ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ ᠂ ᠣᠢᠷ᠎ᠠ᠎ᠳᠤ ᠂ ᠠᠯᠠᠱᠠ ᠠᠢᠮᠠᠭ᠎ᠤᠨ ᠡᠵᠡᠨ᠎ᠡ ᠬᠣᠰᠢᠭᠤᠨ᠎ᠤ ᠭᠠᠰᠢᠭᠤᠨ ᠨᠠᠭᠤᠷ᠎ᠲᠤ ᠣᠢᠷ᠎ᠠ᠎ᠶᠢᠨ 5 ᠵᠢᠯ᠎ᠦᠨ ᠲᠤᠷᠰᠢ ᠠᠩᠬ᠎ᠠ ᠤᠳᠠᠭ᠎ᠠ ᠤᠰᠤ ᠢᠷᠡᠵᠦ ᠂ ᠨᠠᠭᠤᠷ᠎ᠤᠨ ᠬᠣᠲᠣᠭᠣᠷ᠎ᠲᠤ ᠨᠣᠮᠢᠨ ᠤᠰᠤ ᠪᠢᠯᠬᠠᠵᠤ ᠂ ᠠᠮᠢᠵᠢᠷᠠᠯ᠎ᠤᠨ ᠬᠦᠴᠦᠨ᠎ᠢᠶᠡᠨ ᠳᠠᠬᠢᠨᠲᠠ ᠢᠯᠡᠷᠡᠭᠦᠯᠪᠡ ᠃
ᠣᠢᠷ᠎ᠠ᠎ᠶᠢᠨ ᠵᠢᠯ᠎ᠳᠦ ᠂ ᠡᠵᠡᠨ᠎ᠡ ᠭᠣᠣᠯ᠎ᠤᠨ ᠤᠰᠤ ᠦᠷᠭᠦᠯᠵᠢᠯᠡᠨ ᠬᠠᠲᠠᠩᠬᠢᠷᠠᠬᠤ ᠂ ᠪᠠᠢᠭᠠᠯᠢ᠎ᠶᠢᠨ ᠣᠶ ᠰᠢᠭᠤᠢ ᠡᠪᠡᠰᠦᠲᠦ ᠭᠠᠵᠠᠷ᠎ᠤᠨ ᠤᠰᠤᠯᠠᠯᠲᠠ᠎ᠶᠢᠨ ᠳᠠᠷᠤᠯᠲᠠ ᠨᠡᠯᠢᠶᠡᠳ ᠶᠡᠬᠡ ᠪᠠᠢᠬᠤ ᠵᠡᠷᠭᠡ ᠪᠠᠢᠳᠠᠯ᠎ᠢ ᠪᠦᠲᠦᠮᠵᠢᠲᠡᠶ ᠠᠷᠭᠠᠴᠠᠬᠤ᠎ᠶᠢᠨ ᠲᠥᠯᠥᠭᠡ ᠂ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠨ ᠬᠢᠨ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠡᠵᠡᠨ᠎ᠡ ᠭᠣᠣᠯ᠎ᠤᠨ ᠰᠠᠪᠠ ᠭᠠᠵᠠᠷ᠎ᠤᠨ ᠬᠠᠮᠢᠶᠠᠷᠤᠯᠲᠠ᠎ᠶᠢᠨ ᠲᠣᠪᠴᠢᠶ᠎ᠠ ᠂ ᠡᠵᠡᠨ᠎ᠡ ᠭᠣᠣᠯ᠎ᠤᠨ ᠳᠤᠮᠳᠠ ᠳᠡᠭᠡᠳᠦ ᠤᠷᠤᠰᠬᠠᠯ᠎ᠤᠨ ᠭᠠᠵᠠᠷ ᠣᠷᠣᠨ ᠯᠤᠭ᠎ᠠ ᠨᠡᠪᠲᠡᠷᠡᠯᠴᠡᠨ ᠵᠣᠬᠢᠴᠠᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ ᠂ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠭᠦᠢᠴᠡᠳᠬᠡᠯ ᠲᠣᠭ᠎ᠠ᠎ᠶᠢ ᠢᠳᠡᠪᠬᠢᠲᠡᠢ ᠲᠡᠮᠡᠴᠡᠨ ᠣᠯᠵᠤ ᠂ 《 ᠡᠵᠡᠨ᠎ᠡ ᠬᠣᠰᠢᠭᠤᠨ᠎ᠤ ᠠᠮᠢ ᠠᠬᠤᠢ᠎ᠶᠢᠨ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠲᠥᠰᠥᠯ 》᠎ᠢ ᠴᠢᠩᠭ᠎ᠠ ᠬᠡᠷᠡᠭᠵᠢᠭᠦᠯᠦᠨ ᠂ 《 ᠤᠰᠤᠨ᠎ᠤ ᠬᠡᠮᠵᠢᠶ᠎ᠡ᠎ᠶᠢ ᠲᠥᠪᠯᠡᠷᠡᠭᠦᠯᠬᠦ ᠂ ᠲᠣᠭᠣᠷᠢᠭ᠋ ᠬᠤᠪᠢᠶᠠᠨ ᠡᠭᠡᠯᠵᠢᠯᠡᠨ ᠤᠰᠤᠯᠠᠬᠤ 》 ᠵᠡᠷᠭᠡ ᠲᠣᠬᠢᠷᠠᠭᠤᠯᠬᠤ ᠠᠷᠭ᠎ᠠ ᠬᠡᠮᠵᠢᠶ᠎ᠡ᠎ᠶᠢ ᠠᠪᠴᠤ ᠂ ᠤᠰᠤᠨ᠎ᠤ ᠬᠡᠮᠵᠢᠶ᠎ᠡ᠎ᠶᠢ ᠬᠥᠳᠡᠯᠦᠩᠭᠦᠢ᠎ᠪᠡᠷ ᠲᠣᠬᠢᠷᠠᠭᠤᠯᠬᠤ᠎ᠶᠢ ᠨᠠᠷᠢᠯᠢᠭ᠋ ᠣᠨᠣᠴᠠᠲᠠᠢ᠎ᠪᠠᠷ ᠬᠡᠷᠡᠭᠵᠢᠭᠦᠯᠵᠦ ᠂ ᠡᠵᠡᠨ᠎ᠡ ᠪᠠᠶᠠᠨ ᠪᠦᠷᠢᠳᠦ᠎ᠳᠦ ᠣᠷᠣᠬᠤ ᠬᠢᠵᠠᠭᠠᠷ᠎ᠲᠠᠢ ᠤᠰᠤᠨ᠎ᠤ ᠡᠬᠢ ᠪᠠᠶᠠᠯᠢᠭ᠋᠎ᠢ ᠬᠠᠮᠤᠭ᠎ᠤᠨ ᠶᠡᠬᠡ ᠴᠢᠷᠮᠠᠢᠯᠭ᠎ᠠ᠎ᠪᠠᠷ ᠰᠠᠢᠲᠤᠷ ᠬᠠᠮᠢᠶᠠᠷᠴᠤ ᠰᠠᠢᠲᠤᠷ ᠬᠡᠷᠡᠭᠯᠡᠭᠰᠡᠨ ᠪᠠᠢᠨ᠎ᠠ ᠃ 9 ᠰᠠᠷ᠎ᠠ᠎ᠶᠢᠨ 2᠎ᠤᠨ ᠡᠳᠦᠷ ᠂ ᠡᠵᠡᠨ᠎ᠡ ᠭᠣᠣᠯ᠎ᠤᠨ ᠭᠣᠣᠯ ᠤᠷᠤᠰᠬᠠᠯ᠎ᠤᠨ 2024 ︱ 2025 ᠣᠨ᠎ᠤ 9 ︱ 11 ᠰᠠᠷ᠎ᠠ᠎ᠶᠢᠨ ᠰᠢᠨᠡᠳ᠎ᠢᠶᠡᠷ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠠᠵᠢᠯ ᠡᠬᠢᠯᠡᠵᠦ ᠂ 《 ᠪᠥᠬᠥ ᠱᠤᠭᠤᠮ᠎ᠢᠶᠠᠷ᠎ᠢᠶᠠᠨ ᠬᠠᠭᠠᠵᠤ ᠂ ᠲᠥᠪᠯᠡᠷᠡᠭᠦᠯᠦᠨ ᠳᠣᠷᠣᠭ᠍ᠰᠢ ᠤᠷᠤᠰᠬᠠᠬᠤ 》 ᠤᠰᠤ ᠲᠣᠬᠢᠷᠠᠭᠤᠯᠬᠤ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ ᠂ 9 ᠰᠠᠷ᠎ᠠ ᠂ 10 ᠰᠠᠷ᠎ᠠ᠎ᠳᠤ ᠵᠠᠯᠭᠠᠯᠳᠤᠭᠤᠯᠤᠨ ᠲᠣᠬᠢᠷᠠᠭᠤᠯᠬᠤ ᠠᠷᠭ᠎ᠠ᠎ᠪᠠᠷ ᠳᠣᠣᠷᠠᠳᠤ ᠤᠷᠤᠰᠬᠠᠯ᠎ᠤᠨ ᠡᠵᠡᠨ᠎ᠡ ᠣᠷᠣᠨ᠎ᠳᠤ ᠤᠰᠤ ᠳᠠᠮᠵᠢᠭᠤᠯᠪᠠ ᠃ 2024 ᠣᠨ᠎ᠤ 11 ᠰᠠᠷ᠎ᠠ᠎ᠠᠴᠠ 2025 ᠣᠨ᠎ᠤ 9 ᠰᠠᠷ᠎ᠠ ᠪᠣᠯᠲᠠᠯ᠎ᠠ ᠂ ᠡᠵᠡᠨ ᠭᠣᠣᠯ᠎ᠤᠨ ᠳᠣᠣᠷᠠᠳᠤ ᠤᠷᠤᠰᠬᠠᠯ᠎ᠤᠨ ᠰᠠᠯᠪᠤᠷᠢ ᠪᠠᠷᠠᠭᠤᠨ ᠭᠣᠣᠯ᠎ᠤᠨ ᠪᠥᠬᠥ ᠱᠤᠭᠤᠮ᠎ᠢᠶᠠᠷ 3 ᠤᠳᠠᠭ᠎ᠠ ᠤᠷᠤᠰ᠎ᠤᠨ ᠥᠩᠭᠡᠷᠡᠵᠦ ᠂ ᠨᠡᠶ᠋ᠢᠲᠡ 1.8 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤᠨ᠎ᠤ ᠬᠡᠮᠵᠢᠶ᠎ᠡ ᠣᠷᠣᠭᠤᠯᠵᠤ ᠂ ᠭᠣᠣᠯ ᠳᠠᠭᠠᠤ ᠵᠢᠴᠢ ᠭᠠᠰᠢᠭᠤᠨ ᠨᠠᠭᠤᠷ᠎ᠤᠨ ᠡᠷᠬᠢᠨ ᠲᠣᠭᠣᠷᠢᠨ᠎ᠤ ᠪᠠᠢᠭᠠᠯᠢ᠎ᠶᠢᠨ ᠣᠢᠲᠤ ᠡᠪᠡᠰᠦᠲᠦ ᠭᠠᠵᠠᠷ᠎ᠢ 6.91 ᠲᠦᠮᠡᠨ ᠮᠦ᠍ ᠤᠰᠤᠯᠠᠵᠤ ᠂ ᠭᠠᠰᠢᠭᠤᠨ ᠨᠠᠭᠤᠷ᠎ᠤᠨ ᠬᠣᠲᠣᠭᠣᠷ᠎ᠤᠨ ᠪᠠᠭ᠎ᠠ ᠨᠠᠭᠤᠷ᠎ᠤᠨ ᠤᠰᠤᠨ ᠣᠷᠣᠨ᠎ᠤ ᠲᠠᠯᠠᠪᠠᠶ 4.721 ᠲᠡᠭᠰᠢ ᠳᠥᠷᠪᠡᠯᠵᠢᠨ ᠺᠢᠯᠣᠮᠧᠲᠷ᠎ᠲᠦ ᠬᠦᠷᠴᠡᠢ ᠃
