10 ᠰᠠᠷ᠎ᠠ᠎ᠶᠢᠨ 24᠎ᠦ ᠡᠳᠦᠷ᠎ᠦᠨ 8 ᠴᠠᠭ᠎ᠲᠤ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠳᠦ ᠬᠡᠪ᠎ᠦᠨ ᠤᠰᠤᠨ ᠲᠦᠪᠰᠢᠨ᠎ᠤ 175 ᠮᠧᠲᠷ ᠬᠦᠷᠲᠡᠯ᠎ᠡ ᠤᠰᠤ ᠬᠠᠳᠠᠭᠠᠯᠠᠵᠠᠢ ᠂ ᠡᠨᠡ ᠪᠣᠯ ᠭᠤᠷᠪᠠᠨ ᠬᠠᠪᠴᠢᠯ᠎ᠤᠨ ᠤᠰᠤᠨ ᠴᠥᠭᠥᠷᠥᠮ᠎ᠢ 2010 ᠣᠨ᠎ᠳᠤ ᠠᠩᠬ᠎ᠠ ᠤᠳᠠᠭ᠎ᠠ 175 ᠮᠧᠲᠷ ᠬᠦᠷᠲᠡᠯ᠎ᠡ ᠬᠠᠳᠠᠭᠠᠯᠠᠭᠰᠠᠨᠤ ᠳᠠᠷᠠᠭᠠᠬᠢ 14 ᠳ᠋ᠦ᠍ᠭᠡᠷ ᠤᠳᠠᠭᠠᠨ᠎ᠤ ᠳᠦᠭᠦᠷᠡᠩ ᠬᠠᠳᠠᠭᠠᠯᠠᠬᠤ ᠬᠠᠷᠠᠯᠲᠠ᠎ᠶᠢ ᠪᠡᠶᠡᠯᠡᠭᠦᠯᠵᠦ ᠪᠠᠢᠭ᠎ᠠ ᠶᠠᠪᠤᠳᠠᠯ ᠪᠣᠯᠣᠨ᠎ᠠ ᠂ ᠡᠨᠡ ᠨᠢ ᠭᠤᠷᠪᠠᠨ ᠬᠠᠪᠴᠢᠯ᠎ᠤᠨ ᠤᠰᠤᠨ ᠴᠥᠭᠥᠷᠥᠮ᠎ᠢᠶᠡᠷ ᠭᠣᠣᠯ ᠪᠣᠯᠭᠠᠭᠰᠠᠨ ᠬᠥᠬᠡᠮᠥ᠋ᠷᠡᠨ᠎ᠦ ᠳᠡᠭᠡᠳᠦ ᠤᠷᠤᠰᠬᠠᠯ᠎ᠤᠨ ᠤᠰᠤᠨ ᠴᠥᠭᠥᠷᠥᠮ᠎ᠦᠨ ᠰᠦᠷᠦᠭᠵᠢᠯ᠎ᠦᠨ ᠣᠨ᠎ᠤ ᠤᠰᠤ ᠬᠠᠳᠠᠭᠠᠯᠠᠬᠤ ᠡᠭᠦᠷᠭᠡ᠎ᠪᠡᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ᠎ᠢ ᠬᠠᠷᠠᠭᠤᠯᠵᠤ᠂ ᠡᠨᠡ ᠡᠪᠦᠯ ᠢᠷᠡᠬᠦ ᠬᠠᠪᠤᠷ ᠤᠰᠤ ᠬᠠᠩᠭᠠᠬᠤ ᠂ ᠤᠰᠤᠯᠠᠬᠤ᠂ ᠴᠠᠬᠢᠯᠭᠠᠨ ᠭᠠᠷᠭᠠᠬᠤ᠂ ᠤᠰᠤᠨ ᠵᠠᠮ᠎ᠤᠨ ᠲᠡᠭᠡᠭᠡᠪᠦᠷᠢ᠂ ᠠᠮᠢ ᠠᠬᠤᠢ ᠵᠡᠷᠭᠡ ᠶᠡᠷᠦᠩᠬᠡᠢᠯᠡᠭᠰᠡᠨ ᠦᠷ᠎ᠡ ᠠᠰᠢᠭ᠋᠎ᠢ ᠭᠦᠢᠴᠡᠳ ᠪᠠᠳᠠᠷᠠᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠪᠠᠢᠨ᠎ᠠ᠃
ᠤᠰᠤᠨ ᠠᠰᠢᠭ᠍ᠯᠠᠯᠲᠠ᠎ᠶᠢᠨ ᠶᠠᠮᠤᠨ ᠶᠡᠷᠦᠩᠬᠡᠢ ᠱᠦᠵᠢ ᠰᠢ᠎ᠶᠢᠨ ᠫᠢᠩ᠎ᠤᠨ ᠦᠶᠡᠷ᠎ᠢ ᠰᠡᠷᠭᠡᠢᠯᠡᠵᠦ ᠭᠠᠩ ᠬᠠᠭᠰᠠᠷᠠᠭᠠᠨ᠎ᠲᠠᠢ ᠲᠡᠮᠡᠴᠡᠬᠦ ᠲᠤᠬᠠᠢ ᠴᠢᠬᠤᠯᠠ ᠵᠢᠭᠠᠪᠤᠷᠢ ᠪᠣᠯᠣᠨ ᠬᠥᠬᠡᠮᠥ᠋ᠷᠡᠨ᠎ᠦ ᠠᠵᠤ ᠠᠬᠤᠢ᠎ᠶᠢᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠶᠢ ᠴᠢᠨᠠᠭᠰᠢᠳᠠ ᠠᠬᠢᠭᠤᠯᠬᠤ ᠲᠤᠬᠠᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠤᠯᠤᠰ᠎ᠤᠨ ᠦᠶᠡᠷ᠎ᠢ ᠰᠡᠷᠭᠡᠢᠯᠡᠵᠦ ᠭᠠᠩ᠎ᠢ ᠰᠡᠷᠭᠡᠢᠯᠡᠬᠦ ᠶᠡᠷᠦᠩᠬᠡᠢ ᠵᠠᠬᠢᠷᠭ᠎ᠠ᠎ᠶᠢᠨ ᠳᠡᠳ᠋ ᠶᠡᠷᠦᠩᠬᠡᠢ ᠵᠢᠯᠣᠭᠣᠳᠤᠭ᠍ᠴᠢ᠂ ᠤᠰᠤᠨ ᠠᠰᠢᠭ᠍ᠯᠠᠯᠲᠠ᠎ᠶᠢᠨ ᠶᠠᠮᠤᠨ᠎ᠤ ᠰᠠᠢᠳ ᠯᠢ ᠭᠥᠸᠧ ᠶᠢᠩ ᠤᠯᠠᠨ ᠤᠳᠠᠭ᠎ᠠ ᠵᠥᠪᠳᠡᠯᠴᠡᠭᠡ᠎ᠶᠢ ᠡᠷᠬᠢᠯᠡᠵᠤ᠂ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠳᠤ ᠵᠠᠯᠭᠠᠭ᠎ᠠ᠎ᠪᠠᠷ 2 ᠤᠳᠠᠭ᠎ᠠ ᠵᠥᠪᠳᠡᠯᠴᠡᠭᠡᠳ᠂ ᠭᠤᠷᠪᠠᠨ ᠬᠠᠪᠴᠢᠯ ᠵᠢᠴᠢ ᠬᠥᠬᠡᠮᠥ᠋ᠷᠡᠨ᠎ᠦ ᠰᠠᠪᠠ ᠭᠠᠵᠠᠷ᠎ᠤᠨ ᠤᠰᠤᠨ ᠴᠥᠭᠥᠷᠥᠮ᠎ᠦᠨ ᠰᠦᠷᠦᠭᠵᠢᠯ᠎ᠦᠨ ᠤᠰᠤ ᠬᠠᠳᠠᠭᠠᠯᠠᠬᠤ ᠠᠵᠢᠯ᠎ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠤᠰᠤᠨ ᠠᠰᠢᠭ᠍ᠯᠠᠯᠲᠠ᠎ᠶᠢᠨ ᠶᠠᠮᠤᠨ᠂ ᠤᠰᠤᠨ ᠠᠰᠢᠭ᠍ᠯᠠᠯᠲᠠ᠎ᠶᠢᠨ ᠶᠠᠮᠤᠨ᠎ᠤ ᠬᠥᠬᠡᠮᠥ᠋ᠷᠡᠨ᠎ᠦ ᠤᠰᠤᠨ ᠠᠰᠢᠭ᠍ᠯᠠᠯᠲᠠ᠎ᠶᠢᠨ ᠵᠥᠪᠯᠡᠯ ( ᠳᠣᠷᠣᠭ᠍ᠰᠢ ᠬᠥᠬᠡᠮᠥ᠋ᠷᠡᠨ᠎ᠦ ᠵᠥᠪᠯᠡᠯ ᠭᠡᠵᠦ ᠲᠣᠪᠴᠢᠯᠠᠨ᠎ᠠ ) ᠨᠢ ᠭᠠᠩ ᠤᠰᠤᠲᠤᠯ᠎ᠢ ᠬᠠᠮᠲᠤ᠎ᠪᠠᠷ ᠰᠡᠷᠭᠡᠢᠯᠡᠵᠦ ᠬᠠᠮᠲᠤ᠎ᠪᠠᠷ ᠵᠠᠰᠠᠬᠤ᠎ᠶᠢ ᠪᠠᠷᠢᠮᠲᠠᠯᠠᠵᠤ ᠂ ᠦᠶᠡᠷ᠎ᠢ ᠰᠡᠷᠭᠡᠢᠯᠡᠬᠦ᠂ ᠤᠰᠤ ᠬᠠᠩᠭᠠᠬᠤ᠂ ᠴᠠᠬᠢᠯᠭᠠᠨ ᠭᠠᠷᠭᠠᠬᠤ᠂ ᠤᠰᠤᠨ ᠵᠠᠮ᠎ᠤᠨ ᠲᠡᠭᠡᠭᠡᠪᠦᠷᠢ᠂ ᠠᠮᠢ ᠠᠬᠤᠢ᠂ ᠤᠰᠤᠯᠠᠯᠲᠠ ᠵᠡᠷᠭᠡ᠎ᠶᠢᠨ ᠬᠡᠷᠡᠭᠴᠡᠭᠡ᠎ᠶᠢ ᠨᠢᠭᠡᠳᠦᠯᠲᠡᠢ ᠲᠥᠯᠥᠪᠯᠡᠨ᠂ ᠭᠤᠷᠪᠠᠨ ᠬᠠᠪᠴᠢᠯ ᠵᠢᠴᠢ ᠬᠥᠬᠡᠮᠥ᠋ᠷᠡᠨ᠎ᠦ ᠰᠠᠪᠠ ᠭᠠᠵᠠᠷ᠎ᠤᠨ ᠤᠰᠤᠨ ᠴᠥᠭᠥᠷᠥᠮ᠎ᠦᠨ ᠰᠦᠷᠦᠭᠵᠢᠯ᠎ᠢ ᠨᠠᠷᠢᠯᠢᠭ᠋ ᠣᠨᠣᠴᠠᠲᠠᠢ᠎ᠪᠠᠷ ᠬᠠᠮᠲᠤᠷᠠᠨ ᠲᠣᠬᠢᠷᠠᠭᠤᠯᠵᠤ᠂ ᠭᠣᠣᠯ ᠦᠶᠡᠷ᠎ᠦᠨ ᠬᠤᠭᠤᠴᠠᠭᠠᠨ᠎ᠳᠤ ᠢᠷᠡᠬᠦ ᠤᠰᠤ ᠢᠯᠡᠳᠲᠡ ᠪᠠᠭ᠎ᠠ ᠪᠠᠢᠵᠤ᠂ ᠰᠠᠪᠠ ᠭᠠᠵᠠᠷ᠎ᠤᠨ ᠭᠠᠩ ᠬᠠᠭᠰᠠᠷᠠᠭᠠᠨ᠎ᠤ ᠪᠠᠢᠳᠠᠯ ᠬᠦᠨᠳᠦ ᠬᠡᠴᠡᠭᠦᠦ ᠪᠠᠢᠬᠤ ᠪᠠᠢᠳᠠᠯ ᠳᠣᠣᠷ᠎ᠠ᠂ ᠦᠶᠡᠷ᠎ᠦᠨ ᠳᠠᠷᠠᠭᠠᠬᠢ ᠭᠤᠷᠪᠠᠨ ᠬᠠᠪᠴᠢᠯ ᠵᠡᠷᠭᠡ ᠬᠢᠵᠠᠭᠠᠷᠯᠠᠬᠤ ᠴᠢᠨᠠᠷᠲᠠᠢ ᠤᠰᠤᠨ ᠴᠥᠭᠥᠷᠥᠮ᠎ᠢ ᠦᠨᠳᠦᠰᠦᠨ᠎ᠳᠡᠭᠡᠨ ᠳᠦᠭᠦᠷᠭᠡᠵᠦ᠂ ᠰᠠᠪᠠ ᠭᠠᠵᠠᠷ᠎ᠤᠨ ᠤᠰᠤᠨ ᠴᠥᠭᠥᠷᠥᠮ᠎ᠦᠨ ᠰᠦᠷᠦᠭᠵᠢᠯ᠎ᠦᠨ ᠤᠰᠤᠨ᠎ᠤ ᠬᠠᠳᠠᠭᠠᠯᠠᠭᠳᠠᠴᠠ᠎ᠶᠢ 1081 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠭᠡᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠦ᠂ ᠤᠯᠠᠨ ᠬᠠᠷᠠᠯᠲᠠ᠎ᠶᠢᠨ ᠬᠠᠮᠲᠤ᠎ᠪᠠᠷ ᠠᠰᠢᠭ᠋ ᠬᠦᠷᠳᠡᠬᠦ᠎ᠶᠢ ᠪᠡᠶᠡᠯᠡᠭᠦᠯᠪᠡ᠃
ᠨᠢᠭᠡ᠎ᠳᠦ ᠂ ᠰᠢᠰᠲᠧᠮᠲᠦ ᠰᠡᠳᠬᠢᠬᠦᠢ᠎ᠶᠢ ᠪᠠᠷᠢᠮᠲᠠᠯᠠᠵᠤ ᠂ ᠤᠰᠤᠨ ᠴᠥᠭᠥᠷᠥᠮ᠎ᠦᠨ ᠲᠣᠬᠢᠷᠠᠭᠤᠯᠤᠯᠲᠠ᠎ᠶᠢ ᠰᠢᠨᠵᠢᠯᠡᠬᠦ ᠤᠬᠠᠭᠠᠨᠴᠢ᠎ᠪᠠᠷ ᠰᠢᠯᠢᠳᠡᠭᠵᠢᠭᠦᠯᠪᠡ ᠃ ᠭᠤᠷᠪᠠᠨ ᠬᠠᠪᠴᠢᠯ᠎ᠤᠨ ᠤᠰᠤᠨ ᠴᠥᠭᠥᠷᠥᠮ᠎ᠢᠶᠡᠷ ᠭᠣᠣᠯ ᠪᠣᠯᠭᠠᠭᠰᠠᠨ ᠬᠥᠬᠡᠮᠥ᠋ᠷᠡᠨ᠎ᠦ ᠳᠡᠭᠡᠳᠦ ᠤᠷᠤᠰᠬᠠᠯ᠎ᠤᠨ ᠤᠰᠤᠨ ᠴᠥᠭᠥᠷᠥᠮ᠎ᠦᠨ ᠰᠦᠷᠦᠭᠵᠢᠯ᠎ᠢ ᠰᠢᠰᠲᠧᠮ᠎ᠲᠠᠢ᠂ ᠰᠢᠨᠵᠢᠯᠡᠬᠦ ᠤᠬᠠᠭᠠᠨᠴᠢ᠂ ᠠᠮᠤᠷ ᠲᠦᠪᠰᠢᠨ᠂ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠵᠠᠢ᠃ ᠰᠠᠪᠠ ᠭᠠᠵᠠᠷ᠎ᠤᠨ ᠵᠠᠷᠢᠮᠳᠤᠭ ᠭᠠᠩ᠎ᠤᠨ ᠪᠠᠢᠳᠠᠯ᠎ᠲᠠᠢ ᠤᠶᠠᠯᠳᠤᠭᠤᠯᠤᠨ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠳᠦ 3 ᠤᠳᠠᠭᠠᠨ᠎ᠤ ᠤᠰᠤᠯᠠᠯᠲᠠ᠎ᠶᠢ ᠪᠠᠲᠤᠯᠠᠵᠤ ᠤᠰᠤ ᠨᠥᠬᠥᠪᠦᠷᠢᠯᠡᠬᠦ ᠲᠣᠬᠢᠷᠠᠭᠤᠯᠤᠯᠲᠠ᠎ᠶᠢ ᠬᠡᠷᠡᠭᠵᠢᠭᠦᠯᠵᠦ᠂ ᠨᠡᠢ᠍ᠢᠳᠡ 72 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠵᠦ᠂ ᠵᠢᠩᠵᠧᠦ᠂ ᠦᠬᠠᠨ ᠵᠡᠷᠭᠡ ᠮᠥᠷᠡᠨ ᠳᠠᠭᠠᠤ᠎ᠶᠢᠨ ᠬᠤᠳᠠ ᠪᠣᠯᠣᠨ ᠳᠤᠮᠳᠠ ᠳᠣᠣᠷᠠᠳᠤ ᠤᠷᠤᠰᠬᠠᠯ᠎ᠤᠨ 1533 ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ 5558 ᠲᠦᠮᠡᠨ ᠮᠦ᠍ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤ᠎ᠶᠢ ᠬᠦᠴᠦᠲᠡᠢ ᠪᠠᠲᠤᠯᠠᠪᠠ ; ᠡᠭᠦᠨ᠎ᠦ ᠬᠠᠮᠲᠤ ᠭᠣᠣᠯ ᠦᠶᠡᠷ᠎ᠦᠨ ᠬᠤᠭᠤᠴᠠᠭᠠᠨ᠎ᠤ ᠳᠤᠮᠳᠠ ᠳᠣᠣᠷ᠎ᠠ ᠤᠷᠤᠰᠬᠠᠯ᠎ᠤᠨ ᠤᠰᠤ ᠪᠠᠭ᠎ᠠ ᠣᠷᠣᠵᠤ ᠂ ᠱᠠᠲᠤᠴᠢ ᠴᠢᠨᠠᠷᠲᠠᠢ ᠭᠠᠩ ᠬᠠᠭᠰᠠᠷᠭᠠᠨ ᠡᠭᠦᠰᠴᠦ ᠮᠡᠳᠡᠬᠦ ᠵᠢᠱ᠌ᠢᠯᠲᠡ᠎ᠶᠢ ᠦᠨᠳᠦᠰᠦᠯᠡᠨ ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠦᠨ ᠤᠰᠤᠨ ᠲᠦᠪᠰᠢᠨ᠎ᠢ ᠰᠢᠨᠵᠢᠯᠡᠬᠦ ᠤᠬᠠᠭᠠᠨᠴᠢ᠎ᠪᠠᠷ 152 ᠮᠧᠲᠷ ᠣᠷᠴᠢᠮ ᠪᠣᠯᠲᠠᠯ᠎ᠠ ᠪᠠᠭᠤᠷᠠᠭᠤᠯᠬᠤ᠎ᠪᠠᠷ ᠲᠣᠬᠢᠷᠠᠭᠤᠯᠵᠤ ᠂ ᠭᠠᠩ ᠬᠠᠭᠰᠠᠷᠠᠭᠠᠨ᠎ᠲᠠᠢ ᠲᠡᠮᠡᠴᠡᠬᠦ ᠤᠰᠤᠨ᠎ᠤ ᠡᠬᠢ ᠰᠤᠷᠪᠤᠯᠵᠢ᠎ᠶᠢ ᠪᠠᠷᠤᠭ 38 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠷᠢᠳᠴᠢᠯᠠᠨ ᠦᠯᠡᠳᠡᠭᠡᠭᠰᠡᠨ ᠪᠠᠢᠨ᠎ᠠ ᠃ 6 ᠰᠠᠷ᠎ᠠ᠎ᠠᠴᠠ 8 ᠰᠠᠷ᠎ᠠ ᠪᠣᠯᠲᠠᠯ᠎ᠠ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠦᠨ ᠡᠳᠦᠷ ᠳᠤᠮᠳᠠᠴᠢ᠎ᠶᠢᠨ ᠳᠣᠷᠣᠭ᠍ᠰᠢ ᠤᠷᠤᠰᠬᠤ ᠤᠷᠤᠰᠬᠠᠯ᠎ᠤᠨ ᠬᠡᠮᠵᠢᠶ᠎ᠡ᠎ᠶᠢ ᠰᠧᠺᠦ᠋ᠨ᠋ᠳ᠋ ᠪᠦᠷᠢᠳᠦ 14000 ᠪᠣᠰᠣᠭ᠎ᠠ ᠳᠥᠷᠪᠡᠯᠵᠢᠨ ᠮᠧᠲᠷ᠎ᠡᠴᠡ ᠳᠣᠣᠷ᠎ᠠ ᠪᠠᠢᠯᠭᠠᠬᠤ ᠦᠭᠡᠢ ᠪᠠᠢᠯᠭᠠᠵᠤ᠂ ᠬᠥᠬᠡᠮᠥ᠋ᠷᠡᠨ᠎ᠢ ᠲᠠᠲᠠᠵᠤ ᠬᠠᠨᠵᠢᠶᠠᠩ ᠮᠥᠷᠡᠨ᠎ᠢ ᠲᠡᠳᠬᠦᠬᠦ᠎ᠳᠦ ᠨᠥᠬᠥᠴᠡᠯ ᠪᠦᠷᠢᠯᠳᠦᠭᠦᠯᠵᠦ ᠥᠭᠪᠡ᠃ 7 ᠰᠠᠷ᠎ᠠ᠎ᠶᠢᠨ ᠳᠤᠮᠳᠠᠴᠢ᠎ᠠᠴᠠ ᠡᠬᠢᠯᠡᠨ ᠭᠤᠷᠪᠠᠨ ᠬᠠᠪᠴᠢᠯ᠎ᠤᠨ ᠤᠰᠤᠨ ᠴᠥᠭᠥᠷᠥᠮ᠎ᠢ 157 ᠮᠧᠲᠷ᠎ᠡᠴᠡ ᠳᠡᠭᠡᠭᠰᠢ ᠠᠵᠢᠯᠯᠠᠭᠤᠯᠬᠤ᠎ᠪᠠᠷ ᠲᠣᠬᠢᠷᠠᠭᠤᠯᠵᠤ᠂ ᠳᠡᠭᠡᠳᠦ ᠤᠷᠤᠰᠬᠠᠯ᠎ᠤᠨ ᠤᠰᠤᠨ ᠴᠥᠭᠥᠷᠥᠮ᠎ᠦᠨ ᠰᠦᠷᠦᠭᠵᠢᠯ᠎ᠦᠨ ᠨᠥᠭᠡᠴᠡ᠎ᠶᠢ 100 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠠᠪᠠᠭᠤᠯᠵᠤ᠂ ᠬᠥᠬᠡᠮᠥ᠋ᠷᠡᠨ᠎ᠦ ᠳᠤᠮᠳᠠᠳᠤ ᠳᠣᠣᠷᠠᠳᠤ ᠤᠷᠤᠰᠬᠠᠯ᠎ᠤᠨ ᠬᠤᠳᠠ ᠬᠥᠳᠡᠭᠡ᠎ᠶᠢᠨ ᠤᠰᠤ ᠬᠠᠩᠭᠠᠬᠤ᠂ ᠤᠯᠠᠷᠢᠯ᠎ᠤᠨ ᠤᠰᠤᠯᠠᠯᠲᠠ ᠵᠡᠷᠭᠡ᠎ᠳᠦ ᠤᠰᠤ ᠨᠥᠬᠥᠪᠦᠷᠢᠯᠡᠬᠦ ᠨᠥᠭᠡᠴᠡ᠎ᠶᠢ ᠰᠠᠢᠲᠤᠷ ᠬᠢᠪᠡ᠃
