ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠴᠢᠭᠯᠡᠯᠲᠡ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠤᠰᠤ ᠠᠷᠪᠢᠯᠠᠬᠤ ᠠᠵᠢᠯᠯᠠᠭ᠎ᠠ᠎ᠶᠢ ᠯᠠᠪᠳᠠᠭᠤᠨ ᠪᠠᠲᠤᠲᠠᠢ ᠠᠬᠢᠭᠤᠯᠬᠤ᠎ᠶᠢᠨ ᠲᠥᠯᠥᠭᠡ ᠂ ᠲᠦᠷᠦᠭᠦᠬᠡᠨ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠤᠰᠤ ᠠᠷᠪᠢᠯᠠᠬᠤ ᠣᠨᠣᠰᠢᠯᠠᠯᠲᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ᠎ᠶᠢ ᠵᠢᠩᠬᠢᠨᠢ᠎ᠪᠡᠷ ᠡᠬᠢᠯᠡᠭᠦᠯᠵᠦ ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭ᠎ᠠ᠎ᠳᠤ ᠲᠦᠰᠢᠭᠯᠡᠨ ᠂ ᠬᠠᠮᠢᠶ᠎ᠠ ᠪᠦᠬᠦᠢ ᠬᠦᠷᠢᠶᠡᠨ᠎ᠦ ᠲᠤᠰᠬᠠᠢ ᠮᠡᠷᠭᠡᠵᠢᠯᠲᠡᠨ ᠂ ᠤᠰᠤ ᠠᠷᠪᠢᠯᠠᠬᠤ ᠮᠡᠷᠭᠡᠵᠢᠯ᠎ᠦᠨ ᠭᠣᠣᠯᠯᠠᠭ᠍ᠴᠢ ᠵᠡᠷᠭᠡ᠎ᠪᠡᠷ ᠪᠦᠷᠢᠯᠳᠦᠭᠰᠡᠨ ᠦᠢᠯᠡᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠵᠤ ᠂ ᠵᠢᠯ ᠪᠦᠷᠢ ᠤᠰᠤ ᠬᠡᠷᠡᠭᠯᠡᠬᠦ ᠬᠡᠮᠵᠢᠶ᠎ᠡ᠎ᠪᠡᠷ ᠨᠡᠯᠢᠶᠡᠳ ᠶᠡᠬᠡ ᠂ ᠤᠰᠤ ᠠᠷᠪᠢᠯᠠᠬᠤ ᠢᠳᠡᠪᠬᠢᠵᠢᠯ᠎ᠢᠶᠡᠷ ᠨᠡᠯᠢᠶᠡᠳ ᠥᠨᠳᠥᠷ ᠤᠰᠤ ᠬᠡᠷᠡᠭᠯᠡᠬᠦ ᠨᠢᠭᠡᠴᠢ᠎ᠶᠢ ᠰᠣᠩᠭᠣᠨ ᠤᠰᠤ ᠠᠷᠪᠢᠯᠠᠬᠤ ᠣᠨᠣᠰᠢᠯᠠᠯᠲᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ ᠥᠷᠨᠢᠭᠦᠯᠬᠦ᠎ᠪᠡᠷ ᠲᠣᠭᠲᠠᠪᠠ᠃
10 ᠳ᠋ᠤᠭᠠᠷ ᠰᠠᠷ᠎ᠠ᠎ᠶᠢᠨ 15᠎ᠤ ᠡᠳᠦᠷ᠎ᠡᠴᠡ 22᠎ᠤᠨ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠢᠶᠡᠷ ᠲᠦᠷᠦᠭᠦᠯᠡᠭᠦᠯᠦᠨ ᠦᠢᠯᠡᠴᠢᠯᠡᠭᠡᠨ᠎ᠦ ᠪᠦᠯᠬᠦᠮ᠎ᠢ ᠪᠦᠷᠢᠯᠳᠦᠭᠦᠯᠵᠦ ᠂ ᠤᠰᠤ ᠶᠡᠬᠡ ᠬᠣᠷᠣᠭᠳᠠᠭᠤᠯᠬᠤ ᠥᠪᠥᠷ ᠮᠣᠩᠭᠣᠯ᠎ᠤᠨ ᠬᠤ᠌ ᠮᠧᠩ ᠡᠨᠧᠷᠭᠢ᠎ᠶᠢᠨ ᠠᠵᠤ ᠦᠢᠯᠡᠰ᠎ᠦᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠣᠯ᠎ᠤᠨ ᠢ ᠭᠣᠸ᠋ ᠨᠡᠭᠦᠷᠡᠰᠦ ᠬᠢᠮᠢ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠡᠷᠭᠡ ᠬᠣᠶᠠᠷ ᠠᠵᠤ ᠠᠬᠤᠢᠯᠠᠯ᠎ᠳᠤ ᠬᠦᠷᠴᠦ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠤᠰᠤ ᠠᠷᠪᠢᠯᠠᠬᠤ ᠣᠨᠣᠰᠢᠯᠠᠯᠲᠠ᠎ᠶᠢᠨ ᠲᠦᠷᠦᠭᠦᠸ᠋ ᠪᠦᠯᠦᠭ᠎ᠦᠨ ᠦᠢᠯᠡᠴᠢᠯᠡᠭᠡ ᠥᠷᠨᠢᠭᠦᠯᠪᠡ ᠃ ᠲᠤᠰ ᠤᠳᠠᠭᠠᠨ᠎ᠤ ᠦᠢᠯᠡᠴᠢᠯᠡᠭᠡ ᠨᠢ ᠬᠠᠲᠤᠨ ᠭᠣᠣᠯ᠎ᠤᠨ ᠰᠠᠪᠠ ᠭᠠᠵᠠᠷ᠎ᠤᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠤᠰᠤ ᠶᠡᠬᠡ ᠬᠣᠷᠣᠭᠳᠠᠭᠤᠯᠬᠤ ᠠᠵᠤ ᠠᠬᠤᠢᠯᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠤᠰᠤ ᠬᠡᠷᠡᠭᠯᠡᠬᠦ ᠨᠢᠭᠡᠴᠢ᠎ᠶᠢᠨ ᠰᠠᠢᠨ ᠳᠤᠷ᠎ᠠ᠎ᠶᠢᠨ ᠵᠠᠷᠴᠢᠮ ᠶᠣᠰᠣᠭᠠᠷ ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠦᠢᠯᠡᠴᠢᠯᠡᠭᠡᠨ᠎ᠦ ᠪᠠᠢᠷᠢ ᠲᠣᠭᠲᠠᠭᠠᠯᠲᠠ ᠬᠡᠷᠡᠭᠴᠡᠭᠡ᠎ᠶᠢ ᠣᠨᠣᠪᠴᠢᠲᠠᠶ ᠵᠣᠯᠭᠠᠭᠤᠯᠬᠤ᠎ᠶᠢ ᠪᠠᠷᠢᠮᠲᠠᠯᠠᠵᠤ ᠂ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠵᠤ ᠂ ᠪᠣᠳᠠᠲᠤ ᠦᠷ᠎ᠡ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠶᠢ ᠴᠢᠬᠤᠯᠠᠴᠢᠯᠠᠵᠤ ᠂ ᠦᠢᠯᠡᠴᠢᠯᠡᠭᠡᠨ᠎ᠦ ᠪᠦᠯᠬᠦᠮ᠎ᠤᠨ ᠣᠨᠣᠰᠢᠯᠠᠯᠲᠠ᠎ᠶᠢᠨ ᠠᠭᠤᠯᠭ᠎ᠠ ᠨᠢ ᠠᠵᠤ ᠠᠬᠤᠢᠯᠠᠯ᠎ᠤᠨ ᠤᠰᠤ ᠬᠡᠷᠡᠭᠯᠡᠬᠦ ᠤᠷ᠎ᠠ ᠮᠡᠷᠭᠡᠰᠢᠯ ᠂ ᠤᠰᠤ ᠠᠷᠪᠢᠯᠠᠬᠤ ᠲᠥᠬᠥᠭᠡᠷᠦᠮᠵᠢ᠎ᠶᠢᠨ ᠠᠵᠢᠯᠯᠠᠭᠠᠨ ᠵᠢᠴᠢ ᠬᠠᠮᠢᠶᠠᠷᠤᠯᠲᠠ᠎ᠶᠢᠨ ᠳᠦᠷᠢᠮ᠎ᠦᠨ ᠪᠠᠢᠭᠤᠯᠤᠯᠲᠠ᠎ᠶᠢᠨ ᠪᠥᠬᠥ ᠲᠠᠯ᠎ᠠ᠎ᠶᠢ ᠬᠠᠮᠤᠷᠴᠤ ᠂ ᠠᠵᠤ ᠠᠬᠤᠢᠯᠠᠯ᠎ᠳᠤ ᠣᠷᠣᠰᠢᠵᠤ ᠪᠠᠢᠭ᠎ᠠ ᠤᠰᠤ ᠠᠷᠪᠢᠯᠠᠬᠤ ᠤᠷ᠎ᠠ ᠮᠡᠷᠭᠡᠰᠢᠯ ᠨᠢ ᠬᠣᠴᠤᠷᠤᠩᠭᠤᠢ ᠂ ᠤᠰᠤ ᠠᠷᠪᠢᠯᠠᠬᠤ ᠳᠦᠷᠢᠮ ᠲᠡᠭᠦᠯᠳᠡᠷ ᠪᠤᠰᠤ ᠵᠡᠷᠭᠡ ᠳᠤᠲᠠᠭᠤᠳᠠᠯ᠎ᠤᠨ ᠠᠰᠠᠭᠤᠳᠠᠯ᠎ᠳᠤ ᠴᠢᠭᠯᠡᠭᠦᠯᠦᠨ ᠂ 《 ᠨᠢᠭᠡ ᠠᠵᠤ ᠠᠬᠤᠢᠯᠠᠯ᠎ᠳᠦ ᠨᠢᠭᠡ ᠠᠷᠭ᠎ᠠ ᠪᠣᠳᠣᠯᠭ᠎ᠠ ᠠᠪᠬᠤ 》 ᠤᠰᠤ ᠠᠷᠪᠢᠯᠠᠬᠤ ᠰᠠᠨᠠᠭᠤᠯᠭ᠎ᠠ᠎ᠶᠢ ᠳᠤᠷᠠᠳᠬᠤ᠎ᠶᠢᠨ ᠬᠠᠮᠲᠤ ᠤᠰᠤ ᠬᠡᠷᠡᠭᠯᠡᠬᠦ ᠨᠢᠭᠡᠴᠢ᠎ᠳᠦ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶᠢᠨ ᠲᠥᠰᠥᠯ᠎ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ ᠥᠭᠪᠡ᠃
ᠤᠰᠤ ᠠᠷᠪᠢᠯᠠᠬᠤ ᠣᠨᠣᠰᠢᠯᠠᠯᠲᠠ ᠪᠣᠯ ᠤᠰᠤ ᠬᠡᠷᠡᠭᠯᠡᠬᠦ ᠨᠢᠭᠡᠴᠢ᠎ᠶᠢᠨ ᠤᠰᠤ ᠬᠡᠷᠡᠭᠯᠡᠬᠦ ᠦᠷ᠎ᠡ ᠪᠦᠳᠦᠮᠵᠢ᠂ ᠮᠡᠷᠭᠡᠵᠢᠯ᠎ᠤᠨ ᠲᠣᠨᠣᠭᠯᠠᠯ᠂ ᠤᠰᠤ ᠠᠷᠪᠢᠯᠠᠬᠤ ᠬᠠᠮᠢᠶᠠᠷᠤᠯᠲᠠ᠎ᠶᠢᠨ ᠰᠢᠰᠲᠧᠮ᠎ᠳᠦ ᠪᠥᠬᠥ ᠲᠠᠯ᠎ᠠ᠎ᠶᠢᠨ ᠣᠨᠣᠰᠢᠯᠠᠯᠲᠠ ᠬᠢᠵᠦ᠂ ᠤᠰᠤ ᠬᠡᠷᠡᠭᠯᠡᠬᠦ ᠨᠢᠭᠡᠴᠢ᠎ᠶᠢ ᠬᠠᠪᠰᠤᠷᠤᠨ ᠤᠰᠤ ᠬᠡᠷᠡᠭᠯᠡᠬᠦ ᠦᠷ᠎ᠡ ᠪᠦᠳᠦᠮᠵᠢ ᠪᠣᠯᠣᠨ ᠤᠰᠤ ᠠᠷᠪᠢᠯᠠᠬᠤ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠨᠢ ᠳᠡᠭᠡᠭᠰᠢᠯᠡᠭᠦᠯᠵᠦ᠂ ᠠᠵᠤ ᠠᠬᠤᠢᠯᠠᠯ᠎ᠤᠨ ᠥᠪᠡᠷ᠎ᠤᠨ ᠥᠷᠳᠡᠭ᠎ᠢ ᠪᠠᠭᠤᠷᠠᠭᠤᠯᠤᠨ ᠦᠷ᠎ᠡ ᠠᠰᠢᠭ᠋ ᠢ ᠨᠡᠮᠡᠭᠳᠡᠭᠦᠯᠬᠦ᠂ ᠤᠰᠤ ᠠᠷᠪᠢᠯᠠᠬᠤ ᠥᠭᠡᠷᠡᠴᠢᠯᠡᠯᠲᠡ ᠪᠣᠯᠣᠨ ᠪᠡᠯᠡᠳᠬᠡᠮᠵᠢ ᠲᠥᠬᠦᠭᠡᠷᠦᠮᠵᠢ᠎ᠶᠢᠨ ᠰᠢᠨᠡᠳᠬᠡᠯᠲᠡ᠎ᠶᠢ ᠲᠦᠯᠬᠢᠨ ᠠᠬᠢᠭᠤᠯᠬᠤ ᠵᠡᠷᠭᠡ᠎ᠳᠦ ᠴᠢᠬᠤᠯᠠ ᠠᠬᠢᠭᠤᠯᠬᠤ ᠦᠢᠯᠡᠳᠦᠯ᠎ᠲᠠᠢ ᠶᠤᠮ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠦᠢᠯᠡᠴᠢᠯᠡᠭᠡᠨ᠎ᠦ ᠵᠠᠭᠪᠤᠷ᠎ᠢᠶᠠᠨ ᠲᠠᠰᠤᠷᠠᠯᠲᠠ ᠦᠭᠡᠢ ᠰᠢᠨᠡᠴᠢᠯᠡᠵᠦ ᠂ ᠬᠠᠮᠤᠷᠬᠤ ᠬᠡᠪᠴᠢᠶ᠎ᠡ᠎ᠪᠡᠨ ᠥᠷᠭᠡᠳᠬᠡᠵᠦ ᠂ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭᠠᠨ᠎ᠤ ᠲᠠᠪᠴᠠᠩ᠎ᠤᠨ ᠦᠢᠯᠡᠳᠦᠯ ᠪᠣᠯᠣᠨ ᠬᠠᠮᠢᠶ᠎ᠠ ᠪᠦᠬᠦᠢ ᠤᠰᠤ ᠠᠷᠪᠢᠯᠠᠬᠤ ᠦᠢᠯᠡᠴᠢᠯᠡᠭᠡᠨ᠎ᠦ ᠨᠢᠭᠡᠴᠢ᠎ᠶᠢᠨ ᠲᠤᠯᠭᠠᠭᠤᠷᠢᠯᠠᠬᠤ ᠦᠢᠯᠡᠳᠦᠯ᠎ᠢ ᠬᠦᠴᠦᠯᠡᠨ ᠪᠠᠳᠠᠷᠠᠭᠤᠯᠵᠤ ᠂ ᠤᠰᠤ ᠠᠷᠪᠢᠯᠠᠬᠤ ᠣᠨᠣᠰᠢᠯᠠᠯᠲᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠦᠷᠭᠦᠯᠵᠢᠯᠡᠨ ᠠᠬᠢᠭᠤᠯᠵᠤ ᠂ ᠤᠰᠤ ᠬᠡᠷᠡᠭᠯᠡᠬᠦ ᠨᠢᠭᠡᠴᠢ᠎ᠳᠦ ᠲᠥᠷᠥ᠎ᠶᠢᠨ ᠪᠣᠳᠣᠯᠭ᠎ᠠ ᠂ ᠦᠢᠯᠡᠴᠢᠯᠡᠭᠡ ᠂ ᠮᠡᠷᠭᠡᠵᠢᠯ ᠬᠦᠷᠭᠡᠵᠦ ᠂ ᠤᠰᠤ ᠠᠷᠪᠢᠯᠠᠬᠤ ᠳᠠᠯᠳᠠ ᠬᠦᠴᠦᠨ᠎ᠢ ᠭᠦᠨ ᠠᠭᠤᠳᠠᠯᠵᠤ ᠂ ᠤᠰᠤ ᠬᠡᠷᠡᠭᠯᠡᠬᠦ ᠠᠷᠭ᠎ᠠ ᠮᠠᠶᠢᠭ᠋᠎ᠢ ᠪᠦᠳᠦᠭᠦᠯᠢᠭ ᠪᠥᠭᠡᠳ ᠦᠷ᠎ᠡ ᠠᠰᠢᠭ᠋᠎ᠢᠶᠠᠷ ᠳᠣᠣᠷ᠎ᠠ ᠪᠠᠢᠭᠰᠠᠨ᠎ᠠᠴᠠ ᠡᠷᠴᠢᠮᠵᠢᠭᠦᠯᠦᠨ ᠠᠷᠪᠢᠯᠠᠬᠤ ᠲᠡᠢᠰᠢ ᠬᠤᠪᠢᠷᠠᠭᠤᠯᠬᠤ᠎ᠶᠢ ᠦᠷᠭᠦᠯᠵᠢᠯᠡᠨ ᠠᠬᠢᠭᠤᠯᠵᠤ ᠂ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠤᠰᠤᠨ᠎ᠤ ᠠᠮᠤᠷ ᠲᠦᠪᠰᠢᠨ᠎ᠦ ᠪᠠᠲᠤ ᠪᠠᠲᠤᠯᠠᠭ᠎ᠠ ᠬᠠᠩᠭᠠᠨ᠎ᠠ᠃