ᠰᠤᠪᠠᠨᠠᠭᠤᠷ ᠪᠣᠯ ᠮᠠᠨ᠎ᠤ ᠤᠯᠤᠰ᠎ᠤᠨ ᠬᠣᠶᠠᠳᠤᠭᠠᠷ ᠶᠡᠬᠡ ᠳᠣᠲᠣᠭᠠᠳᠤ ᠬᠠᠭᠤᠷᠠᠢ᠎ᠶᠢᠨ ᠭᠣᠣᠯ ᠪᠣᠯᠬᠤ ᠡᠵᠡᠨ᠎ᠡ ᠭᠣᠣᠯ᠎ᠤᠨ ᠠᠳᠠᠭ᠎ᠲᠤ ᠪᠦᠷᠢᠯᠳᠦᠭᠰᠡᠨ ᠨᠠᠭᠤᠷ ᠪᠣᠯᠣᠨ᠎ᠠ ᠃ ᠴᠢ ᠯᠢᠶᠠᠨ ᠱᠠᠨ ᠠᠭᠤᠯᠠ᠎ᠶᠢᠨ ᠭᠦᠨ᠎ᠡᠴᠡ ᠡᠬᠢ ᠠᠪᠤᠭᠰᠠᠨ ᠡᠵᠡᠨ᠎ᠡ ᠭᠣᠣᠯ ᠨᠢ ᠬᠥᠬᠡᠨᠠᠭᠤᠷ ᠂ ᠭᠠᠨᠰᠤ ᠪᠣᠯᠣᠨ ᠥᠪᠥᠷ ᠮᠣᠩᠭᠣᠯ᠎ᠢᠶᠠᠷ ᠤᠷᠤᠰ᠎ᠤᠨ ᠥᠩᠭᠡᠷᠡᠵᠦ ᠂ ᠪᠠᠳᠠᠢ᠎ᠶᠢᠨ ᠵᠢᠷᠠᠨ᠎ᠤ ᠡᠯᠡᠰᠦᠨ᠎ᠦ ᠪᠠᠷᠠᠭᠤᠨ ᠬᠣᠢᠲᠤ ᠵᠠᠬ᠎ᠠ᠎ᠶᠢᠨ ᠬᠣᠶᠠᠷ ᠬᠡᠰᠡᠭ ᠭᠣᠪᠢ᠎ᠶᠢᠨ ᠬᠣᠲᠣᠭᠣᠷ ᠭᠠᠵᠠᠷ᠎ᠲᠤ ᠨᠡᠢᠯᠡᠨ ᠣᠷᠣᠵᠤ ᠂ ᠰᠤᠪᠠᠨᠠᠭᠤᠷ ᠪᠣᠯᠣᠨ ᠭᠠᠰᠢᠭᠤᠨ ᠨᠠᠭᠤᠷ ᠬᠣᠶᠠᠷ ᠶᠡᠬᠡ ᠨᠠᠭᠤᠷ ᠴᠥᠭᠥᠷᠥᠮ᠎ᠢ ᠪᠤᠶ ᠪᠣᠯᠭᠠᠵᠤ ᠂ ᠤᠤᠯ᠎ᠠᠴᠠ᠎ᠪᠠᠨ 《 ᠡᠯᠡᠰᠦᠨ ᠴᠥᠯ᠎ᠦᠨ ᠬᠣᠣᠰ ᠬᠠᠰ 》 ᠬᠡᠮᠡᠨ ᠠᠯᠳᠠᠷᠰᠢᠵᠠᠢ ᠃ ᠡᠷᠲᠡᠨ᠎ᠡᠴᠡ ᠠᠪᠤᠭᠠᠳ ᠂ ᠰᠤᠪᠠᠨᠠᠭᠤᠷ ᠪᠣᠯ ᠳᠠᠷᠤᠢ ᠬᠠᠨ ᠤᠯᠤᠰ᠎ᠤᠨ ᠦᠶ᠎ᠡ᠎ᠳᠦ ᠠᠲᠠᠷ ᠬᠠᠭᠠᠯᠪᠤᠷᠢᠯᠠᠨ ᠬᠢᠯᠢ ᠬᠢᠵᠠᠭᠠᠷ᠎ᠢ ᠬᠠᠮᠠᠭᠠᠯᠠᠬᠤ 《 ᠪᠣᠭᠣᠮᠲᠠ᠎ᠶᠢᠨ ᠤᠰᠤᠨ ᠬᠥᠮᠥᠷᠭᠡ 》 ᠪᠠᠢᠵᠤ ᠂ ᠡᠷᠲᠡᠨ᠎ᠦ ᠲᠣᠷᠭᠠᠨ ᠵᠠᠮ ᠳᠡᠭᠡᠷᠡᠬᠢ ᠴᠢᠬᠤᠯᠠ ᠬᠠᠩᠭᠠᠯᠭ᠎ᠠ᠎ᠶᠢᠨ ᠥᠷᠲᠡᠭᠡ ᠪᠣᠯᠣᠨ᠎ᠠ ᠃