ᠬᠣᠶᠠᠷ᠎ᠲᠤ᠂ 《 ᠤᠷᠢᠳᠴᠢᠯᠠᠬᠤ 》 ᠶ᠋ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠤᠰᠤ ᠬᠠᠳᠠᠭᠠᠯᠠᠬᠤ ᠲᠥᠰᠥᠯ᠎ᠢ ᠤᠷᠢᠳᠴᠢᠯᠠᠨ ᠰᠦᠪᠡᠭᠴᠢᠯᠡᠪᠡ᠃ ᠳᠡᠭᠡᠳᠦ ᠤᠷᠤᠰᠬᠠᠯ᠎ᠤᠨ ᠦᠶᠡᠷ᠎ᠦᠨ ᠢᠷᠡᠯᠲᠡ ᠵᠢᠴᠢ ᠶᠠᠪᠤᠴᠠ᠎ᠶᠢ ᠣᠨᠣᠪᠴᠢᠲᠠᠶ ᠤᠷᠢᠳᠴᠢᠯᠠᠨ ᠮᠡᠳᠡᠭᠡᠯᠡᠵᠦ ᠂ ᠬᠥᠬᠡᠮᠥ᠋ᠷᠡᠨ᠎ᠦ ᠳᠡᠭᠡᠳᠦ ᠤᠷᠤᠰᠬᠠᠯ᠎ᠤᠨ ᠭᠣᠣᠯ ᠦᠶᠡᠷ᠎ᠦᠨ ᠬᠤᠭᠤᠴᠠᠭᠠᠨ᠎ᠤ ᠢᠷᠡᠬᠦ ᠤᠰᠤ ᠪᠠᠭ᠎ᠠ ᠂ ᠳᠤᠮᠳᠠ ᠳᠣᠣᠷᠠᠳᠤ ᠤᠷᠤᠰᠬᠠᠯ᠎ᠤᠨ ᠤᠰᠤᠨ᠎ᠤ ᠲᠦᠪᠰᠢᠨ ᠳᠣᠣᠷ᠎ᠠ ᠵᠢᠴᠢ ᠰᠡᠭᠦᠯᠴᠢ᠎ᠶᠢᠨ ᠬᠤᠭᠤᠴᠠᠭᠠᠨ᠎ᠤ ᠢᠷᠡᠬᠦ ᠤᠰᠤᠨ᠎ᠤ ᠪᠠᠢᠳᠠᠯ᠎ᠤᠨ ᠵᠢᠱ᠌ᠢᠯᠲᠡ᠎ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ ᠂ ᠤᠰᠤᠨ ᠴᠥᠭᠥᠷᠥᠮ᠎ᠦᠨ ᠰᠦᠷᠦᠭᠵᠢᠯ᠎ᠦᠨ ᠬᠠᠮᠲᠤᠷᠠᠭᠰᠠᠨ ᠲᠣᠬᠢᠷᠠᠭᠤᠯᠤᠯ ᠡᠵᠡᠮᠳᠡᠯ᠎ᠢ ᠴᠢᠩᠭᠠᠳᠬᠠᠵᠤ ᠂ ᠲᠣᠬᠢᠷᠠᠭᠤᠯᠤᠯ ᠡᠵᠡᠮᠳᠡᠯ᠎ᠢ ᠰᠢᠯᠢᠳᠡᠭᠵᠢᠭᠦᠯᠵᠦ ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠦᠨ 2025 ᠣᠨ᠎ᠤ ᠤᠰᠤ ᠬᠠᠳᠠᠭᠠᠯᠠᠬᠤ ᠲᠥᠯᠥᠪᠯᠡᠭᠡ᠎ᠶᠢ ᠴᠠᠭ ᠲᠤᠬᠠᠢ ᠳ᠋ᠤᠨᠢ ᠵᠣᠬᠢᠶᠠᠨ ᠪᠠᠢᠭᠤᠯᠤᠨ ᠨᠠᠢᠷᠠᠭᠤᠯᠤᠨ ᠵᠣᠬᠢᠶᠠᠬᠤ᠎ᠶᠢᠨ ᠬᠠᠮᠲᠤ ᠴᠣᠬᠣᠯᠠᠪᠤᠷᠢᠯᠠᠵᠤ ᠂ ᠬᠥᠬᠡᠮᠥ᠋ᠷᠡᠨ᠎ᠦ ᠨᠠᠮ᠎ᠤᠨ ᠬᠣᠷᠢᠶ᠎ᠠ᠎ᠶᠢ ᠵᠢᠯᠣᠭᠣᠳᠤᠨ ᠵᠢᠨ ᠱᠠ ᠵᠢᠶᠠᠩ ᠮᠥᠷᠡᠨ᠎ᠦ ᠳᠣᠣᠷᠠᠳᠤ ᠤᠷᠤᠰᠬᠠᠯ᠎ᠤᠨ ᠰᠢ ᠯᠥᠸᠧ ᠳᠦ᠂ ᠰᠢᠶᠠᠩ ᠵᠢᠶᠠ ᠪᠠ ᠤᠰᠤᠨ ᠴᠥᠭᠥᠷᠥᠮ ᠪᠣᠯᠣᠨ ᠳᠠ ᠳᠦ ᠾᠧ ᠬᠦᠷᠬᠢᠷ᠎ᠡ᠎ᠶᠢᠨ ᠭᠤᠤ ᠵᠡᠷᠭᠡ ᠡᠵᠡᠮᠳᠡᠯ᠎ᠦᠨ ᠴᠢᠨᠠᠷᠲᠠᠢ ᠤᠰᠤᠨ ᠴᠥᠭᠥᠷᠥᠮ᠎ᠦᠨ ᠤᠷᠢᠳᠴᠢᠯᠠᠨ ᠤᠰᠤ ᠬᠠᠳᠠᠭᠠᠯᠠᠬᠤ ᠲᠥᠯᠥᠪᠯᠡᠭᠡ᠎ᠶᠢ ᠴᠣᠬᠣᠯᠠᠪᠤᠷᠢᠯᠠᠵᠤ᠂ 9 ᠰᠠᠷ᠎ᠠ᠎ᠶᠢᠨ 10᠎ᠤ ᠡᠳᠦᠷ᠎ᠡᠴᠡ ᠡᠬᠢᠯᠡᠨ ᠭᠤᠷᠪᠠᠨ ᠬᠠᠪᠴᠢᠯ᠎ᠤᠨ ᠤᠰᠤᠨ ᠴᠥᠭᠥᠷᠥᠮ᠎ᠳᠦ ᠤᠰᠤ ᠬᠠᠳᠠᠭᠠᠯᠠᠬᠤ ᠠᠵᠢᠯ᠎ᠢ ᠵᠢᠩᠬᠢᠨᠢ᠎ᠪᠡᠷ ᠡᠬᠢᠯᠡᠭᠦᠯᠵᠦ᠂ ᠡᠬᠢᠯᠡᠵᠦ ᠬᠠᠳᠠᠭᠠᠯᠠᠬᠤ ᠤᠰᠤᠨ᠎ᠤ ᠲᠦᠪᠰᠢᠨ ᠨᠢ ᠣᠢᠷ᠎ᠠ᠎ᠶᠢᠨ 5 ᠵᠢᠯ᠎ᠦᠨ ᠠᠳᠠᠯᠢ ᠬᠤᠭᠤᠴᠠᠭᠠᠨ᠎ᠤ ᠳᠤᠮᠳᠠᠴᠢ ᠬᠡᠮᠵᠢᠭᠳᠡᠯ᠎ᠡᠴᠡ 7.2 ᠮᠧᠲᠷ ᠥᠨᠳᠥᠷ ᠪᠠᠢᠵᠤ᠂ ᠵᠢᠯ᠎ᠦᠨ ᠤᠰᠤ ᠬᠠᠳᠠᠭᠠᠯᠠᠬᠤ ᠡᠭᠦᠷᠭᠡ᠎ᠶᠢ ᠪᠡᠶᠡᠯᠡᠭᠦᠯᠬᠦ᠎ᠳᠦ ᠰᠠᠨᠠᠭᠠᠴᠢᠯᠠᠭᠠᠲᠤ ᠪᠠᠢᠷᠢ᠎ᠶᠢ ᠲᠡᠮᠡᠴᠡᠨ ᠣᠯᠵᠤ᠂ ᠰᠡᠭᠦᠯᠴᠢ᠎ᠶᠢᠨ ᠬᠤᠭᠤᠴᠠᠭᠠᠨ᠎ᠤ ᠤᠰᠤ ᠬᠠᠳᠠᠭᠠᠯᠠᠬᠤ ᠳᠠᠷᠤᠯᠲᠠ᠎ᠶᠢ ᠲᠤᠢᠯ᠎ᠤᠨ ᠶᠡᠬᠡᠪᠡᠷ ᠬᠥᠩᠭᠡᠷᠡᠭᠦᠯᠪᠡ᠃
