ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠯᠢ ᠭᠦᠸᠧ ᠶᠢᠩ ᠤᠰᠤᠨ ᠰᠢᠨᠵᠢᠯᠡᠭᠡᠨ᠎ᠦ ᠴᠢᠮᠡᠭᠡ ᠮᠡᠳᠡᠭᠡ᠎ᠶᠢ ᠤᠷᠢᠳᠴᠢᠯᠠᠨ ᠮᠡᠳᠡᠭᠡᠯᠡᠬᠦ ᠲᠥᠪ᠎ᠦᠨ ᠨᠠᠮ᠎ᠤᠨ ᠡᠭᠦᠷ᠎ᠲᠦ ᠬᠦᠷᠴᠦ ᠪᠠᠢᠴᠠᠭᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2025-11-29

11 ᠳ᠋ᠦ᠍ᠭᠡᠷ ᠰᠠᠷ᠎ᠠ᠎ᠶᠢᠨ 18᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠮᠡᠳᠡᠭᠡ ᠵᠠᠩᠭᠢ᠎ᠶᠢᠨ ᠲᠥᠪ᠎ᠦᠨ ᠤᠰᠤᠨ ᠰᠢᠨᠵᠢᠯᠡᠭᠡᠨ᠎ᠦ ᠴᠢᠮᠡᠭᠡ ᠮᠡᠳᠡᠭᠡ᠎ᠶᠢ ᠤᠷᠢᠳᠴᠢᠯᠠᠨ ᠮᠡᠳᠡᠭᠡᠯᠡᠬᠦ ᠲᠥᠪ᠎ᠦᠨ ᠨᠠᠮ᠎ᠤᠨ ᠡᠭᠦᠷ᠎ᠲᠦ ᠬᠦᠷᠴᠦ ᠪᠠᠢᠴᠠᠭᠠᠨ ᠰᠤᠳᠤᠯᠤᠯᠲᠠ ᠬᠢᠵᠦ᠂ ᠨᠠᠮ᠎ᠤᠨ ᠡᠭᠦᠷ᠎ᠦᠨ ᠪᠦᠬᠦ ᠨᠠᠮ᠎ᠤᠨ ᠭᠡᠰᠢᠭᠦᠳ᠎ᠲᠠᠢ ᠶᠠᠷᠢᠯᠴᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠡᠭᠦᠷ᠎ᠦᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠤᠨ ᠠᠬᠢᠴᠠ᠎ᠶᠢᠨ ᠪᠠᠢᠳᠠᠯ᠎ᠢ ᠤᠯᠠᠮ ᠴᠢᠨᠠᠭᠰᠢᠳᠠ ᠣᠢᠯᠠᠭᠠᠵᠤ᠂ ᠤᠯᠠᠨ᠎ᠤ ᠰᠠᠨᠠᠯ ᠰᠠᠨᠠᠭᠤᠯᠭ᠎ᠠ᠎ᠶᠢ ᠰᠣᠨᠣᠰᠴᠠᠢ᠃

ᠶᠠᠷᠢᠯᠴᠠᠬᠤ ᠬᠤᠷᠠᠯ ᠳᠡᠭᠡᠷ᠎ᠡ᠂ ᠤᠰᠤᠨ ᠰᠢᠨᠵᠢᠯᠡᠭᠡᠨ᠎ᠦ ᠴᠢᠮᠡᠭᠡ ᠮᠡᠳᠡᠭᠡ᠎ᠶᠢ ᠤᠷᠢᠳᠴᠢᠯᠠᠨ ᠮᠡᠳᠡᠭᠡᠯᠡᠬᠦ ᠲᠥᠪ᠎ᠦᠨ ᠨᠠᠮ᠎ᠤᠨ ᠡᠭᠦᠷ᠎ᠦᠨ ᠱᠦᠵᠢ ᠨᠠᠮ᠎ᠤᠨ ᠡᠭᠦᠷ᠎ᠦᠨ ᠪᠠᠢᠭᠤᠯᠤᠯᠲᠠ᠎ᠶᠢᠨ ᠪᠠᠢᠳᠠᠯ᠎ᠢ ᠬᠠᠷᠢᠭᠤ ᠮᠡᠳᠡᠭᠦᠯᠵᠦ᠂ ᠬᠡᠰᠡᠭ ᠨᠠᠮ᠎ᠤᠨ ᠭᠡᠰᠢᠭᠦᠨ ᠲᠥᠯᠥᠭᠡᠯᠡᠭᠴᠢ ᠪᠣᠯᠣᠨ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ᠎ᠤᠨ ᠪᠦᠷᠢᠯᠳᠦᠭᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠂ ᠤᠰᠤᠨ ᠰᠢᠨᠵᠢᠯᠡᠭᠡᠨ᠎ᠦ ᠴᠢᠮᠡᠭᠡ ᠮᠡᠳᠡᠭᠡ᠎ᠶᠢ ᠤᠷᠢᠳᠴᠢᠯᠠᠨ ᠮᠡᠳᠡᠭᠡᠯᠡᠬᠦ ᠣᠳᠣᠬᠢᠴᠢᠯᠠᠯᠲᠠ᠎ᠶᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠶᠢᠨ ᠲᠣᠭᠣᠷᠢᠨ᠎ᠳᠤ ᠲᠤᠰ ᠲᠤᠰ ᠶᠠᠷᠢᠶ᠎ᠠ ᠲᠠᠯᠪᠢᠵᠠᠢ᠃ ᠯᠢ ᠭᠦᠸᠧ ᠶᠢᠩ ᠨᠠᠮ᠎ᠤᠨ ᠡᠭᠦᠷ᠎ᠦᠨ ᠪᠠᠢᠭᠤᠯᠤᠯᠲᠠ ᠪᠣᠯᠣᠨ ᠲᠤᠭᠠᠴᠢᠯᠠᠯᠳᠠ᠎ᠪᠠᠷ ᠡᠨᠧᠷᠭᠢ ᠣᠯᠭᠣᠬᠤ ᠤᠰᠤᠨ ᠵᠦᠢ᠎ᠶᠢᠨ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠤᠨ ᠲᠤᠬᠠᠢ ᠤᠯᠠᠨ᠎ᠲᠠᠢ ᠭᠦᠨᠵᠡᠭᠡᠢ ᠰᠠᠨᠠᠯ᠎ᠢᠶᠠᠨ ᠰᠣᠯᠢᠯᠴᠠᠨ ᠶᠠᠷᠢᠯᠴᠠᠪᠠ᠃

ᠯᠢ ᠭᠦᠸᠧ ᠶᠢᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ᠎ᠤᠨ ᠲᠥᠪ ᠬᠣᠷᠢᠶᠠᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠠᠵᠢᠯ᠎ᠤᠨ ᠲᠤᠬᠠᠢ ᠪᠠᠢᠯᠳᠤᠬᠤ ᠪᠣᠳᠣᠯᠭ᠎ᠠ᠎ᠶᠢᠨ ᠵᠢᠷᠤᠭᠯᠠᠯ᠎ᠢ ᠭᠦᠨᠵᠡᠭᠡᠢ ᠣᠢᠯᠠᠭᠠᠵᠤ᠂ 《 ᠰᠠᠨᠠᠭᠤᠯᠭ᠎ᠠ 》᠎ᠶᠢᠨ ᠤᠰᠤᠨ ᠰᠢᠨᠵᠢᠯᠡᠭᠡᠨ᠎ᠦ ᠬᠢᠨᠠᠨ ᠬᠡᠮᠵᠢᠯᠲᠡ᠎ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠴᠢᠩᠭᠠᠳᠬᠠᠬᠤ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠣᠨᠣᠪᠴᠢᠲᠠᠶ ᠡᠵᠡᠮᠰᠢᠵᠦ᠂ ᠤᠰᠤᠨ ᠰᠢᠨᠵᠢᠯᠡᠭᠡᠨ᠎ᠦ ᠴᠢᠮᠡᠭᠡ ᠮᠡᠳᠡᠭᠡ᠎ᠶᠢ ᠤᠷᠢᠳᠴᠢᠯᠠᠨ ᠮᠡᠳᠡᠭᠡᠯᠡᠬᠦ ᠠᠵᠢᠯ᠎ᠳᠤ ᠲᠤᠯᠭᠠᠷᠠᠵᠤ ᠪᠠᠢᠭ᠎ᠠ ᠴᠢᠬᠤᠯᠠ ᠶᠡᠬᠡ ᠰᠡᠳᠦᠪ᠎ᠢ ᠭᠦᠢᠴᠡᠳ ᠲᠠᠨᠢᠵᠤ᠂ 《 ᠬᠡᠷᠡᠭᠴᠡᠭᠡ᠎ᠪᠡᠷ ᠲᠠᠲᠠᠬᠤ ᠂ ᠬᠡᠷᠡᠭᠯᠡᠬᠦ᠎ᠶᠢ ᠳᠡᠭᠡᠳᠦᠯᠡᠬᠦ᠂ ᠲᠤᠭᠠᠴᠢᠯᠠᠯᠳᠠ᠎ᠪᠠᠷ ᠴᠢᠳᠠᠪᠤᠷᠢ ᠣᠯᠭᠣᠬᠤ᠂ ᠴᠢᠳᠠᠪᠤᠷᠢ᠎ᠪᠠᠨ ᠳᠡᠭᠡᠭᠰᠢᠯᠡᠭᠦᠯᠬᠦ 》᠎ᠶᠢ ᠪᠠᠷᠢᠮᠲᠠᠯᠠᠵᠤ ᠂ ᠠᠭᠤᠷ ᠠᠮᠢᠰᠬᠤᠯ᠎ᠤᠨ ᠬᠤᠪᠢᠷᠠᠯᠲᠠ᠎ᠶᠢᠨ ᠨᠥᠯᠥᠭᠡᠯᠡᠯ᠎ᠢᠶᠡᠷ ᠠᠭᠠᠳᠠᠷ ᠪᠣᠷᠣᠭᠠᠨ ᠦᠶᠡᠷ᠎ᠦᠨ ᠭᠠᠮᠰᠢᠭ᠋ ᠡᠭᠦᠰᠬᠦ ᠵᠢᠮ᠎ᠡ ᠶᠣᠰᠣ᠌᠎ᠶᠢ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ 《 ᠳᠥᠷᠪᠡᠨ ᠦᠭᠡᠢ》 ᠬᠠᠷᠠᠯᠲᠠ᠎ᠶᠢ ᠲᠣᠭᠲᠠᠭᠠᠵᠤ ᠂ ᠤᠰᠤᠨ ᠵᠦᠢ᠎ᠶᠢᠨ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠎ᠶᠢ ᠶᠡᠬᠡ᠎ᠪᠡᠷ ᠳᠡᠭᠡᠭᠰᠢᠯᠡᠭᠦᠯᠦᠨ ᠂ ᠦᠶᠡᠷ᠎ᠦᠨ ᠤᠰᠤ᠎ᠶᠢ ᠤᠷᠢᠳᠴᠢᠯᠠᠨ ᠮᠡᠳᠡᠭᠡᠯᠡᠬᠦ ᠬᠤᠭᠤᠴᠠᠭ᠎ᠠ᠎ᠶᠢ ᠤᠷᠲᠤᠳᠬᠠᠬᠤ ᠪᠠ ᠦᠶᠡᠷ᠎ᠦᠨ ᠤᠰᠤ᠎ᠶᠢ ᠤᠷᠢᠳᠴᠢᠯᠠᠨ ᠮᠡᠳᠡᠭᠡᠯᠡᠬᠦ ᠣᠨᠣᠪᠴᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠬᠦ᠎ᠶᠢᠨ ᠪᠦᠲᠦᠮᠵᠢᠲᠡᠶ ᠨᠢᠭᠡᠳᠦᠯ᠎ᠢ ᠴᠢᠷᠮᠠᠢᠨ ᠪᠡᠶᠡᠯᠡᠭᠦᠯᠵᠦ ᠂ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠰᠣᠷᠢᠬᠤ ᠪᠡᠯᠡᠳᠬᠡᠯ ᠲᠥᠰᠥᠯ᠎ᠦᠨ 《 ᠳᠥᠷᠪᠡ᠎ᠶᠢ ᠤᠷᠢᠳᠴᠢᠯᠠᠨ ᠮᠡᠳᠡᠭᠡᠯᠡᠬᠦ 》 ᠴᠢᠳᠠᠮᠵᠢ᠎ᠶᠢ ᠦᠷᠭᠦᠯᠵᠢᠯᠡᠨ ᠴᠢᠩᠭᠠᠳᠬᠠᠵᠤ ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠯᠢ ᠭᠦᠸᠧ ᠶᠢᠩ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠡᠭᠦᠷ᠎ᠦᠨ ᠠᠵᠢᠯ᠎ᠤᠨ ᠳᠦᠷᠢᠮ᠎ᠢ ᠨᠠᠢᠳᠠᠪᠤᠷᠢᠵᠢᠭᠤᠯᠬᠤ᠎ᠪᠠᠷ ᠭᠠᠷᠳᠠᠴᠠ ᠪᠣᠯᠭᠠᠵᠤ᠂ ᠨᠠᠮ᠎ᠤᠨ ᠤᠳᠤᠷᠢᠳᠤᠯᠭ᠎ᠠ᠎ᠶᠢ ᠤᠰᠤᠨ ᠰᠢᠨᠵᠢᠯᠡᠭᠡᠨ᠎ᠦ ᠴᠢᠮᠡᠭᠡ ᠮᠡᠳᠡᠭᠡ᠎ᠶᠢ ᠤᠷᠢᠳᠴᠢᠯᠠᠨ ᠮᠡᠳᠡᠭᠡᠯᠡᠬᠦ ᠠᠵᠢᠯ᠎ᠤᠨ ᠡᠯ᠎ᠡ ᠲᠠᠯ᠎ᠠ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠠᠮ᠎ᠤᠨ ᠡᠭᠦᠷ᠎ᠦᠨ ᠪᠠᠷᠢᠮᠵᠢᠶᠠᠵᠢᠯᠲᠠ ᠵᠢᠷᠤᠮᠵᠢᠭᠤᠯᠤᠯᠲᠠ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ ᠂ ᠨᠠᠮ᠎ᠤᠨ ᠭᠡᠰᠢᠭᠦᠨ ᠺᠠᠳ᠋ᠷᠴᠤᠳ᠎ᠤᠨ ᠪᠦᠬᠦ ᠲᠠᠯ᠎ᠠ᠎ᠶᠢᠨ ᠬᠠᠮᠢᠶᠠᠷᠤᠯᠲᠠ ᠪᠠ ᠪᠠᠢᠩᠭᠤ᠎ᠶᠢᠨ ᠴᠢᠨᠠᠷᠲᠠᠢ ᠬᠢᠨᠠᠯᠲᠠ᠎ᠶᠢ ᠴᠢᠩᠭᠠᠳᠬᠠᠵᠤ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠢᠯᠠᠩ᠎ᠤᠨ ᠪᠠᠢᠭᠤᠯᠤᠯᠲᠠ ᠎ᠶᠢ ᠴᠢᠩᠭᠠᠳᠬᠠᠵᠤ ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ 《 ᠬᠣᠶᠠᠷ᠎ᠢ ᠲᠣᠭᠲᠠᠭᠠᠬᠤ 》᠎ᠶᠢᠨ ᠰᠢᠢᠳᠪᠦᠷᠢᠯᠡᠭᠴᠢ ᠠᠴᠢ ᠬᠣᠯᠪᠣᠭᠳᠠᠯ᠎ᠢ ᠤᠯᠠᠮ ᠨᠢᠭᠡ ᠠᠯᠬᠤᠮ ᠭᠦᠨᠵᠡᠭᠡᠢ ᠣᠢᠯᠠᠭᠠᠭᠤᠯᠵᠤ ᠂ 《 ᠳᠥᠷᠪᠡᠨ ᠤᠬᠠᠮᠰᠠᠷ 》᠎ᠢ ᠴᠢᠩᠭᠠᠳᠬᠠᠵᠤ ᠂ 《 ᠳᠥᠷᠪᠡᠨ ᠢᠲᠡᠭᠡᠯ 》᠎ᠢ ᠪᠠᠲᠤᠳᠬᠠᠨ᠂ 《 ᠬᠣᠶᠠᠷ᠎ᠢ ᠬᠠᠮᠠᠭᠠᠯᠠᠬᠤ 》᠎ᠶᠢ ᠪᠡᠶᠡᠯᠡᠭᠦᠯᠵᠦ ᠂ ᠥᠨᠳᠥᠷ ᠬᠢᠷᠢ ᠲᠦᠪᠰᠢᠨ ᠪᠦᠬᠦᠢ ᠤᠰᠤᠨ ᠰᠢᠨᠵᠢᠯᠡᠭᠡᠨ᠎ᠦ ᠴᠢᠮᠡᠭᠡ ᠮᠡᠳᠡᠭᠡ᠎ᠶᠢ ᠤᠷᠢᠳᠴᠢᠯᠠᠨ ᠮᠡᠳᠡᠭᠡᠯᠡᠬᠦ ᠴᠢᠳᠠᠪᠤᠷᠢᠲᠠᠨ᠎ᠤ ᠡᠩᠨᠡᠭᠡ᠎ᠶᠢ ᠲᠦᠷᠭᠡᠳᠬᠡᠨ ᠬᠥᠮᠥᠵᠢᠭᠦᠯᠵᠦ᠂ ᠨᠠᠮ᠎ᠤᠨ ᠡᠭᠦᠷ᠎ᠦᠨ ᠳᠠᠶ᠋ᠢᠴᠢᠨ ᠪᠡᠬᠢᠯᠡᠯᠲᠡ᠎ᠶᠢᠨ ᠦᠢᠯᠡᠳᠦᠯ ᠪᠠ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ᠎ᠶᠢᠨ ᠦᠢᠯᠡᠳᠦᠯ᠎ᠢ ᠨᠠᠩ ᠰᠠᠢᠲᠤᠷ ᠪᠠᠳᠠᠷᠠᠭᠤᠯᠵᠤ ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠤᠰᠤᠨ ᠰᠢᠨᠵᠢᠯᠡᠭᠡᠨ᠎ᠦ ᠴᠢᠮᠡᠭᠡ ᠮᠡᠳᠡᠭᠡ᠎ᠶᠢ ᠤᠷᠢᠳᠴᠢᠯᠠᠨ ᠮᠡᠳᠡᠭᠡᠯᠡᠬᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            