10 ᠰᠠᠷ᠎ᠠ᠎ᠶᠢᠨ 6᠎ᠤ ᠡᠳᠦᠷ ᠂ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠡᠳᠦᠷ ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠶᠠᠮᠤᠨ᠎ᠤ ᠰᠠᠢᠳ ᠯᠢ ᠭᠦᠸᠧ ᠶᠢᠩ ᠤᠷᠢᠳ ᠬᠣᠵᠢᠳ ᠤᠰᠤᠨ ᠠᠰᠢᠭ᠍ᠯᠠᠯᠲᠠ᠎ᠶᠢᠨ ᠶᠠᠮᠤᠨ᠎ᠤ ᠤᠰᠤ ᠭᠠᠩ᠎ᠤᠨ ᠭᠠᠮᠰᠢᠭ᠋᠎ᠢ ᠰᠡᠷᠭᠡᠢᠯᠡᠨ ᠬᠣᠷᠢᠭ᠍ᠯᠠᠬᠤ ᠵᠢᠵᠢᠭᠦᠷ᠎ᠦᠨ ᠲᠠᠰᠤᠭ ᠂ ᠶᠡᠷᠦᠩᠬᠡᠢ ᠵᠢᠵᠢᠭᠦᠷ᠎ᠦᠨ ᠲᠠᠰᠤᠭ ᠂ ᠪᠠᠢᠭᠤᠯᠭ᠎ᠠ᠎ᠶᠢᠨ ᠲᠥᠪ᠎ᠦᠨ ᠡᠵᠡᠮᠳᠡᠯ᠎ᠦᠨ ᠲᠠᠰᠤᠭ ᠂ ᠮᠡᠳᠡᠭᠡ ᠵᠠᠩᠭᠢ᠎ᠶᠢᠨ ᠲᠥᠪ᠎ᠦᠨ ᠤᠰᠤᠨ᠎ᠤ ᠪᠠᠢᠳᠠᠯ ᠦᠶᠡᠷ᠎ᠦᠨ ᠪᠠᠢᠳᠠᠯ᠎ᠤᠨ ᠵᠢᠵᠢᠭᠦᠷ᠎ᠦᠨ ᠲᠠᠰᠤᠭ᠎ᠲᠤ ᠬᠦᠷᠴᠦ ᠂ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠵᠢᠵᠢᠭᠦᠷ᠎ᠦᠨ ᠠᠵᠢᠯ᠎ᠢ ᠪᠠᠢᠴᠠᠭᠠᠨ ᠵᠢᠯᠤᠭᠣᠳᠴᠤ ᠂ ᠵᠢᠵᠢᠭᠦᠷᠯᠡᠨ ᠰᠠᠬᠢᠭ᠍ᠴᠢᠳᠢ ᠪᠣᠯᠭᠣᠭᠠᠨ ᠲᠣᠬᠣᠨᠢᠭᠤᠯᠪᠠ ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠂ ᠳᠡᠳ᠋ ᠰᠠᠢᠳ ᠯᠢᠦ ᠳ᠋ᠦᠩ ᠱᠦᠨ ᠬᠠᠮᠲᠤ᠎ᠪᠠᠷ ᠪᠠᠢᠴᠠᠭᠠᠨ ᠲᠣᠬᠣᠨᠢᠭᠤᠯᠪᠠ ᠃
ᠯᠢ ᠭᠦᠸᠧ ᠶᠢᠩ ᠡᠯ᠎ᠡ ᠵᠢᠵᠢᠭᠦᠷ᠎ᠦᠨ ᠲᠠᠰᠤᠭ᠎ᠲᠤ ᠲᠤᠰ ᠲᠤᠰ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠤ ᠵᠢᠵᠢᠭᠦᠷ᠎ᠦᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠪᠠᠴᠢᠮ ᠴᠠᠬᠢᠯᠭᠠᠨ ᠮᠡᠳᠡᠭᠡ᠎ᠶᠢ ᠰᠢᠢᠳᠪᠦᠷᠢᠯᠡᠬᠦ᠂ ᠵᠢᠵᠢᠭᠦᠷ᠎ᠦᠨ ᠮᠡᠳᠡᠭᠡ ᠵᠠᠩᠭᠢ᠎ᠶᠢ ᠬᠠᠷᠭᠤᠭᠤᠯᠤᠨ ᠮᠡᠳᠡᠭᠦᠯᠬᠦ᠂ ᠲᠥᠬᠦᠭᠡᠷᠦᠮᠵᠢ᠎ᠶᠢᠨ ᠰᠢᠰᠲᠧᠮ᠎ᠦᠨ ᠠᠵᠢᠯᠯᠠᠭ᠎ᠠ᠂ ᠵᠢᠵᠢᠭᠦᠷ᠎ᠦᠨ ᠠᠮᠢᠳᠤᠷᠠᠯ᠎ᠤᠨ ᠪᠠᠲᠤᠯᠠᠭ᠎ᠠ ᠵᠡᠷᠭᠡ ᠪᠠᠢᠳᠠᠯ᠎ᠢ ᠨᠠᠷᠢᠨ ᠣᠢᠯᠠᠭᠠᠪᠠ᠃ ᠲᠡᠷᠡ᠂ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠬᠣᠣᠰ ᠪᠠᠶᠠᠷ ᠳᠠᠪᠬᠤᠴᠠᠵᠤ᠂ ᠵᠢᠵᠢᠭᠦᠷᠯᠡᠨ ᠰᠠᠬᠢᠬᠤ ᠠᠵᠢᠯ᠎ᠤᠨ ᠬᠠᠷᠢᠭᠤᠴᠠᠯᠭ᠎ᠠ ᠬᠦᠨᠳᠦ ᠶᠤᠮ᠃ ᠶᠡᠷᠦᠩᠬᠡᠢ ᠱᠦᠵᠢ ᠰᠢ᠎ᠶᠢᠨ ᠫᠢᠩ᠎ᠤᠨ ᠦᠶᠡᠷ᠎ᠢ ᠰᠡᠷᠭᠡᠢᠯᠡᠨ ᠭᠠᠮᠰᠢᠭ᠋᠎ᠠᠴᠠ ᠠᠪᠤᠷᠠᠬᠤ ᠂ ᠵᠢᠵᠢᠭᠦᠷᠯᠡᠨ ᠰᠠᠬᠢᠬᠤ ᠵᠡᠷᠭᠡ ᠠᠵᠢᠯ᠎ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠵᠢᠵᠢᠭᠦᠷᠯᠡᠬᠦ ᠠᠵᠢᠯ᠎ᠤᠨ ᠲᠤᠬᠠᠢ ᠲᠥᠪ ᠬᠣᠷᠢᠶᠠᠨ᠎ᠤ ᠠᠯᠪᠠᠨ ᠲᠢᠩᠬᠢᠮ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠡᠯ᠎ᠡ ᠵᠦᠢᠯ᠎ᠦᠨ ᠲᠣᠭᠲᠠᠭᠠᠯ᠎ᠢ ᠴᠢᠩᠭ᠎ᠠ ᠬᠡᠷᠡᠭᠵᠢᠭᠦᠯᠵᠦ ᠂ ᠴᠢᠬᠤᠯᠠ ᠪᠠᠴᠢᠮ ᠪᠠᠢᠳᠠᠯ᠎ᠢ ᠴᠠᠭ ᠲᠤᠬᠠᠢ ᠳ᠋ᠤᠨᠢ ᠮᠡᠳᠡᠭᠦᠯᠵᠦ ᠂ ᠤᠰᠤᠨ᠎ᠳᠤ ᠬᠣᠯᠪᠣᠭᠳᠠᠬᠤ ᠭᠡᠨᠡᠳᠲᠡ᠎ᠶᠢᠨ ᠬᠡᠷᠡᠭ᠎ᠢ ᠲᠣᠬᠢᠲᠠᠢ ᠰᠢᠢᠳᠪᠦᠷᠢᠯᠡᠵᠦ ᠂ ᠳᠡᠭᠡᠭᠰᠢ ᠳᠠᠮᠵᠢᠭᠤᠯᠵᠤ ᠳᠣᠷᠣᠭ᠍ᠰᠢ ᠪᠠᠭᠤᠯᠭᠠᠬᠤ ᠂ ᠳᠣᠣᠷᠠᠳᠤ ᠱᠠᠲᠤᠨ᠎ᠤ ᠪᠠᠢᠳᠠᠯ᠎ᠢ ᠳᠡᠭᠡᠭᠰᠢ ᠮᠡᠳᠡᠭᠦᠯᠬᠦ ᠂ ᠵᠡᠭᠦᠨᠰᠢ ᠪᠠᠷᠠᠭᠤᠨᠰᠢ ᠬᠣᠯᠪᠣᠯᠳᠤᠨ ᠨᠡᠪᠲᠡᠷᠡᠯᠴᠡᠬᠦ ᠂ ᠠᠵᠢᠯᠯᠠᠭᠠᠨ ᠨᠢ ᠥᠨᠳᠥᠷ ᠪᠦᠲᠦᠮᠵᠢᠲᠡᠶ ᠵᠠᠩᠭᠢᠯᠠᠭ᠎ᠠ᠎ᠶᠢᠨ ᠲᠠᠪᠴᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢ ᠭᠦᠸᠧ ᠶᠢᠩ ᠂ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠳᠤ ᠤᠰᠤᠨ ᠠᠰᠢᠭ᠍ᠯᠠᠯᠲᠠ᠎ᠶᠢᠨ ᠵᠢᠵᠢᠭᠦᠷᠯᠡᠨ ᠰᠠᠬᠢᠬᠤ ᠠᠵᠢᠯ ᠨᠢ ᠨᠡᠩ ᠴᠤ᠌ ᠴᠢᠪᠬᠠᠳᠠᠰᠤ᠎ᠪᠠᠨ ᠴᠢᠩᠭᠠᠯᠠᠵᠤ ᠂ ᠰᠡᠳᠬᠢᠯ ᠰᠠᠨᠠᠭ᠎ᠠ᠎ᠪᠠᠨ ᠰᠤᠯᠠᠷᠠᠭᠤᠯᠬᠤ ᠦᠭᠡᠢ ᠪᠠᠢᠬᠤ ᠬᠡᠷᠡᠭᠲᠡᠢ ᠂ ᠠᠶᠤᠯ ᠲᠦᠭᠰᠢᠭᠦᠷᠢ᠎ᠶᠢᠨ ᠤᠬᠠᠮᠰᠠᠷ ᠂ ᠰᠠᠨᠠᠭᠠᠰᠢᠷᠠᠨ ᠵᠣᠪᠠᠨᠢᠬᠤ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠬᠠᠵᠤ ᠂ ᠬᠣᠷᠢᠭ᠎ᠠ ᠱᠤᠭᠤᠮ᠎ᠤᠨ ᠰᠡᠳᠬᠢᠬᠦᠢ ᠂ ᠲᠤᠢᠯᠰᠢᠷᠠᠯ᠎ᠤᠨ ᠰᠡᠳᠬᠢᠬᠦᠢ᠎ᠶᠢ ᠪᠠᠲᠤ ᠪᠤᠶ ᠪᠣᠯᠭᠠᠵᠤ ᠂ ᠡᠯ᠎ᠡ ᠱᠠᠲᠤ ᠳᠠᠪᠬᠤᠷᠭ᠎ᠠ ᠡᠯ᠎ᠡ ᠠᠵᠢᠯ᠎ᠤᠨ ᠪᠠᠢᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠪᠣᠷᠣᠭᠠᠨ᠎ᠤ ᠤᠰᠤᠨ᠎ᠤ ᠪᠠᠢᠳᠠᠯ᠎ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠲᠠᠢᠹᠧᠩ ᠰᠠᠯᠬᠢ ᠰᠢᠷᠦᠭᠦᠨ ᠪᠣᠷᠣᠭᠠᠨ ᠦᠶᠡᠷ᠎ᠦᠨ ᠤᠰᠤ᠎ᠶᠢ ᠰᠡᠷᠭᠡᠢᠯᠡᠬᠦ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠂ ᠤᠰᠤᠨ ᠠᠰᠢᠭ᠍ᠯᠠᠯᠲᠠ᠎ᠶᠢᠨ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠲᠠᠯ᠎ᠠ ᠡᠯ᠎ᠡ ᠭᠣᠭᠴᠣᠭ᠎ᠠ᠎ᠶᠢᠨ ᠠᠵᠢᠯ᠎ᠢ ᠴᠢᠩᠭ᠎ᠠ ᠠᠳᠬᠤᠵᠤ᠂ ᠡᠯ᠎ᠡ ᠵᠦᠢᠯ᠎ᠦᠨ ᠠᠵᠢᠯ᠎ᠤᠨ ᠠᠷᠭ᠎ᠠ ᠬᠡᠮᠵᠢᠶ᠎ᠡ ᠪᠠ ᠪᠠᠴᠢᠮ ᠪᠠᠢᠳᠠᠯ᠎ᠢ ᠠᠷᠭᠠᠴᠠᠬᠤ ᠪᠡᠯᠡᠳᠬᠡᠯ ᠲᠥᠰᠥᠯ᠎ᠢ ᠨᠠᠷᠢᠨ ᠨᠠᠢᠳᠠᠪᠤᠷᠢᠵᠢᠭᠤᠯᠵᠤ᠂ ᠤᠰᠤᠨ ᠠᠰᠢᠭ᠍ᠯᠠᠯᠲᠠ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠭᠣᠣᠯ ᠮᠥᠷᠡᠨ᠎ᠦ ᠠᠮᠤᠷ ᠲᠦᠪᠰᠢᠨ᠂ ᠲᠦᠷᠦ ᠲᠦᠪᠰᠢᠨ ᠠᠷᠠᠳ ᠠᠮᠤᠭᠤᠯᠠᠩ ᠪᠠᠢᠬᠤ᠎ᠶᠢ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