10 ᠰᠠᠷ᠎ᠠ᠎ᠶᠢᠨ 20 – 24᠎ᠦ ᠡᠳᠦᠷ ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ᠎ᠦᠨ ᠨᠠᠶ᠋ᠢᠳᠠᠯᠭ᠎ᠠ᠎ᠪᠠᠷ ᠂ ᠤᠰᠤᠨ ᠠᠰᠢᠭ᠍ᠯᠠᠯᠲᠠ᠎ᠶᠢᠨ ᠶᠠᠮᠤᠨ ᠵᠧᠵᠢᠶᠠᠩ ᠮᠤᠵᠢ᠎ᠶᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠳᠤ ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠭᠣᠣᠯ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠴᠢᠩᠭᠠᠳᠬᠠᠬᠤ ᠲᠤᠰᠬᠠᠢ ᠰᠡᠳᠦᠪᠲᠦ ᠰᠤᠳᠤᠯᠭᠠᠨ᠎ᠤ ᠠᠩᠭᠢ ᠡᠷᠬᠢᠯᠡᠵᠦ ᠂ ᠶᠡᠷᠦᠩᠬᠡᠢ ᠱᠦᠵᠢ ᠰᠢ᠎ᠶᠢᠨ ᠫᠢᠩ᠎ᠦᠨ ᠭᠣᠣᠯ ᠮᠥᠷᠡᠨ᠎ᠢ ᠬᠠᠮᠠᠭᠠᠯᠠᠨ ᠵᠠᠰᠠᠬᠤ ᠪᠠ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠦᠨ ᠠᠵᠢᠯ᠎ᠤᠨ ᠲᠤᠬᠠᠢ ᠴᠢᠬᠤᠯᠠ ᠶᠠᠷᠢᠶᠠᠨ᠎ᠤ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠤᠳᠠ᠎ᠶᠢᠨ ᠱᠠᠲᠤᠨ᠎ᠤ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠣᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ᠎ᠦᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠂ ᠳᠡᠳ᠋ ᠰᠠᠢᠳ ᠴᠧᠨ ᠮᠢᠨ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ ᠲᠤᠰᠬᠠᠢ ᠰᠡᠳᠦᠪᠲᠦ ᠬᠢᠴᠢᠶᠡᠯ ᠣᠷᠣᠪᠠ ᠃ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠂ ᠳᠡᠳ᠋ ᠰᠠᠢᠳ ᠯᠢᠦ ᠳ᠋ᠦᠩ ᠱᠦᠨ ᠠᠩᠭᠢ ᠡᠬᠢᠯᠡᠬᠦ ᠳᠠᠢᠴᠢᠯᠠᠯᠲᠠ᠎ᠶᠢᠨ ᠶᠠᠷᠢᠶ᠎ᠠ ᠲᠠᠯᠪᠢᠬᠤ᠎ᠶᠢᠨ ᠬᠠᠮᠲᠤ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠴᠢᠩᠭᠠᠳᠬᠠᠬᠤ᠎ᠶᠢᠨ ᠲᠣᠭᠣᠷᠢᠨ᠎ᠳᠤ ᠲᠤᠰᠬᠠᠢ ᠰᠡᠳᠦᠪ᠎ᠢᠶᠡᠷ ᠬᠢᠴᠢᠶᠡᠯᠯᠡᠪᠡ᠃
ᠭᠣᠣᠯ ᠮᠥᠷᠡᠨ ᠨᠠᠭᠤᠷ ᠴᠥᠭᠥᠷᠥᠮ ᠪᠣᠯ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠬᠥᠭᠵᠢᠯᠲᠡ᠎ᠶᠢᠨ ᠴᠢᠬᠤᠯᠠ ᠰᠠᠭᠤᠷᠢ᠂ ᠬᠥᠮᠥᠨ ᠪᠣᠯᠣᠨ ᠪᠠᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ᠎ᠶᠢᠨ ᠴᠢᠬᠤᠯᠠ ᠠᠴᠢᠶᠠᠯᠠᠪᠤᠷᠢ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠲᠤᠯᠭᠠᠭᠤᠷᠢᠯᠠᠯ ᠪᠠᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠴᠢᠬᠤᠯᠠ ᠦᠢᠯᠡᠳᠦᠯ᠎ᠲᠠᠢ ᠶᠤᠮ᠃ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠭᠣᠣᠯ ᠮᠥᠷᠡᠨ ᠨᠠᠭᠤᠷ ᠴᠥᠭᠥᠷᠥᠮ᠎ᠦᠨ ᠬᠠᠮᠠᠭᠠᠯᠠᠯᠲᠠ ᠵᠠᠰᠠᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢ ᠲᠣᠭᠲᠠᠭᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠳᠦᠷᠰᠦ ᠪᠠᠢᠳᠠᠯ᠎ᠳᠤ ᠲᠡᠦᠬᠡᠲᠦ ᠴᠢᠨᠠᠷᠲᠠᠢ ᠰᠠᠢᠵᠢᠷᠠᠯᠲᠠ᠎ᠲᠠᠢ ᠪᠣᠯᠬᠤ᠎ᠶᠢ ᠠᠬᠢᠭᠤᠯᠪᠠ᠃ ᠭᠣᠣᠯ ᠮᠥᠷᠡᠨ ᠨᠠᠭᠤᠷ ᠴᠥᠭᠥᠷᠥᠮ᠎ᠦᠨ ᠬᠠᠮᠠᠭᠠᠯᠠᠯᠲᠠ ᠵᠠᠰᠠᠯᠲᠠ᠎ᠶᠢᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠦᠵᠡᠭᠦᠯᠬᠦ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠪᠦᠬᠦ ᠲᠠᠯ᠎ᠠ ᠪᠠᠷ ᠴᠢᠩᠭᠠᠳᠬᠠᠵᠤ ᠂ ᠬᠠᠷᠢᠭᠤᠴᠠᠯᠭ᠎ᠠ ᠲᠣᠳᠣᠷᠬᠠᠢ᠂ ᠵᠣᠬᠢᠴᠠᠩᠭᠤᠢ ᠡᠮᠬᠢ ᠵᠢᠷᠤᠮ᠎ᠲᠠᠢ᠂ ᠬᠢᠨᠠᠯᠲᠠ ᠬᠠᠮᠢᠶᠠᠷᠤᠯᠲᠠ ᠴᠢᠩᠭ᠎ᠠ᠂ ᠬᠠᠮᠠᠭᠠᠯᠠᠯᠲᠠ ᠬᠦᠴᠦᠲᠡᠢ ᠭᠣᠣᠯ ᠮᠥᠷᠡᠨ ᠨᠠᠭᠤᠷ ᠴᠥᠭᠥᠷᠥᠮ᠎ᠦᠨ ᠬᠠᠮᠠᠭᠠᠯᠠᠯᠲᠠ ᠵᠠᠰᠠᠯᠲᠠ᠎ᠶᠢᠨ ᠲᠣᠭᠲᠠᠴᠠ᠎ᠶᠢ ᠪᠦᠷᠢᠨᠰᠢᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠡᠷᠡᠭᠦᠯ ᠡᠩᠬᠡ ᠠᠮᠢ ᠨᠠᠰᠤ᠎ᠶᠢ ᠬᠠᠮᠠᠭᠠᠯᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠴᠢᠳᠠᠮᠵᠢ᠎ᠶᠢ ᠡᠭᠦᠷᠢᠳᠡ ᠦᠷᠭᠦᠯᠵᠢᠯᠡᠨ ᠠᠰᠢᠭ᠍ᠯᠠᠬᠤ᠎ᠶᠢ ᠪᠡᠶᠡᠯᠡᠭᠦᠯᠵᠦ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠲᠦᠪᠰᠢᠨ᠎ᠢ ᠴᠢᠨᠠᠷ ᠰᠠᠢᠲᠠᠢ ᠬᠥᠭᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠬᠡᠷᠡᠭᠴᠡᠭᠡ᠎ᠳᠦ ᠨᠡᠩ ᠰᠠᠢᠲᠤᠷ ᠵᠣᠬᠢᠴᠠᠭᠤᠯᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠨᠡᠩ ᠰᠠᠢᠲᠤᠷ ᠬᠠᠩᠭᠠᠬᠤ ᠬᠡᠷᠡᠭᠲᠡᠢ᠃
ᠲᠤᠰ ᠤᠳᠠᠭᠠᠨ᠎ᠤ ᠲᠤᠰᠬᠠᠢ ᠰᠡᠳᠦᠪᠲᠦ ᠰᠤᠳᠤᠯᠭᠠᠨ᠎ᠤ ᠠᠩᠭᠢ ᠨᠢ ᠤᠯᠤᠰ ᠲᠥᠷᠥ᠎ᠶᠢᠨ ᠴᠢᠨᠠᠷ ᠂ ᠲᠤᠰᠬᠠᠢ ᠮᠡᠷᠭᠡᠵᠢᠯ᠎ᠦᠨ ᠴᠢᠨᠠᠷ ᠂ ᠬᠠᠨᠳᠤᠯᠭᠠᠲᠤ ᠴᠢᠨᠠᠷ᠎ᠢ ᠳᠣᠪᠣᠶ᠋ᠢᠯᠭᠠᠵᠤ ᠂ ᠬᠢᠴᠢᠶᠡᠯ᠎ᠦᠨ ᠲᠣᠬᠢᠷᠠᠭᠤᠯᠤᠯᠲᠠ ᠨᠢ ᠣᠨᠣᠯ᠎ᠤᠨ ᠥᠨᠳᠥᠷᠴᠡ ᠪᠠ ᠦᠢᠯᠡᠳᠦᠯᠭᠡ᠎ᠶᠢᠨ ᠭᠦᠨᠴᠡ᠎ᠲᠠᠢ ᠪᠠᠢᠵᠤ ᠂ ᠭᠣᠣᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ ᠬᠠᠮᠠᠭᠠᠯᠠᠯᠲᠠ᠎ᠶᠢᠨ ᠦᠢᠯᠡᠳᠦᠯᠭᠡ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ 《 ᠲᠤᠰᠬᠠᠢ ᠰᠡᠳᠦᠪ᠎ᠢᠶᠡᠷ ᠬᠢᠴᠢᠶᠡᠯᠯᠡᠬᠦ + ᠬᠡᠷᠡᠭ᠎ᠦᠨ ᠵᠢᠱ᠌ᠢᠶ᠎ᠡ᠎ᠪᠡᠷ ᠵᠢᠭᠠᠨ ᠰᠤᠷᠭᠠᠬᠤ + ᠰᠣᠯᠢᠯᠴᠠᠭ᠎ᠠ ᠦᠢᠯᠡᠳᠦᠯᠴᠡᠬᠦ + ᠲᠤᠬᠠᠢ᠎ᠶᠢᠨ ᠲᠠᠯᠠᠪᠠᠢ᠎ᠶᠢᠨ ᠵᠢᠭᠠᠨ ᠰᠤᠷᠭᠠᠬᠤ + ᠪᠦᠳᠦᠴᠡᠵᠢᠬᠦᠯᠦᠨ ᠶᠠᠷᠢᠯᠴᠠᠬᠤ 》 ᠵᠠᠭᠪᠤᠷ᠎ᠢ ᠬᠡᠷᠡᠭᠯᠡᠵᠦ᠂ ᠲᠤᠰᠬᠠᠢ ᠣᠷᠣᠨ ᠬᠤᠳᠠ᠎ᠶᠢᠨ ᠱᠠᠲᠤᠨ᠎ᠤ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ 《 ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ 》 ᠵᠢᠨ ᠤᠬᠠᠮᠰᠠᠷ᠎ᠢ ᠴᠢᠨᠠᠭᠰᠢᠳᠠ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠦᠨ ᠵᠠᠩᠭᠢᠯᠠᠭ᠎ᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠮᠤᠷ ᠲᠦᠪᠰᠢᠨ ᠭᠣᠣᠯ ᠮᠥᠷᠡᠨ ᠨᠠᠭᠤᠷ ᠴᠥᠭᠥᠷᠥᠮ᠂ ᠠᠮᠢ ᠨᠠᠰᠤᠨ᠎ᠤ ᠭᠣᠣᠯ ᠮᠥᠷᠡᠨ ᠨᠠᠭᠤᠷ ᠴᠥᠭᠥᠷᠥᠮ᠂ ᠵᠣᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ᠎ᠢ ᠪᠦᠬᠦ ᠲᠠᠯ᠎ᠠ᠎ᠪᠠᠷ ᠪᠦᠲᠦᠭᠡᠨ ᠪᠠᠢᠭᠤᠯᠤᠨ᠎ᠠ᠃ 31 ᠮᠤᠵᠢ ( ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ) ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ 54 ᠲᠤᠰᠬᠠᠢ ᠣᠷᠣᠨ ᠬᠣᠲᠠ᠎ᠶᠢᠨ ᠱᠠᠲᠤᠨ᠎ᠤ ᠨᠠᠮ ᠵᠠᠰᠠᠭ᠎ᠤᠨ ᠬᠠᠷᠢᠭᠤᠴᠠᠯᠭᠠᠲᠠᠨ ᠨᠥᠬᠥᠳ ᠰᠤᠷᠤᠯᠴᠠᠯᠭ᠎ᠠ᠎ᠳᠤ ᠣᠷᠣᠯᠴᠠᠵᠠᠢ᠃