ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠤᠰᠤᠨ᠎ᠤ ᠡᠬᠢ ᠪᠠᠶᠠᠯᠢᠭ᠋᠎ᠤᠨ ᠭᠠᠢᠯᠢ᠎ᠶᠢᠨ ᠲᠠᠲᠠᠪᠤᠷᠢᠯᠠᠯᠲᠠ ᠬᠠᠮᠢᠶᠠᠷᠤᠯᠲᠠ᠎ᠶᠢᠨ ᠬᠠᠮᠲᠤᠷᠠᠭᠰᠠᠨ ᠬᠢᠨᠠᠨ ᠬᠠᠮᠢᠶᠠᠷᠤᠯᠲᠠ᠎ᠶᠢᠨ 《 ᠣᠶᠤᠨᠴᠢ᠎ᠪᠠᠷ ᠤᠷᠢᠳᠴᠢᠯᠠᠨ ᠲᠠᠭᠯᠠᠬᠤ 》 ᠲᠣᠭ᠎ᠠ ᠪᠠᠷᠢᠮᠲᠠ᠎ᠶᠢᠨ ᠬᠡᠯᠬᠢᠶᠡᠨ᠎ᠦ ᠬᠠᠮᠲᠤ᠎ᠪᠠᠷ ᠡᠳ᠋ᠯᠡᠬᠦ ᠴᠢᠳᠠᠮᠵᠢ᠎ᠶᠢ ᠰᠦᠯᠵᠢᠶᠡᠨ ᠠᠰᠢᠭ᠍ᠯᠠᠯᠲᠠ᠎ᠳᠤ ᠣᠷᠣᠭᠤᠯᠪᠠ
ᠨᠡᠶ᠋ᠢᠲᠡᠯᠡᠭᠰᠡᠨ ᠴᠠᠭ᠄ 2025-11-29

      ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠪᠣᠯᠣᠨ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠣᠳᠣ᠌᠎ᠶᠢᠨ ᠪᠠᠢᠭ᠎ᠠ ᠤᠰᠤᠨ᠎ᠤ ᠡᠬᠢ ᠪᠠᠶᠠᠯᠢᠭ᠋᠎ᠤᠨ ᠭᠠᠢᠯᠢ᠎ᠶᠢᠨ ᠲᠠᠲᠠᠪᠤᠷᠢᠯᠠᠨ ᠬᠡᠷᠡᠭᠯᠡᠬᠦ ᠤᠰᠤᠨ᠎ᠤ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮ᠎ᠳᠦ ᠲᠦᠰᠢᠭᠯᠡᠨ᠂ ᠤᠰᠤᠨ᠎ᠤ ᠡᠬᠢ ᠪᠠᠶᠠᠯᠢᠭ᠋᠎ᠤᠨ ᠭᠠᠢᠯᠢ᠎ᠶᠢᠨ 《 ᠣᠶᠤᠨᠴᠢ᠎ᠪᠠᠷ ᠤᠷᠢᠳᠴᠢᠯᠠᠨ ᠲᠠᠭᠯᠠᠬᠤ 》 ᠲᠣᠭ᠎ᠠ ᠪᠠᠷᠢᠮᠲᠠ᠎ᠶᠢᠨ ᠬᠡᠯᠬᠢᠶᠡᠨ᠎ᠦ ᠬᠠᠮᠲᠤ᠎ᠪᠠᠷ ᠡᠳ᠋ᠯᠡᠬᠦ ᠴᠢᠳᠠᠮᠵᠢ᠎ᠶᠢ ᠬᠠᠮᠲᠤᠷᠠᠨ ᠨᠡᠭᠡᠭᠡᠨ ᠬᠥᠭᠵᠢᠭᠦᠯᠵᠦ ᠰᠦᠯᠵᠢᠶᠡᠨ ᠠᠰᠢᠭ᠍ᠯᠠᠯᠲᠠ᠎ᠳᠦ ᠣᠷᠣᠭᠤᠯᠵᠤ᠂ 《 ᠤᠰᠤᠨ᠎ᠤ ᠬᠡᠮᠵᠢᠶ᠎ᠡ᠎ᠶᠢ ᠮᠡᠳᠡᠭᠦᠯᠬᠦ 》 ᠪᠥᠬᠥ ᠬᠡᠯᠬᠢᠶᠡᠨ᠎ᠦ ᠪᠢᠲᠡᠭᠦᠦ ᠴᠠᠭᠠᠷᠢᠭ᠋᠎ᠤᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠤᠨ᠂ ᠥᠩᠭᠡᠷᠡᠭᠰᠡᠨ᠎ᠦ ᠤᠰᠤᠨ ᠠᠰᠢᠭ᠍ᠯᠠᠯᠲᠠ᠂ ᠭᠠᠢᠯᠢ᠎ᠶᠢᠨ ᠶᠠᠪᠤᠳᠠᠯ᠎ᠤᠨ ᠬᠣᠶᠠᠷ ᠰᠠᠯᠠᠭ᠎ᠠ ᠮᠥᠴᠢᠷ᠎ᠦᠨ ᠬᠠᠮᠲᠤᠷᠠᠨ ᠬᠢᠨᠠᠨ ᠬᠠᠮᠢᠶᠠᠷᠬᠤ ᠳᠤᠮᠳᠠ ᠣᠷᠣᠰᠢᠵᠤ ᠪᠠᠢᠭᠰᠠᠨ ᠤᠰᠤ ᠠᠪᠴᠤ ᠬᠡᠷᠡᠭᠯᠡᠬᠦ ᠬᠡᠮᠵᠢᠶ᠎ᠡ᠎ᠶᠢᠨ ᠪᠠᠷᠢᠮᠵᠢᠶ᠎ᠠ ᠨᠢᠭᠡᠳᠦᠯ ᠦᠭᠡᠢ᠂ ᠲᠣᠭ᠎ᠠ ᠪᠠᠷᠢᠮᠲᠠ᠎ᠶᠢᠨ ᠢᠷᠡᠯᠲᠡ ᠴᠣᠷ᠎ᠤᠨ ᠭᠠᠭᠴᠠ ᠪᠢᠰᠢ ᠵᠡᠷᠭᠡ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ᠃
      ᠣᠲᠣ᠌ ᠪᠣᠯᠲᠠᠯ᠎ᠠ᠂ ᠲᠣᠰ ᠴᠢᠳᠠᠮᠵᠢ᠎ᠶᠢ ᠥᠪᠥᠷ ᠮᠣᠩᠭᠣᠯ᠎ᠤᠨ 12 ᠠᠢᠮᠠᠭ ᠬᠣᠲᠠ᠎ᠳᠤ ᠨᠢᠭᠡᠨᠲᠡ ᠪᠥᠬᠥ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠭᠰᠡᠨ ᠪᠠᠢᠨ᠎ᠠ᠃ ᠪᠥᠬᠥ ᠥᠪᠡᠷᠲᠡᠭᠡᠨ ᠵᠠᠰᠠᠬᠤ ᠣᠷᠣᠨ᠎ᠤ 6558 ᠡᠷᠦᠬᠡ ᠤᠰᠤᠨ᠎ᠤ ᠡᠬᠢ ᠪᠠᠶᠠᠯᠢᠭ᠋᠎ᠤᠨ ᠭᠠᠢᠯᠢ ᠲᠤᠰᠢᠶᠠᠭ᠍ᠴᠢ᠎ᠶᠢᠨ ᠳᠣᠲᠣᠷ᠎ᠠ ᠂ ᠨᠢᠭᠡᠨᠲᠡ 6225 ᠡᠷᠦᠬᠡ ᠨᠢ 《 ᠣᠶᠤᠨᠴᠢ᠎ᠪᠠᠷ ᠤᠷᠢᠳᠴᠢᠯᠠᠨ ᠲᠠᠭᠯᠠᠬᠤ 》᠎ᠶᠢ ᠪᠡᠶᠡᠯᠡᠭᠦᠯᠵᠦ ᠂ ᠤᠷᠢᠳᠴᠢᠯᠠᠨ ᠲᠠᠭᠯᠠᠬᠤ ᠨᠣᠷᠮ᠎ᠠ ᠨᠢ 95%᠎ᠳᠤ ᠬᠥᠷᠪᠡ᠃
      ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠤᠰᠤᠨ ᠠᠰᠢᠭ᠍ᠯᠠᠯᠲᠠ ᠪᠣᠯᠣᠨ ᠭᠠᠢᠯᠢ᠎ᠶᠢᠨ ᠶᠠᠪᠤᠳᠠᠯ᠎ᠤᠨ ᠬᠣᠯᠪᠤᠭᠠᠯᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠵᠤ᠂ ᠰᠦᠯᠵᠢᠶᠡᠨ᠎ᠳᠦ ᠣᠷᠣᠭᠤᠯᠤᠨ ᠪᠡᠯᠡᠳᠬᠡᠬᠦ ᠂ ᠬᠢᠨᠠᠨ ᠬᠡᠮᠵᠢᠵᠦ ᠰᠢᠯᠭᠠᠨ ᠪᠠᠲᠤᠯᠠᠬᠤ ᠂ ᠪᠣᠯᠪᠠᠰᠤᠷᠠᠯ᠎ᠢᠶᠠᠷ ᠬᠠᠪᠰᠤᠷᠤᠨ ᠵᠢᠯᠤᠭᠣᠳᠬᠤ᠎ᠠᠴᠠ ᠲᠠᠲᠠᠪᠤᠷᠢᠯᠠᠬᠤ ᠬᠤᠭᠤᠴᠠᠭ᠎ᠠ᠎ᠶᠢ ᠪᠠᠲᠤᠯᠠᠬᠤ ᠬᠦᠷᠲᠡᠯᠡᠬᠢ 4 ᠭᠣᠭᠴᠣᠭ᠎ᠠ᠎ᠶᠢᠨ ᠨᠠᠷᠢᠯᠢᠭ᠍ᠵᠢᠭᠤᠯᠬᠤ ᠡᠭᠦᠷᠭᠡ᠎ᠶᠢ ᠪᠡᠶᠡᠯᠡᠭᠦᠯᠬᠦ᠎ᠶᠢᠨ ᠬᠠᠮᠲᠤ ᠮᠡᠷᠭᠡᠵᠢᠯ᠎ᠦᠨ ᠪᠦᠯᠬᠦᠮ ᠨᠡᠶ᠋ᠢᠲᠡ᠎ᠶᠢᠨ ᠰᠢᠪᠲᠤᠯᠤᠯᠲᠠ᠎ᠶᠢᠨ ᠪᠡᠷᠬᠡ ᠠᠰᠠᠭᠤᠳᠠᠯ᠎ᠢ ᠰᠢᠢᠳᠪᠦᠷᠢᠯᠡᠵᠦ ᠂ ᠴᠢᠳᠠᠮᠵᠢ᠎ᠶᠢᠨ ᠬᠡᠰᠡᠭ᠎ᠦᠨ ᠤᠷᠤᠭᠰᠢᠲᠠᠢ ᠰᠦᠯᠵᠢᠶᠡᠨ᠎ᠳᠦ ᠭᠠᠷᠬᠤ᠎ᠶᠢ ᠦᠨᠡᠨ ᠬᠦ᠌ ᠪᠠᠲᠤᠯᠠᠪᠠ᠃ ᠲᠣᠭᠠᠴᠢᠯᠠᠭᠰᠠᠨ ᠵᠠᠰᠠᠯᠲᠠ᠎ᠶᠢᠨ ᠲᠠᠯ᠎ᠠ᠎ᠪᠠᠷ᠂ ᠲᠥᠷᠥᠯ ᠵᠦᠢᠯ᠎ᠦᠨ ᠰᠢᠰᠲᠧᠮ ᠨᠢ 13 ᠲᠥᠷᠥᠯ᠎ᠦᠨ ᠵᠠᠩᠭᠢᠯᠠᠭ᠎ᠠ᠎ᠶᠢᠨ ᠲᠣᠭ᠎ᠠ ᠪᠠᠷᠢᠮᠲᠠ᠎ᠶᠢ ᠡᠮᠬᠢᠯᠡᠨ ᠭᠠᠷᠭᠠᠵᠤ ᠂ ᠪᠠᠷᠢᠮᠵᠢᠶ᠎ᠠ᠎ᠶᠢ ᠨᠢᠭᠡᠳᠦᠯᠲᠡᠢ ᠲᠣᠭᠲᠠᠭᠠᠨ ᠂ ᠶᠠᠪᠤᠴᠠ᠎ᠶᠢ ᠵᠢᠷᠤᠮᠵᠢᠭᠤᠯᠵᠤ᠂ ᠲᠣᠭ᠎ᠠ ᠪᠠᠷᠢᠮᠲᠠ᠎ᠶᠢᠨ ᠢᠷᠡᠯᠲᠡ᠎ᠶᠢᠨ ᠴᠣᠷ᠎ᠤᠨ ᠭᠠᠭᠴᠠ ᠪᠠᠢᠬᠤ᠎ᠶᠢ ᠦᠨᠡᠨ ᠬᠦ᠌ ᠪᠠᠲᠤᠯᠠᠵᠠᠢ᠃ ᠭᠠᠢᠯᠢ ᠲᠤᠰᠢᠶᠠᠭ᠍ᠴᠢ᠎ᠶᠢᠨ 《 ᠤᠰᠤᠨ᠎ᠤ ᠬᠡᠮᠵᠢᠶ᠎ᠡ᠎ᠶᠢ ᠮᠡᠳᠡᠭᠦᠯᠬᠦ 》 ᠡᠨᠡ ᠬᠦ᠌ ᠭᠣᠣᠯᠳᠠᠯᠭ᠎ᠠ᠎ᠶᠢᠨ ᠲᠣᠭᠣᠷᠢᠨ᠎ᠳᠤ᠂ ᠰᠢᠰᠲᠧᠮ ᠨᠢ ᠲᠣᠭ᠎ᠠ ᠪᠠᠷᠢᠮᠲᠠ᠎ᠶᠢ ᠡᠷᠭᠢᠯᠲᠡ᠎ᠳᠦ ᠣᠷᠣᠭᠤᠯᠬᠤ ᠶᠠᠪᠤᠴᠠ᠎ᠳᠤ ᠤᠰᠤ ᠲᠠᠲᠠᠬᠤ ᠵᠥᠪᠰᠢᠶᠡᠷᠡᠯ᠂ ᠤᠰᠤ ᠬᠡᠷᠡᠭᠯᠡᠬᠦ ᠲᠥᠯᠥᠪᠯᠡᠭᠡ᠂ ᠤᠰᠤᠨ᠎ᠤ ᠬᠡᠮᠵᠢᠶ᠎ᠡ᠎ᠶᠢ ᠬᠢᠨᠠᠨ ᠬᠡᠮᠵᠢᠬᠦ᠂ ᠲᠠᠲᠠᠪᠤᠷᠢ᠎ᠶᠢᠨ ᠮᠥᠩᠭᠥ᠎ᠶᠢᠨ ᠲᠣᠭ᠎ᠠ᠎ᠶᠢᠨ ᠬᠥᠳᠡᠯᠦᠩᠭᠦᠢ ᠬᠣᠯᠪᠣᠯᠲᠠ᠎ᠶᠢ ᠪᠡᠶᠡᠯᠡᠭᠦᠯᠵᠦ᠂ ᠤᠰᠤᠨ᠎ᠤ ᠬᠡᠮᠵᠢᠶ᠎ᠡ ᠬᠢᠭᠡᠳ ᠲᠠᠲᠠᠪᠤᠷᠢ᠎ᠶᠢᠨ ᠮᠥᠩᠭᠥ᠎ᠶᠢ ᠬᠠᠮᠲᠤᠷᠠᠨ ᠬᠢᠨᠠᠨ ᠬᠠᠮᠢᠶᠠᠷᠬᠤ᠎ᠳᠤ ᠨᠢᠭᠡᠳᠦᠯᠲᠡᠢ᠂ ᠨᠠᠢᠳᠠᠪᠤᠷᠢᠲᠠᠢ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠭᠰᠠᠨ ᠪᠠᠢᠨ᠎ᠠ ᠃ 《 ᠣᠶᠤᠨᠴᠢ᠎ᠪᠠᠷ ᠤᠷᠢᠳᠴᠢᠯᠠᠨ ᠲᠠᠭᠯᠠᠬᠤ 》 ᠨᠢ ᠤᠤᠯ ᠨᠢ 3 ᠰᠠᠯᠠᠭ᠎ᠠ ᠮᠥᠴᠢᠷ᠂ 5 ᠲᠥᠷᠥᠯ᠎ᠦᠨ ᠮᠠᠲᠧᠷᠢᠶᠠᠯ᠎ᠳᠤ ᠬᠣᠯᠪᠣᠭᠳᠠᠬᠤ ᠮᠡᠳᠡᠭᠦᠯᠬᠦ ᠶᠠᠪᠤᠴᠠ᠎ᠶᠢ ᠡᠮᠬᠢᠯᠡᠨ ᠨᠡᠢᠯᠡᠭᠦᠯᠵᠦ ᠰᠢᠯᠢᠳᠡᠭᠵᠢᠭᠦᠯᠦᠨ᠂ 《 ᠭᠣᠭᠴᠣᠭ᠎ᠠ᠎ᠶᠢ ᠪᠠᠭᠠᠰᠬᠠᠬᠤ᠂ ᠴᠠᠭ᠎ᠢ ᠪᠠᠭᠠᠰᠬᠠᠬᠤ᠂ ᠮᠠᠲᠧᠷᠢᠶᠠᠯ᠎ᠢ ᠪᠠᠭᠠᠰᠬᠠᠬᠤ 》᠎ᠪᠠᠷ ᠳᠠᠮᠵᠢᠭᠤᠯᠤᠨ ᠂ ᠲᠤᠬᠠᠢᠯᠠᠭᠰᠠᠨ ᠠᠵᠢᠯ᠎ᠢ 《 ᠣᠯᠠᠨ ᠲᠠᠯ᠎ᠠ᠎ᠠᠴᠠ ᠲᠠᠭᠯᠠᠨ ᠮᠡᠳᠡᠭᠦᠯᠬᠦ 》᠎ᠡᠴᠡ 《 ᠨᠢᠭᠡ ᠯᠡ ᠲᠣᠪᠴᠢ᠎ᠪᠠᠷ ᠨᠤᠲᠠᠯᠠᠬᠤ 》 ᠲᠡᠢᠰᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ ᠂ ᠣᠷᠬᠢᠭ᠍ᠳᠠᠭᠤᠯᠤᠨ ᠮᠡᠳᠡᠭᠦᠯᠬᠦ᠂ ᠪᠤᠷᠤᠭᠤ ᠮᠡᠳᠡᠭᠦᠯᠬᠦ᠎ᠡᠴᠡ ᠪᠦᠲᠦᠮᠵᠢᠲᠡᠶ ᠵᠠᠢᠯᠠᠰᠬᠢᠵᠦ᠂ ᠠᠵᠤ ᠠᠬᠤᠢᠯᠠᠯ᠎ᠤᠨ ᠭᠠᠢᠯᠢ ᠭᠦᠢᠴᠡᠳᠬᠡᠬᠦ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠵᠡᠢ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            