ᠭᠤᠷᠪᠠ᠎ᠳᠤ᠂ ᠭᠠᠩ ᠤᠰᠤᠲᠤᠯ᠎ᠢ ᠵᠡᠷᠭᠡ᠎ᠪᠡᠷ ᠰᠡᠷᠭᠡᠢᠯᠡᠵᠦ ᠵᠡᠷᠭᠡ᠎ᠪᠡᠷ ᠵᠠᠰᠠᠬᠤ᠎ᠶᠢ ᠪᠠᠷᠢᠮᠲᠠᠯᠠᠵᠤ᠂ ᠤᠰᠤ ᠬᠠᠳᠠᠭᠠᠯᠠᠬᠤ ᠠᠬᠢᠴᠠ᠎ᠶᠢ ᠲᠣᠭᠲᠠᠭᠤᠨ᠎ᠢᠶᠠᠷ ᠠᠬᠢᠭᠤᠯᠪᠠ᠃ ᠬᠤᠸᠠ ᠰᠢ᠎ᠶᠢᠨ ᠨᠠᠮᠤᠷ᠎ᠤᠨ ᠪᠣᠷᠣᠭᠠᠨ᠎ᠤ ᠬᠥᠭᠵᠢᠯᠲᠡ᠎ᠶᠢᠨ ᠪᠠᠢᠳᠠᠯ᠎ᠲᠠᠢ ᠤᠶᠠᠯᠳᠤᠭᠤᠯᠤᠨ ᠂ ᠬᠥᠬᠡᠮᠥ᠋ᠷᠡᠨ᠎ᠦ ᠵᠥᠪᠯᠡᠯ᠎ᠡᠴᠡ ᠤᠯᠤᠰ᠎ᠤᠨ ᠴᠠᠬᠢᠯᠭᠠᠨ ᠲᠣᠣᠷ ᠂ ᠭᠤᠷᠪᠠᠨ ᠬᠠᠪᠴᠢᠯ᠎ᠤᠨ ᠪᠦᠯᠦᠭᠯᠡᠯ ᠺᠣᠮᠫᠠᠨᠢ ᠵᠡᠷᠭᠡ ᠨᠢᠭᠡᠴᠢ ᠲᠠᠢ ᠬᠠᠮᠲᠤᠷᠠᠨ ᠂ ᠳ᠋ᠢᠵᠢᠲᠸᠯ ᠊ᠣᠨ ᠢᠬᠡᠷ᠎ᠡ ᠬᠥᠬᠡᠮᠥ᠋ᠷᠡᠨ᠎ᠦ ᠦᠶᠡᠷ ᠢ ᠰᠡᠷᠭᠡᠢᠯᠡᠬᠦ 《 ᠳᠥᠷᠪᠡᠨ ᠪᠡᠯᠡᠳᠬᠡᠯ 》 ᠂ ᠳ᠋ᠢᠵᠢᠲᠸᠯ ᠊ᠣᠨ ᠢᠬᠡᠷ᠎ᠡ ᠭᠤᠷᠪᠠᠨ ᠬᠠᠪᠴᠢᠯ ᠵᠡᠷᠭᠡ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠭᠦᠢᠴᠡᠳ ᠠᠰᠢᠭ᠍ᠯᠠᠵᠤ ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠳᠦ ᠬᠠᠷᠠᠯᠲᠠ᠎ᠳᠦ ᠬᠦᠷᠲᠡᠯ᠎ᠡ ᠳᠦᠭᠦᠷᠲᠡᠯ᠎ᠡ ᠬᠠᠳᠠᠭᠠᠯᠠᠵᠤ᠂ ᠴᠥᠭᠥᠷᠥᠮ᠎ᠦᠨ ᠣᠷᠣᠨ᠎ᠳᠤ ᠵᠢᠪᠦᠭᠰᠡᠨ ᠪᠠ ᠳᠤᠮᠳᠠ ᠳᠣᠣᠷᠠᠳᠤ ᠤᠷᠤᠰᠬᠠᠯ᠎ᠤᠨ ᠦᠶᠡᠷ᠎ᠦᠨ ᠠᠶᠤᠯ ᠲᠦᠭᠰᠢᠭᠦᠷᠢ᠎ᠶᠢ ᠭᠣᠣᠯᠳᠠᠯᠭ᠎ᠠ᠎ᠲᠠᠢ ᠠᠩᠬᠠᠷᠴᠤ ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠦᠨ ᠲᠣᠬᠢᠷᠠᠭᠤᠯᠤᠯᠲᠠ᠎ᠶᠢᠨ ᠲᠥᠰᠥᠯ᠎ᠢ ᠬᠥᠳᠡᠯᠦᠩᠭᠦᠢ᠎ᠪᠡᠷ ᠰᠢᠯᠢᠳᠡᠭᠵᠢᠭᠦᠯᠵᠦ ᠂ ᠦᠶᠡᠷ᠎ᠢ ᠰᠡᠷᠭᠡᠢᠯᠡᠨ ᠤᠰᠤ ᠬᠠᠳᠠᠭᠠᠯᠠᠬᠤ ᠠᠵᠢᠯ᠎ᠢ 50 ᠭᠠᠷᠤᠢ ᠤᠳᠠᠭ᠎ᠠ ᠵᠣᠬᠢᠶᠠᠨ ᠪᠠᠢᠭᠤᠯᠤᠨ ᠵᠥᠪᠳᠡᠯᠴᠡᠵᠦ ᠂ ᠤᠰᠤ ᠬᠠᠳᠠᠭᠠᠯᠠᠬᠤ ᠬᠤᠭᠤᠴᠠᠭᠠᠨ᠎ᠳᠤ ᠴᠠᠭ ᠲᠤᠬᠠᠢ ᠳ᠋ᠤᠨᠢ 12 ᠤᠳᠠᠭ᠎ᠠ ᠲᠣᠬᠢᠷᠠᠭᠤᠯᠬᠤ ᠵᠠᠷᠯᠢᠭ᠋ ᠪᠠᠭᠤᠯᠭᠠᠵᠤ ᠂ ᠬᠥᠮᠥᠷᠭᠡ᠎ᠳᠦ ᠣᠷᠣᠭᠤᠯᠬᠤ ᠤᠷᠤᠰᠬᠠᠯ᠎ᠤᠨ ᠬᠡᠮᠵᠢᠶ᠎ᠡ ᠨᠢ 25000 ᠪᠣᠰᠣᠭ᠎ᠠ ᠳᠥᠷᠪᠡᠯᠵᠢᠨ ᠮᠧᠲᠷ᠎ᠦᠨ ᠰᠧᠺᠦ᠋ᠨ᠋ᠳ᠋ ᠪᠦᠷᠢ᠎ᠶᠢᠨ ᠤᠰᠤ ᠢᠷᠡᠬᠦ ᠶᠠᠪᠤᠴᠠ᠎ᠶᠢ ᠪᠦᠲᠦᠮᠵᠢᠲᠡᠶ ᠬᠠᠰᠢᠨ ᠬᠠᠳᠠᠭᠠᠯᠠᠵᠤ ᠂ ᠬᠥᠮᠥᠷᠭᠡ᠎ᠳᠦ ᠣᠷᠣᠭᠤᠯᠬᠤ ᠬᠠᠮᠤᠭ᠎ᠤᠨ ᠶᠡᠬᠡ ᠦᠶᠡᠷ᠎ᠦᠨ ᠣᠷᠭᠢᠯ᠎ᠤᠨ ᠤᠷᠤᠰᠬᠠᠯ᠎ᠤᠨ ᠬᠡᠮᠵᠢᠶ᠎ᠡ᠎ᠶᠢ ᠰᠧᠺᠦ᠋ᠨ᠋ᠳ᠋ ᠪᠦᠷᠢ 25300 ᠪᠣᠰᠣᠭ᠎ᠠ ᠳᠥᠷᠪᠡᠯᠵᠢᠨ ᠮᠧᠲᠷ᠎ᠲᠦ ᠬᠦᠷᠲᠡᠯ᠎ᠡ ᠪᠠᠭᠠᠰᠬᠠᠵᠤ ᠂ ᠬᠥᠬᠡᠮᠥ᠋ᠷᠡᠨ᠎ᠦ ᠳᠤᠮᠳᠠ ᠳᠣᠣᠷᠠᠳᠤ ᠤᠷᠤᠰᠬᠠᠯ᠎ᠤᠨ ᠭᠣᠣᠯ ᠤᠷᠤᠰᠬᠠᠯ᠎ᠤᠨ ᠰᠡᠷᠡᠮᠵᠢ᠎ᠶᠢᠨ ᠱᠤᠭᠤᠮ᠎ᠠᠴᠠ ᠬᠡᠲᠦᠷᠡᠬᠦ ᠵᠢᠴᠢ ᠴᠥᠭᠥᠷᠥᠮ᠎ᠦᠨ ᠣᠷᠣᠨ᠎ᠳᠤ ᠵᠢᠪᠦᠬᠦ᠎ᠡᠴᠡ ᠪᠥᠬᠥ ᠬᠦᠴᠦᠨ᠎ᠢᠶᠡᠷ᠎ᠢᠶᠡᠨ ᠵᠠᠢᠯᠠᠰᠬᠢᠵᠦ ᠂ ᠦᠶᠡᠷ᠎ᠦᠨ ᠡᠬᠢ ᠪᠠᠶᠠᠯᠢᠭ᠋᠎ᠢ ᠰᠢᠨᠵᠢᠯᠡᠬᠦ ᠤᠬᠠᠭᠠᠨᠴᠢ᠎ᠪᠠᠷ ᠠᠰᠢᠭ᠍ᠯᠠᠨ ᠭᠤᠷᠪᠠᠨ ᠬᠠᠪᠴᠢᠯ᠎ᠤᠨ ᠤᠰᠤᠨ ᠴᠥᠭᠥᠷᠥᠮ᠎ᠦᠨ ᠳᠦᠭᠦᠷᠡᠩ ᠬᠠᠳᠠᠭᠠᠯᠠᠬᠤ ᠬᠠᠷᠠᠯᠲᠠ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠦ ᠬᠦᠴᠦ ᠨᠡᠮᠡᠷᠢᠯᠡᠵᠦ ᠂ ᠨᠠᠮᠤᠷ᠎ᠤᠨ ᠦᠶᠡᠷ᠎ᠦᠨ ᠰᠡᠷᠭᠡᠢᠯᠡᠯᠲᠡ ᠪᠠ ᠦᠶᠡᠷ᠎ᠦᠨ ᠳᠠᠷᠠᠭᠠᠬᠢ ᠤᠰᠤ ᠬᠠᠳᠠᠭᠠᠯᠠᠬᠤ ᠬᠣᠣᠰ ᠢᠯᠠᠯᠲᠠ᠎ᠶᠢ ᠲᠡᠮᠡᠴᠡᠨ ᠣᠯᠵᠠᠢ᠃
ᠳᠥᠷᠪᠡ᠎ᠳᠦ ᠂ ᠰᠠᠪᠠ ᠭᠠᠵᠠᠷ᠎ᠢᠶᠠᠷ ᠨᠢᠭᠡᠴᠢ ᠪᠣᠯᠭᠠᠬᠤ᠎ᠶᠢ ᠪᠠᠷᠢᠮᠲᠠᠯᠠᠵᠤ᠂ ᠤᠰᠤᠨ ᠴᠥᠭᠥᠷᠥᠮ᠎ᠦᠨ ᠰᠦᠷᠦᠭᠵᠢᠯ᠎ᠦᠨ ᠤᠰᠤ ᠬᠠᠳᠠᠭᠠᠯᠠᠬᠤ ᠲᠠᠯ᠎ᠠ᠎ᠪᠠᠷ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ᠃ 《 2025 ᠣᠨ᠎ᠤ ᠬᠥᠬᠡᠮᠥ᠋ᠷᠡᠨ᠎ᠦ ᠰᠠᠪᠠ ᠭᠠᠵᠠᠷ᠎ᠤᠨ ᠤᠰᠤᠨ᠎ᠤ ᠢᠨᠵᠧᠨᠧᠷᠢᠩ᠎ᠦᠨ ᠬᠠᠮᠲᠤᠷᠠᠨ ᠲᠣᠬᠢᠷᠠᠭᠤᠯᠵᠤ ᠬᠡᠷᠡᠭᠯᠡᠬᠦ ᠲᠥᠯᠥᠪᠯᠡᠭᠡ 》 ᠶᠣᠰᠣᠭᠠᠷ ᠂ ᠰᠠᠪᠠ ᠭᠠᠵᠠᠷ᠎ᠤᠨ ᠤᠰᠤᠨ ᠴᠥᠭᠥᠷᠥᠮ᠎ᠦᠨ ᠰᠦᠷᠦᠭᠵᠢᠯ᠎ᠦᠨ ᠬᠡᠷᠡᠭᠯᠡᠯᠲᠡ᠎ᠶᠢᠨ ᠲᠠᠰ ᠳᠠᠷᠠᠭᠠᠯᠠᠯ᠎ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ ᠂ ᠰᠠᠪᠠ ᠭᠠᠵᠠᠷ᠎ᠤᠨ ᠡᠵᠡᠮᠳᠡᠯ᠎ᠦᠨ ᠴᠢᠨᠠᠷᠲᠠᠢ ᠤᠰᠤᠨ ᠴᠥᠭᠥᠷᠥᠮ᠎ᠦᠨ ᠤᠰᠤ ᠬᠠᠳᠠᠭᠠᠯᠠᠬᠤ ᠠᠵᠢᠯ᠎ᠢ ᠰᠠᠢᠲᠤᠷ ᠬᠢᠵᠡᠢ ᠃ 10 ᠰᠠᠷ᠎ᠠ᠎ᠶᠢᠨ 24᠎ᠦ ᠡᠳᠦᠷ᠎ᠦᠨ 8 ᠴᠠᠭ ᠪᠣᠯᠲᠠᠯ᠎ᠠ ᠂ ᠬᠠᠮᠲᠤᠷᠠᠨ ᠲᠣᠬᠢᠷᠠᠭᠤᠯᠬᠤ᠎ᠳᠤ ᠣᠷᠣᠭᠤᠯᠤᠭᠰᠠᠨ ᠬᠥᠬᠡᠮᠥ᠋ᠷᠡᠨ᠎ᠦ ᠰᠠᠪᠠ ᠭᠠᠵᠠᠷ᠎ᠤᠨ 58 ᠡᠵᠡᠮᠳᠡᠯ᠎ᠦᠨ ᠴᠢᠨᠠᠷᠲᠠᠢ ᠤᠰᠤᠨ ᠴᠥᠭᠥᠷᠥᠮ᠎ᠦᠨ ᠲᠣᠭᠲᠠᠮᠠᠯ ᠤᠰᠤᠨ᠎ᠤ ᠲᠦᠪᠰᠢᠨ᠎ᠡᠴᠡ ᠳᠡᠭᠡᠭᠰᠢᠬᠢ ᠤᠰᠤᠨ᠎ᠤ ᠬᠠᠳᠠᠭᠠᠯᠠᠭᠳᠠᠴᠠ᠎ᠶᠢᠨ ᠬᠡᠮᠵᠢᠶ᠎ᠡ 1081 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ ᠂ ᠳᠠᠬᠢᠨᠲᠠ 《 ᠮᠢᠩᠭᠠᠨ ᠳ᠋ᠦᠩᠰᠢᠭᠤᠷ 》᠎ᠢ ᠳᠠᠪᠠᠵᠤ ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠦ ᠂ ᠡᠨᠡ ᠡᠪᠦᠯ ᠢᠷᠡᠬᠦ ᠬᠠᠪᠤᠷ᠎ᠤᠨ ᠤᠰᠤ ᠰᠢᠷᠭᠢᠬᠦ ᠬᠤᠭᠤᠴᠠᠭᠠᠨ᠎ᠤ ᠤᠰᠤ ᠨᠥᠬᠥᠪᠦᠷᠢᠯᠡᠬᠦ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠦᠢᠯᠡᠳᠪᠦᠷᠢᠯᠡᠯ᠎ᠳᠦ ᠪᠦᠲᠦᠮᠵᠢᠲᠡᠶ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ ᠬᠠᠩᠭᠠᠭᠰᠠᠨ ᠪᠠᠢᠨ᠎ᠠ᠃
ᠲᠠᠷᠠᠭᠠᠴᠢ᠎ᠶᠢᠨ ᠠᠯᠬᠤᠮ᠎ᠳᠤ ᠂ ᠤᠰᠤᠨ ᠠᠰᠢᠭ᠍ᠯᠠᠯᠲᠠ᠎ᠶᠢᠨ ᠶᠠᠮᠤᠨ ᠬᠥᠬᠡᠮᠥ᠋ᠷᠡᠨ᠎ᠦ ᠰᠠᠪᠠ ᠭᠠᠵᠠᠷ᠎ᠤᠨ ᠪᠣᠷᠣᠭᠠᠨ᠎ᠤ ᠪᠠᠢᠳᠠᠯ ᠤᠰᠤᠨ᠎ᠤ ᠪᠠᠢᠳᠠᠯ᠎ᠢ ᠦᠷᠭᠦᠯᠵᠢᠯᠡᠨ ᠨᠢᠭ᠍ᠲᠠ ᠬᠢᠨᠠᠨ ᠠᠵᠢᠭ᠍ᠯᠠᠵᠤ ᠂ ᠦᠷᠭᠦᠯᠵᠢᠯᠡᠨ ᠵᠥᠪᠳᠡᠯᠴᠡᠵᠦ ᠰᠤᠳᠤᠯᠤᠨ ᠮᠠᠭᠠᠳᠯᠠᠬᠤ ᠪᠠ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠂ ᠤᠰᠤ ᠰᠢᠷᠭᠢᠬᠦ ᠬᠤᠭᠤᠴᠠᠭ᠎ᠠ ᠪᠠ ᠪᠠᠭᠤᠷᠠᠯᠲᠠ᠎ᠶᠢᠨ ᠬᠤᠭᠤᠴᠠᠭᠠᠨ᠎ᠤ ᠤᠰᠤᠨ ᠴᠥᠭᠥᠷᠥᠮ᠎ᠦᠨ ᠲᠣᠬᠢᠷᠠᠭᠤᠯᠤᠯᠲᠠ᠎ᠶᠢ ᠰᠠᠢᠲᠤᠷ ᠬᠢᠵᠦ ᠂ ᠭᠤᠷᠪᠠᠨ ᠬᠠᠪᠴᠢᠯ ᠵᠡᠷᠭᠡ ᠤᠰᠤᠨ ᠴᠥᠭᠥᠷᠥᠮ᠎ᠦᠨ ᠰᠦᠷᠦᠭᠵᠢᠯ᠎ᠦᠨ ᠶᠡᠷᠦᠩᠬᠡᠢᠯᠡᠭᠰᠡᠨ ᠦᠷ᠎ᠡ ᠠᠰᠢᠭ᠋᠎ᠢ ᠭᠦᠢᠴᠡᠳ ᠪᠠᠳᠠᠷᠠᠭᠤᠯᠤᠨ᠎ᠠ᠃