᠯᠠᠯᠲᠠ᠎ᠶᠢᠨ ᠶᠠᠮᠤᠨ ᠴᠠᠭ ᠠᠭᠤᠷ᠎ᠤᠨ ᠶᠠᠪᠤᠴᠠ ᠪᠠ ᠰᠥᠩ ᠬᠠᠯᠢᠶ᠎ᠠ᠎ᠶᠢᠨ ᠪᠠᠢᠳᠠᠯ᠎ᠤᠨ ᠬᠤᠪᠢᠷᠠᠯᠲᠠ᠎ᠶᠢ ᠦᠷᠭᠦᠯᠵᠢᠯᠡᠨ ᠨᠢᠭ᠍ᠲᠠ ᠠᠩᠬᠠᠷᠴᠤ᠂ ᠰᠥᠩ ᠬᠠᠯᠢᠶ᠎ᠠ᠎ᠶᠢᠨ ᠪᠠᠢᠳᠠᠯ᠎ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠨ᠂ ᠨᠢᠷᠤᠭᠤᠪᠴᠢ ᠢᠨᠵᠧᠨᠧᠷᠢᠩ᠎ᠢ ᠰᠢᠨᠵᠢᠯᠡᠬᠦ ᠤᠬᠠᠭᠠᠨᠴᠢ᠎ᠪᠠᠷ ᠨᠠᠷᠢᠯᠢᠭ᠋ ᠲᠣᠬᠢᠷᠠᠭᠤᠯᠵᠤ᠂ ᠰᠥᠩ ᠬᠠᠯᠢᠶ᠎ᠠ᠎ᠶᠢ ᠰᠡᠷᠭᠡᠢᠯᠡᠬᠦ ᠠᠶᠤᠯ ᠲᠦᠭᠰᠢᠭᠦᠷᠢ᠎ᠶᠢᠨ ᠴᠡᠭ᠎ᠢ ᠴᠢᠩᠭ᠎ᠠ ᠠᠩᠬᠠᠷᠴᠤ᠂ ᠭᠣᠣᠯ᠎ᠤᠨ ᠵᠠᠮ᠎ᠤᠨ ᠰᠠᠭᠠᠳ ᠲᠣᠳᠬᠠᠷ᠎ᠢ ᠠᠷᠢᠯᠭᠠᠬᠤ ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠎ᠶᠢ ᠱᠠᠯᠠᠪᠳᠠᠭᠤᠯᠤᠨ ᠰᠠᠢᠲᠤᠷ ᠬᠢᠵᠦ ᠂ ᠢᠨᠵᠧᠨᠧᠷᠢᠩ᠎ᠦᠨ ᠲᠣᠭᠣᠷᠢᠨ ᠪᠠᠢᠴᠠᠭᠠᠵᠤ ᠬᠣᠷᠢᠭ᠍ᠯᠠᠬᠤ᠎ᠶᠢ ᠴᠢᠩᠭᠠᠳᠬᠠᠨ᠂ ᠰᠥᠩ ᠬᠠᠯᠢᠶ᠎ᠠ᠎ᠶᠢ ᠰᠡᠷᠭᠡᠢᠯᠡᠬᠦ ᠠᠵᠢᠯ᠎ᠤᠨ ᠨᠡᠢᠯᠡᠮᠡᠯ ᠬᠦᠴᠦᠨ᠎ᠢ ᠨᠢᠭ᠍ᠲᠠᠷᠠᠭᠤᠯᠵᠤ᠂ ᠬᠠᠲᠤᠨ ᠭᠣᠣᠯ᠎ᠤᠨ ᠰᠥᠩ ᠬᠠᠯᠢᠶ᠎ᠠ᠎ᠶᠢ ᠰᠡᠷᠭᠡᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